ᠬᠤᠰᠢᠭᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠪᠠᠭ᠎ᠠ ᠳᠤᠭᠤᠶᠢᠯᠠᠩ ᠤᠨ ᠬᠤᠷᠢᠨ ᠳᠦᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-09-14
     9 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠪᠠᠭ᠎ᠠ ᠳᠤᠭᠤᠶᠢᠯᠠᠩ ᠤᠨ ᠬᠤᠷᠢᠨ ᠳᠦᠷᠪᠡᠳᠦᠭᠡᠷ ᠤᠳᠠᠭᠠᠨ ᠤ ᠬᠤᠷᠠᠯ ᠬᠤᠷᠠᠯᠳᠤᠵᠤ ᠡᠯ᠎ᠡ ᠦᠭᠡᠷᠡᠴᠢᠯᠡᠯᠲᠡ ᠶᠢᠨ ᠲᠤᠰᠬᠠᠢ ᠲᠦᠷᠦᠯ ᠤᠨ ᠲᠤᠭᠤᠶᠢᠯᠠᠩ ᠤᠨ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠰᠤᠨᠤᠰᠴᠤ ᠳᠠᠷᠠᠭᠠᠴᠢ ᠶᠢᠨ ᠠᠯᠬᠤᠮ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠠᠵᠢᠯ  ᠤᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠳᠠᠷᠤᠭ᠎ᠠ ᠡᠷᠳᠡᠨᠢᠪᠢᠯᠢᠭ ᠬᠤᠷᠠᠯ ᠢ ᠡᠷᠬᠢᠯᠡᠬᠦ ᠶᠢᠨ ᠬᠠᠮᠲᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠤᠨᠲ ᠤᠨ ᠭᠡᠯᠲᠡᠰ ᠤᠨ ᠳᠠᠷᠤᠭ᠎ᠠ ᠠᠯᠲᠠᠨᠲᠤᠶᠠᠭ᠎ᠠ ᠬᠤᠷᠠᠯ ᠳᠤ ᠰᠠᠭᠠᠲᠠᠵᠤ᠂ ᠬᠤᠰᠢᠭᠤ ᠤᠳᠤᠷᠢᠳᠤᠯᠭ᠎ᠠ ᠪᠠᠶᠠᠠᠴᠢᠮᠡᠭ᠂ ᠶᠠᠩ ᠵᠦᠩ ᠬᠤᠩ ᠵᠢᠴᠢ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃      ᠬᠤᠷᠠᠯ ᠳᠡᠭᠡᠷ᠎ᠡ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠤᠨ ᠠᠬᠢᠴᠠ ᠶᠢᠨ ᠪᠠᠶᠢᠳᠠᠯ ᠢ ᠪᠢᠴᠢᠭ ᠢᠶᠠᠷ ᠮᠡᠳᠡᠭᠲᠡᠪᠡ᠃  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠰᠤᠷᠭᠠᠨ ᠬᠦᠮᠦᠵᠢᠯ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠵᠡᠷᠭᠡ ᠬᠦᠷᠢᠶ᠎ᠡ ᠴᠠᠷᠠᠭᠠᠨ ᠤ ᠲᠤᠰᠬᠠᠢ ᠲᠦᠷᠦᠯ ᠤᠨ ᠲᠤᠭᠤᠶᠢᠯᠠᠩ ᠤᠨ ᠬᠠᠷᠢᠭᠤᠴᠠᠯᠭᠠᠲᠠᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠤᠨ ᠪᠠᠶᠢᠳᠠᠯ ᠤᠨ ᠲᠤᠬᠠᠢ ᠲᠦᠭᠦᠮ ᠮᠡᠳᠡᠭᠦᠯᠦᠯᠲᠡ ᠬᠢᠪᠡ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ ᠦᠭᠡᠷᠡᠴᠢᠯᠡᠯᠲᠡ ᠶᠢᠨ ᠰᠡᠳᠬᠢᠭᠦᠢ ᠪᠠᠷ ᠬᠦᠴᠢᠷᠳᠡᠯ ᠶᠢ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠂ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠦᠵᠡᠯᠲᠡ ᠲᠠᠨᠢᠯᠲᠠ ᠪᠠᠨ ᠬᠦᠨᠵᠡᠭᠡᠶᠢᠷᠡᠭᠦᠯᠦᠨ ᠤᠯᠤᠰ ᠲᠦᠷᠦ ᠶᠢᠨ ᠵᠤᠭᠰᠤᠴᠠ ᠳᠡᠭᠡᠷ᠎ᠡ ᠨᠢᠭᠡᠳᠦᠯᠲᠠᠢ ᠪᠠᠶᠢᠵᠤ᠂ ᠦᠭᠡᠷᠡᠴᠢᠯᠡᠯᠲᠡ ᠶᠢ ᠰᠦᠪᠡᠭᠴᠢᠯᠡᠬᠦ ᠳᠡᠭᠡᠷ᠎ᠡ ᠰᠢᠯᠢᠳᠡᠭ ᠲᠠᠢ ᠬᠠᠷᠢᠴᠠᠭᠤᠯᠤᠨ ᠠᠬᠢᠭᠤᠯᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠤ ᠠᠷᠠᠳ ᠲᠦᠮᠡᠨ ᠢᠶᠠᠷ ᠭᠤᠤᠯ ᠪᠤᠯᠭᠠᠭᠰᠠᠨ ᠠᠵᠢᠯ ᠤᠨ ᠰᠡᠳᠬᠢᠴᠡ ᠶᠢ ᠪᠤᠢ ᠪᠤᠯᠭᠠᠵᠤ᠂ ᠬᠦᠭᠵᠢᠯᠲᠡ ᠶᠢᠨ ᠶᠡᠭᠡ ᠪᠠᠶᠢᠳᠠᠯ ᠳᠤ ᠦᠢᠯᠡᠴᠢᠯᠡᠬᠦ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠠᠴᠠ ᠭᠠᠷᠲᠠᠵᠤ᠂ ᠦᠭᠡᠷᠡᠴᠢᠯᠡᠯᠲᠡ ᠶᠢᠨ ᠰᠡᠳᠬᠢᠴᠡ ᠶᠢ ᠲᠦᠯᠦᠪᠯᠡᠨ᠂ ᠦᠭᠡᠷᠡᠴᠢᠯᠡᠯᠲᠡ ᠶᠢᠨ ᠠᠷᠭ᠎ᠠ ᠪᠤᠳᠤᠯᠭ᠎ᠠ ᠶᠢ ᠲᠤᠭᠲᠠᠭᠠᠵᠤ᠂ ᠦᠭᠡᠷᠡᠴᠢᠯᠡᠯᠡᠲᠡ ᠶᠢᠨ ᠲᠤᠭᠤᠰᠢᠯᠠᠯᠲᠠ ᠶᠢ ᠠᠬᠢᠭᠤᠯᠤᠨ᠂ ᠦᠭᠡᠷᠡᠴᠢᠯᠡᠯᠲᠡ ᠶᠢᠨ ᠠᠰᠢᠭ ᠢ ᠦᠷᠭᠡᠳᠬᠡᠨ᠂ ᠠᠷᠠᠳ ᠲᠦᠮᠡᠨ ᠤ ᠦᠭᠡᠷᠡᠴᠢᠯᠡᠯᠲᠡ ᠶᠢ ᠳᠡᠮᠵᠢᠬᠦ ᠢᠳᠡᠪᠬᠢᠵᠢᠯ ᠢ ᠬᠠᠮᠤᠭ ᠶᠡᠭᠡ ᠬᠡᠮᠵᠢᠶ᠎ᠡ ᠪᠠᠷ ᠳᠠᠶᠢᠴᠢᠯᠠᠨ᠂ ᠠᠷᠠᠳ ᠤᠨ ᠠᠮᠢᠳᠤᠷᠠᠯ  ᠤᠨ ᠵᠠᠩᠭᠢᠯᠠᠭ᠎ᠠ ᠶᠢᠨ ᠭᠡᠰᠡᠭ ᠢ ᠦᠭᠡᠷᠡᠴᠢᠯᠡᠵᠤ᠂ ᠠᠷᠠᠳ ᠲᠤ ᠬᠠᠨᠤᠮᠵᠢᠲᠠᠢ ᠪᠠᠷ ᠦᠭᠡᠷᠡᠴᠢᠯᠡᠨ᠂  ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠳᠬᠡᠵᠤ᠂ ᠦᠭᠡᠷᠡᠴᠢᠯᠡᠯᠲᠡ ᠪᠠᠷ ᠠᠵᠢᠯ ᠢ ᠠᠬᠢᠭᠤᠯᠬᠤ ᠬᠡᠷᠡᠭᠲᠡᠢ᠃ ᠠᠵᠢᠯ  ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠦᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠬᠦᠭᠵᠢᠯᠲᠡ ᠶᠢ ᠠᠬᠢᠭᠤᠯᠬᠤ ᠬᠡᠷᠡᠭᠲᠡᠢ᠃ ︽ᠨᠢᠭᠡᠳᠦᠭᠡᠷ ᠭᠠᠷ︾ ᠤᠨ ᠬᠠᠷᠢᠭᠤᠴᠠᠯᠭ᠎ᠠ ᠶᠢᠨ ᠲᠦᠷᠢᠮ ᠢ ᠪᠠᠷᠢᠮᠲᠠᠯᠠᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠦᠭᠡᠷᠡᠴᠢᠯᠡᠯᠲᠡ ᠶᠢ ᠠᠳᠬᠤᠬᠤ ᠪᠠᠷ《 ᠳᠦᠷᠪᠡᠨ ᠦᠵᠡᠯ ᠤᠬᠠᠮᠰᠠᠷ》 ᠢ ᠦᠢᠯᠡᠳᠦᠯᠭᠡᠵᠢᠬᠦᠯᠬᠦ᠂《 ᠬᠤᠶᠠᠷ ᠢ ᠡᠷᠡᠰ ᠬᠠᠮᠠᠭᠠᠯᠠᠬᠤ 》 ᠶᠢ ᠦᠢᠯᠡᠳᠦᠯᠭᠡᠵᠢᠬᠦᠯᠬᠦ᠂ ᠪᠤᠳᠠᠳᠠᠢ ᠠᠵᠢᠯᠯᠠᠭ᠎ᠠ ᠪᠠᠷ ᠪᠠᠨ ᠨᠠᠮ ᠪᠤᠯᠤᠨ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ ᠶᠢ ᠢᠯᠡᠷᠡᠬᠦᠯᠬᠦ ᠬᠡᠷᠡᠭᠲᠡᠢ᠃ ᠪᠤᠳᠤᠯ ᠰᠡᠳᠬᠢᠯ ᠢᠶᠠᠨ ᠠᠵᠢᠯ ᠶᠠᠪᠤᠳᠠᠯ ᠢ ᠬᠢᠬᠦ ᠳᠡᠭᠡᠷ᠎ᠡ ᠲᠦᠪᠯᠡᠷᠡᠭᠦᠯᠵᠤ᠂ ᠤᠳᠠᠭᠠᠨ ᠳᠠᠭᠠᠭᠠᠮᠠᠭᠠᠢ᠂ ᠬᠠᠳᠠᠭᠤᠵᠢᠯᠲᠠᠢ ᠲᠡᠮᠡᠴᠡᠬᠦ ᠵᠤᠷᠢᠭ ᠰᠠᠨᠠᠭ᠎ᠠ ᠪᠠᠷ ᠲᠤᠭᠤᠰᠢᠯᠠᠯᠲᠠ ᠶᠢ ᠠᠳᠬᠤᠵᠤ᠂ ᠪᠦᠬᠦ ᠬᠤᠰᠢᠭᠤᠨ ᠳᠤ ᠬᠠᠮᠲᠦ  ᠪᠠᠷ ᠢᠶᠠᠨ ᠦᠭᠡᠷᠡᠴᠢᠯᠡᠯᠲᠡ ᠬᠦᠭᠵᠢᠯᠲᠡ ᠶᠢ ᠠᠬᠢᠭᠤᠯᠤᠭᠰᠠᠨ ᠤᠷᠴᠢᠨ ᠠᠬᠤᠢ ᠶᠢ ᠪᠤᠢ ᠪᠤᠯᠭᠠᠨ᠂ ᠰᠢᠨ᠎ᠡ ᠴᠠᠭ ᠦᠶ᠎ᠡ ᠳᠠᠬᠢ ᠨᠤᠮᠢᠨ ᠲᠠᠩᠰᠤᠭ ᠦᠦᠰᠢᠨ ᠤ ᠨᠤᠮᠢᠨ ᠲᠠᠩᠰᠤᠭ ᠬᠦᠭᠵᠢᠯᠲᠡ ᠶᠢ ᠪᠡᠶᠡᠯᠡᠬᠦᠯᠬᠦ ᠳᠤ ᠬᠦᠳᠡᠯᠭᠡᠭᠴᠢ ᠬᠦᠴᠦᠨ᠂ ᠠᠮᠢᠵᠢᠷᠠᠯ ᠤᠨ ᠬᠦᠴᠦᠨ ᠬᠠᠩᠭᠠᠬᠤ ᠬᠡᠷᠡᠭᠲᠡᠢ ᠬᠡᠪᠡ᠃      ᠬᠤᠷᠠᠯ ᠠᠴᠠ ᠪᠠᠰᠠ《ᠬᠤᠲᠠ ᠠᠴᠠ ᠦᠦᠰᠢᠨ ᠬᠤᠰᠢᠭᠤᠨ ᠤ 2018 ᠤᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠢ ᠬᠢᠨᠠᠨ ᠰᠢᠯᠭᠠᠬᠤ ᠨᠠᠷᠢᠨ ᠲᠦᠷᠢᠮ ᠳᠠᠬᠢ ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭ》ᠪᠤᠯᠤᠨ《2018 ᠤᠨ ᠤ ᠦᠦᠰᠢᠨ ᠬᠤᠰᠢᠭᠤᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠢ ᠬᠢᠨᠠᠨ ᠰᠢᠯᠭᠠᠬᠤ ᠨᠠᠷᠢᠨ ᠳᠦᠷᠢᠮ》 ᠢ ᠬᠢᠨᠠᠨ ᠵᠦᠪᠯᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号