ᠰᠢ ᠶᠢᠨ ᠫᠢᠩ ᠲᠦᠷᠪᠡᠳᠦᠭᠡᠷ ᠬᠤᠭᠤᠴᠠᠭᠠᠨ ᠤ ᠲᠤᠷᠤᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠬᠦᠳᠠ ᠬᠤᠷᠠᠯ ᠳᠤ ᠤᠷᠤᠯᠴᠠᠵᠤ ᠪᠠᠶᠠᠷ ᠤᠨ ᠦᠭᠡ ᠭᠡᠯᠡᠪᠡ
ᠨᠡᠶᠢᠲᠡᠯᠡᠭᠰᠡᠨ ᠴᠠᠭ᠄
2018-09-14
     ᠲᠡᠦᠭᠡ ᠶᠢᠨ ᠠᠵᠠ ᠲᠤᠬᠢᠶᠠᠯ ᠢ ᠠᠳᠬᠤᠵᠦ ᠴᠠᠭ ᠦᠶ᠎ᠠ ᠶᠢᠨ ᠤᠷᠤᠰᠬᠠᠯ ᠳᠤ ᠵᠤᠬᠢᠴᠠᠨ ᠠᠯᠤᠰ ᠲᠤᠷᠤᠨᠠᠳᠦ ᠪᠠ ᠵᠡᠬᠦᠨ ᠬᠤᠶᠢᠳᠦ ᠠᠽᠢᠶ᠎ᠠ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠤᠨ ᠴᠤᠬᠴᠠᠯᠠᠶ᠎ᠠ ᠭᠡᠵᠦ ᠴᠢᠬᠤᠯᠠᠴᠢᠯᠠᠪᠠ      9 ᠰᠠᠷ᠎ᠠ ᠶᠢᠨ 12 ᠤᠨ ᠡᠳᠦᠷ᠂ ᠲᠦᠷᠪᠡᠳᠦᠭᠡᠷ ᠬᠤᠭᠤᠴᠠᠭᠠᠨ ᠤ ᠲᠤᠷᠤᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠬᠦᠳᠠ ᠬᠤᠷᠠᠯ ᠸᠯᠠᠳᠢᠸᠥᠰᠲ᠋ᠤᠺ ᠲᠤ ᠶᠠᠪᠤᠭᠳᠠᠪᠠ᠃ ᠳᠤᠮᠳᠠᠳᠤ ᠤᠯᠤᠰ ᠤᠨ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠤ ᠶᠢᠨ ᠬᠠᠮᠲᠤ ︽ᠠᠯᠤᠰ ᠲᠤᠷᠤᠨᠠᠳᠦ ᠶᠢᠨ ᠬᠦᠭᠵᠢᠯᠳᠠ ᠶᠢᠨ ᠰᠢᠨ᠎ᠠ ᠠᠵᠠ ᠲᠤᠬᠢᠶᠠᠯ ᠢ ᠬᠠᠮᠳᠤ ᠪᠠᠷ ᠡᠳ᠋ᠯᠡᠵᠦ ᠵᠡᠬᠦᠨ ᠬᠤᠶᠢᠳᠦ ᠠᠽᠢᠶ᠎ᠠ ᠶᠢᠨ ᠰᠠᠶᠢᠨ ᠰᠠᠶᠢᠬᠠᠨ ᠰᠢᠨ᠎ᠠ ᠢᠷᠡᠭᠡᠳᠦᠢ ᠶᠢ ᠴᠤᠭᠴᠠᠯᠠᠰᠤᠭᠠᠢ︾ ᠭᠡᠬᠦ ᠰᠡᠳᠦᠪ ᠢᠶᠠᠷ ᠪᠠᠶᠠᠷ ᠤᠨ ᠦᠭᠡ ᠭᠡᠯᠡᠪᠡ᠃
              ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ      ᠰᠢᠨᠬᠤᠸᠠ ᠬᠤᠷᠢᠶᠠᠨ ᠤ ᠸᠯᠠᠳᠢᠸᠥᠰᠲ᠋ᠤᠺ ᠤᠨ 9 ᠰᠠᠷ᠎ᠠ ᠶᠢᠨ 12 ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠴᠧᠨ ᡁᠢ ᠯᠢ ᠵᠢᠶᠠᠨ ᠮᠢᠨ ᠮᠢᠦ ᠰᠢᠶᠤᠤ ᠵᠢᠤᠸᠠᠨ︶ ᠲᠦᠷᠪᠡᠳᠦᠭᠡᠷ ᠬᠤᠭᠤᠴᠠᠭᠠᠨ ᠤ ᠲᠤᠷᠤᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠬᠦᠳᠠ ᠬᠤᠷᠠᠯ 12 ᠤᠨ ᠡᠳᠦᠷ ᠸᠯᠠᠳᠢᠸᠥᠰᠲ᠋ᠤᠺ ᠲᠤ ᠶᠠᠪᠤᠭᠳᠠᠪᠠ᠃ ᠳᠤᠮᠳᠠᠳᠤ ᠤᠯᠤᠰ ᠤᠨ ᠤᠯᠤᠰ ᠤᠨ ᠲᠡᠷᠢᠬᠦᠯᠡᠭᠴᠢ ᠰᠢ ᠶᠢᠨ ᠫᠢᠩ᠂ ᠤᠷᠤᠰ ᠤᠨ ᠶᠡᠷᠦᠩᠭᠡᠶᠢᠯᠡᠭᠴᠢ ᠫᠦᠲ᠋ᠢᠨ᠂ ᠮᠤᠩᠭᠤᠯ ᠤᠯᠤᠰ ᠤᠨ ᠶᠡᠷᠦᠩᠭᠡᠶᠢᠯᠡᠭᠴᠢ ᠪᠠᠳᠤᠳᠤᠯᠭ᠎ᠠ᠂ ᠶᠠᠫᠤᠨ ᠤ ᠲᠡᠷᠢᠬᠦᠨ ᠰᠠᠶᠢᠳ ᠠᠪᠧ ᠰᠢᠨᠽᠤᠣ᠋᠂ ᠺᠤᠷᠢᠶᠠ ᠶᠢᠨ ᠶᠡᠷᠦᠩᠭᠡᠢ ᠰᠠᠶᠢᠳ ᠯᠢ ᠯᠦᠸᠧ ᠶᠤᠸᠠᠨ ᠨᠠᠷ ᠤᠷᠤᠯᠴᠠᠵᠠᠢ᠃      ᠰᠢ ᠶᠢᠨ ᠫᠢᠩ ︽ᠠᠯᠤᠰ ᠲᠤᠷᠤᠨᠠᠳᠦ ᠶᠢᠨ ᠬᠦᠭᠵᠢᠯᠳᠠ ᠶᠢᠨ ᠰᠢᠨ᠎ᠠ ᠠᠵᠠ ᠲᠤᠬᠢᠶᠠᠯ ᠢ ᠬᠠᠮᠳᠤ ᠪᠠᠷ ᠡᠳ᠋ᠯᠡᠵᠦ ᠵᠡᠬᠦᠨ ᠬᠤᠶᠢᠳᠦ ᠠᠽᠢᠶ᠎ᠠ ᠶᠢᠨ ᠰᠠᠶᠢᠨ ᠰᠠᠶᠢᠬᠠᠨ ᠰᠢᠨ᠎ᠠ ᠢᠷᠡᠭᠡᠳᠦᠢ ᠶᠢ ᠴᠤᠭᠴᠠᠯᠠᠰᠤᠭᠠᠢ︾ ᠭᠡᠬᠦ ᠰᠡᠳᠦᠪ ᠢᠶᠠᠷ ᠪᠠᠶᠠᠷ ᠤᠨ ᠦᠭᠡ ᠭᠡᠯᠡᠵᠦ᠂ ᠳᠤᠮᠳᠠᠳᠤ ᠶᠢᠨ ᠲᠠᠯ᠎ᠠ ᠳᠤᠷᠠᠳᠠᠶ᠎ᠠ ᠭᠠᠵᠠᠷ ᠤᠷᠤᠨ ᠤ ᠤᠯᠤᠰ ᠤᠳ ᠲᠠᠢ ᠬᠠᠮᠳᠦ ᠪᠠᠷ ᠭᠠᠵᠠᠷ ᠤᠷᠤᠨ ᠤ ᠡᠩᠭᠡ ᠲᠠᠶᠢᠪᠤᠩ ᠠᠮᠤᠷ ᠲᠤᠭᠳᠠᠭᠤᠨ ᠢ ᠬᠠᠮᠠᠭᠠᠯᠠᠵᠦ᠂ ᠡᠯ᠎ᠠ ᠤᠯᠤᠰ ᠯᠤᠭ᠎ᠠ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ ᠶᠢ ᠪᠡᠶᠡᠯᠡᠬᠦᠯᠵᠦ᠂ ᠠᠷᠠᠳ ᠲᠦᠮᠡᠨ ᠤ ᠤᠯᠠᠮᠵᠢᠯᠠᠯᠳᠦ ᠨᠦᠬᠦᠷᠯᠡᠯ ᠢ ᠪᠠᠳᠤᠳᠬᠠᠵᠦ᠂ ᠶᠡᠷᠦᠩᠭᠡᠶᠢᠯᠡᠭᠰᠡᠨ ᠵᠤᠬᠢᠴᠠᠩᠭᠤᠢ ᠬᠦᠭᠵᠢᠯᠳᠠ ᠶᠢ ᠪᠡᠶᠡᠯᠡᠬᠦᠯᠵᠦ᠂ ᠭᠠᠵᠠᠷ ᠤᠷᠤᠨ ᠤ ᠡᠩᠭᠡ ᠲᠠᠶᠢᠪᠤᠩ ᠲᠤᠭᠳᠠᠭᠤᠨ ᠪᠠ ᠬᠦᠭᠵᠢᠯ ᠴᠡᠴᠡᠭᠯᠡᠯ ᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠶᠡᠷᠦᠩᠭᠡᠶᠢᠯᠡᠭᠴᠢ ᠫᠦᠲ᠋ᠢᠨ ᠤ ᠰᠠᠨᠠᠭᠠᠴᠢᠯᠠᠭ᠎ᠠ ᠪᠠᠷ᠂ ᠳᠤᠷᠤᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠨᠢᠭᠡᠨᠳᠡ 3 ᠬᠤᠭᠤᠴᠠᠭ᠎ᠠ ᠠᠮᠵᠢᠯᠳᠠ ᠲᠠᠢ ᠶᠠᠪᠤᠭᠳᠠᠵᠦ᠂ ᠡᠯ᠎ᠠ ᠲᠠᠯ᠎ᠠ ᠶᠢᠨ ᠬᠢᠨ ᠤ ᠤᠶᠤᠨ ᠪᠢᠯᠢᠭ ᠢᠶᠠᠨ ᠨᠢᠬᠳᠠᠷᠠᠭᠤᠯᠵᠤ᠂ ᠬᠠᠮᠳᠤᠷᠠᠯᠴᠠᠭ᠎ᠠ ᠶᠢ ᠬᠠᠮᠳᠤ ᠪᠠᠷ ᠵᠦᠪᠳᠡᠯᠴᠡᠬᠦ ᠴᠢᠬᠤᠯᠠ ᠲᠠᠪᠴᠠᠩ ᠪᠤᠯᠵᠠᠢ᠃ ᠳᠤᠮᠳᠠᠳᠤ ᠤᠯᠤᠰ ᠶᠡᠷᠦᠨᠢ ᠤᠷᠤᠰ ᠤᠨ ᠠᠯᠤᠰ ᠲᠤᠷᠤᠨᠠᠳᠦ ᠶᠢᠨ ᠬᠠᠮᠳᠤᠷᠠᠯᠴᠠᠭᠠᠨ ᠤ ᠢᠳᠡᠪᠬᠢᠳᠠᠢ ᠳᠡᠮᠵᠢᠭᠴᠢ ᠪᠠ ᠤᠷᠤᠯᠴᠠᠬᠴᠢ ᠪᠤᠯᠤᠭᠰᠠᠭᠠᠷ ᠢᠷᠡᠵᠡᠢ᠃ ᠬᠤᠶᠠᠷ ᠲᠠᠯ᠎ᠠ ᠶᠢᠨ ᠬᠠᠮᠳᠤᠷᠠᠯᠴᠠᠭᠠᠨ ᠤ ᠭᠠᠵᠠᠷ ᠤᠷᠤᠨ ᠤ ᠲᠠᠪᠠᠭᠤᠯᠢᠭ ᠦᠪᠡᠷᠮᠢᠴᠡ᠂ ᠤᠯᠤᠰ ᠲᠦᠷᠦ ᠶᠢᠨ ᠰᠠᠭᠤᠷᠢ ᠪᠠᠳᠤ ᠪᠠᠬᠢ᠂ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠡᠷᠴᠢᠮᠳᠠᠢ᠂ ᠳᠤᠭᠳᠠᠴᠠ ᠪᠦᠷᠢᠨ ᠲᠡᠭᠦᠯᠳᠡᠷ ᠦᠨᠳᠦᠷ ᠪᠦᠲᠦᠮᠵᠢᠳᠠᠢ ᠪᠢᠯᠡ᠃ ᠬᠤᠶᠠᠷ ᠲᠠᠯ᠎ᠠ ᠶᠢᠨ ᠬᠠᠮᠳᠦ ᠶᠢᠨ ᠴᠢᠷᠮᠠᠶᠢᠯᠭ᠎ᠠ ᠪᠠᠷ ᠂ ᠤᠶᠢᠷ᠎ᠠ ᠶᠢᠨ ᠵᠢᠯ ᠳᠤ᠂ ᠳᠤᠮᠳᠠᠳᠤ ᠶᠢᠨ ᠲᠠᠯ᠎ᠠ ᠶᠢᠨ ᠤᠷᠤᠰ ᠤᠨ ᠠᠯᠤᠰ ᠳᠤᠷᠤᠨᠠᠳᠤ ᠶᠢᠨ ᠬᠠᠮᠳᠤᠷᠠᠯᠴᠠᠭᠠᠨ ᠳᠤ ᠤᠷᠤᠯᠴᠠᠭᠰᠠᠨ ᠦᠷ᠎ᠠ ᠪᠦᠲᠦᠭᠡᠯ ᠮᠠᠰᠢ ᠲᠤᠪᠤᠶᠢᠮ᠎ᠠ ᠪᠠᠶᠢᠯ᠎ᠠ᠃ ᠡᠨᠡ ᠵᠢᠯ ᠪᠠ ᠳᠠᠷᠠᠭ᠎ᠠ ᠵᠢᠯ ᠪᠤᠯ ᠮᠢᠨᠤ ᠶᠡᠷᠦᠩᠬᠡᠶᠢᠯᠡᠭᠴᠢ ᠫᠦᠲ᠋ᠢᠨ ᠲᠠᠢ ᠬᠠᠮᠳᠦ ᠪᠠᠷ ᠲᠤᠭᠳᠠᠭᠠᠭᠰᠠᠨ ᠳᠤᠮᠳᠠᠳᠤ ᠤᠷᠤᠰ ᠤᠨ ᠤᠷᠤᠨ ᠨᠤᠲᠤᠭ ᠤᠨ ᠬᠠᠮᠳᠤᠷᠠᠯᠴᠠᠭ᠎ᠠ ᠰᠤᠯᠢᠯᠴᠠᠭᠠᠨ ᠤ ᠤᠨ ᠪᠠᠶᠢᠵᠤ᠂ ᠬᠤᠶᠠᠷ ᠲᠠᠯ᠎ᠠ ᠶᠢᠨ ᠠᠯᠤᠰ ᠳᠤᠷᠤᠨᠠᠳᠤ ᠶᠢᠨ ᠬᠠᠮᠳᠤᠷᠠᠯᠴᠠᠭ᠎ᠠ ᠳᠤ ᠨᠡᠩ ᠦᠷᠭᠡᠨ ᠠᠭᠤᠳᠠᠮ ᠤᠷᠤᠨ ᠵᠠᠢ ᠨᠡᠭᠡᠭᠡᠬᠦ ᠪᠤᠯᠤᠨ᠎ᠠ᠃ ᠳᠤᠮᠳᠠᠳᠤ ᠶᠢᠨ ᠲᠠᠯ᠎ᠠ ᠳᠤᠷᠠᠳᠠᠶ᠎ᠠ ᠤᠷᠤᠰ ᠤᠨ ᠲᠠᠯ᠎ᠠ ᠶᠢᠨ ᠬᠢᠨ ᠲᠠᠢ ᠬᠠᠮᠳᠦ ᠪᠠᠷ ᠴᠢᠷᠮᠠᠶᠢᠵᠤ ᠪᠠᠶᠢᠭᠠᠳ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠠᠷᠢᠯᠴᠠᠨ ᠠᠰᠢᠭᠳᠠᠢ ᠬᠠᠮᠳᠦ ᠪᠠᠷ ᠠᠰᠢᠭ ᠬᠦᠷᠳᠡᠵᠤ᠂ ᠳᠤᠮᠳᠠᠳᠤ ᠤᠷᠤᠰ ᠤᠨ ᠠᠯᠤᠰ ᠳᠤᠷᠤᠨᠠᠳᠤ ᠶᠢᠨ ᠬᠠᠮᠳᠤᠷᠠᠯᠴᠠᠭ᠎ᠠ ᠨᠡᠩ ᠤᠯᠠᠨ ᠦᠷ᠎ᠠ ᠪᠦᠲᠦᠭᠡᠯ ᠤᠯᠬᠤ ᠶᠢ ᠠᠬᠢᠭᠤᠯᠤᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠰᠢᠨ᠎ᠠ ᠪᠠᠶᠢᠳᠠᠯ ᠳᠤᠤᠷ᠎ᠠ ᠪᠢᠳᠡ ᠭᠠᠷ ᠬᠤᠯᠪᠤᠨ ᠮᠦᠷᠦ ᠵᠡᠷᠭᠡᠴᠡᠵᠤ᠂ ᠬᠠᠮᠳᠤᠷᠠᠯᠴᠠᠭ᠎ᠠ ᠪᠠᠨ ᠴᠢᠩᠭᠠᠳᠬᠠᠶ᠎ᠠ ᠭᠡᠵᠤ ᠴᠢᠬᠤᠯᠠᠴᠢᠯᠠᠵᠠᠢ᠃      ᠨᠢᠭᠡᠳᠦᠭᠡᠷ ᠲᠤ᠂ ᠢᠳᠡᠭᠡᠯᠴᠡᠭᠡ ᠪᠠᠨ ᠴᠢᠩᠭᠠᠳᠬᠠᠵᠤ᠂ ᠭᠠᠵᠠᠷ ᠤᠷᠤᠨ ᠤ ᠡᠩᠬᠡ ᠲᠠᠶᠢᠪᠤᠩ ᠠᠮᠤᠷ ᠲᠤᠭᠳᠠᠭᠤᠨ ᠢ ᠬᠠᠮᠠᠭᠠᠯᠠᠶ᠎ᠠ᠃ ᠡᠶ᠎ᠡ ᠨᠠᠶᠢᠷᠰᠠᠭ᠂ ᠬᠠᠷᠢᠯᠴᠠᠨ ᠢᠳᠡᠭᠡᠯᠴᠡᠭᠰᠡᠨ᠂ ᠪᠦᠯᠬᠦᠮᠳᠡᠯ ᠲᠠᠢ᠂ ᠠᠮᠤᠷ ᠲᠤᠭᠳᠠᠭᠤᠨ ᠵᠡᠭᠦᠨ ᠬᠤᠶᠢᠳᠤ ᠠᠽᠢᠶ᠎ᠠ ᠨᠢ ᠡᠯ᠎ᠠ ᠤᠯᠤᠰ ᠤᠨ ᠠᠰᠢᠭ ᠲᠤᠰᠠ ᠪᠤᠯᠤᠨ ᠳᠡᠯᠡᠬᠡᠢ ᠨᠡᠶᠢᠳᠡ ᠶᠢᠨ ᠬᠦᠰᠡᠯ ᠡᠷᠡᠮᠡᠯᠵᠡᠯ ᠳᠤ ᠨᠡᠶᠢᠴᠡᠨ᠎ᠠ᠃ ᠳᠤᠮᠳᠠᠳᠤ ᠶᠢᠨ ᠲᠠᠯ᠎ᠠ ᠢᠮᠠᠭᠳᠠ ᠡᠶ᠎ᠡ ᠡᠪᠳᠠᠢ ᠨᠦᠬᠦᠷᠰᠡᠭ ᠬᠦᠷᠰᠢ ᠤᠷᠴᠢᠨ ᠠᠬᠤᠢ ᠶᠢ ᠴᠢᠷᠮᠠᠶᠢᠨ ᠪᠠᠶᠢᠭᠤᠯᠵᠤ᠂ ᠪᠦᠲᠦᠭᠡᠯᠴᠢ ᠴᠢᠨᠠᠷ ᠲᠠᠢ ᠤᠪᠤᠷ ᠢᠶᠠᠷ ᠭᠠᠵᠠᠷ ᠤᠷᠤᠨ ᠤ ᠬᠠᠮᠳᠤᠷᠠᠯᠴᠠᠭ᠎ᠠ ᠳᠤ ᠤᠷᠤᠯᠴᠠᠵᠤ᠂ ᠭᠠᠵᠠᠷ ᠤᠷᠤᠨ ᠤ ᠡᠯ᠎ᠠ ᠤᠯᠤᠰ ᠤᠨ ᠰᠤᠯᠢᠯᠴᠠᠭ᠎ᠠ ᠶᠠᠷᠢᠯᠴᠠᠭ᠎ᠠ ᠶᠢ ᠠᠬᠢᠭᠤᠯᠬᠤ ᠪᠠᠷ ᠴᠢᠷᠮᠠᠶᠢᠵᠤ᠂ ᠳᠤᠷᠠᠳᠠᠶ᠎ᠠ ᠡᠯ᠎ᠠ ᠲᠠᠯ᠎ᠠ ᠶᠢᠨ ᠬᠢᠨ ᠲᠠᠢ ᠬᠠᠮᠳᠦ ᠪᠠᠷ᠂ ᠵᠡᠭᠦᠨ ᠬᠤᠶᠢᠳᠤ ᠠᠽᠢᠶ᠎ᠠ ᠶᠢᠨ ᠦᠨᠢᠳᠡ ᠶᠢᠨ ᠡᠩᠬᠡ ᠲᠠᠶᠢᠪᠤᠩ ᠠᠮᠤᠷ ᠲᠤᠭᠳᠠᠭᠤᠨ ᠢ ᠬᠠᠮᠠᠭᠠᠯᠠᠬᠤ ᠪᠦᠲᠦᠮᠵᠢᠳᠠᠢ ᠠᠷᠭ᠎ᠠ ᠵᠠᠮ ᠢ ᠰᠦᠪᠡᠭᠴᠢᠯᠡᠵᠤ᠂ ᠲᠤᠰ ᠭᠠᠵᠠᠷ ᠤᠷᠤᠨ ᠤ ᠪᠠᠨ ᠡᠩᠬᠡ ᠲᠠᠶᠢᠪᠤᠩ᠂ ᠲᠤᠭᠳᠠᠭᠤᠨ ᠪᠤᠯᠤᠨ ᠬᠦᠭᠵᠢᠯᠳᠡ ᠶᠢ ᠪᠡᠶᠡᠯᠡᠭᠦᠯᠬᠦ ᠪᠠᠷ ᠴᠦᠬᠦᠷᠡᠰᠢ ᠦᠭᠡᠢ ᠴᠢᠷᠮᠠᠶᠢᠨ᠎ᠠ᠃      ᠬᠤᠶᠠᠳᠤᠭᠠᠷ ᠲᠤ᠂ ᠬᠠᠮᠳᠤᠷᠠᠯᠴᠠᠭ᠎ᠠ ᠪᠠᠨ ᠭᠦᠨᠵᠡᠭᠡᠶᠢᠷᠡᠭᠦᠯᠵᠤ᠂ ᠡᠯ᠎ᠠ ᠤᠯᠤᠰ ᠤᠨ ᠬᠠᠷᠢᠯᠴᠠᠨ ᠠᠰᠢᠭᠲᠠᠢ ᠬᠠᠮᠳᠤ ᠪᠠᠷ ᠠᠰᠢᠭ ᠬᠦᠷᠳᠡᠬᠦ ᠶᠢ ᠪᠡᠶᠡᠯᠡᠭᠦᠯᠦᠶ᠎ᠠ᠃ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠶᠢ ᠢᠳᠡᠪᠬᠢᠳᠠᠢ ᠦᠷᠨᠢᠭᠦᠯᠵᠤ᠂ ᠲᠦᠷᠦ ᠶᠢᠨ ᠪᠤᠳᠤᠯᠭ᠎ᠠ ᠶᠢᠨ ᠤᠯᠤᠯᠴᠠᠭ᠎ᠠ ᠪᠠ ᠵᠤᠬᠢᠴᠠᠭᠤᠯᠭ᠎ᠠ ᠪᠠᠨ ᠴᠢᠩᠭᠠᠳᠬᠠᠵᠤ᠂ ᠬᠠᠮᠳᠤᠷᠠᠯᠴᠠᠭᠠᠨ ᠤ ᠶᠡᠭᠡ ᠴᠢᠭᠯᠡᠯ ᠢ ᠡᠵᠡᠮᠳᠡᠶ᠎ᠠ︔ ᠬᠢᠯᠢ ᠠᠯᠤᠰᠯᠠᠭᠰᠠᠨ ᠰᠠᠭᠤᠷᠢ ᠲᠦᠬᠦᠭᠡᠷᠤᠮᠵᠢ ᠶᠢᠨ ᠬᠤᠯᠪᠤᠯᠳᠤᠨ ᠨᠡᠪᠳᠡᠷᠡᠯᠴᠡᠬᠦ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢᠨ ᠴᠢᠯᠦᠭᠡᠵᠢᠯᠳᠡ ᠳᠦᠭᠦᠮᠵᠢᠯᠳᠠ ᠶᠢᠨ ᠲᠦᠪᠰᠢᠨ ᠢ ᠭᠤᠤᠯᠳᠠᠯᠭ᠎ᠠ ᠲᠠᠢ ᠳᠡᠭᠡᠭᠰᠢᠯᠡᠭᠦᠯᠵᠤ᠂ ᠨᠡᠬᠡᠬᠡᠯᠳᠡᠳᠤ ᠮᠠᠶ᠋ᠢᠭ ᠤᠨ ᠤᠷᠤᠨ ᠪᠦᠰᠡ ᠶᠢᠨ ᠠᠵᠤ ᠠᠬᠤᠢ ᠶᠢ ᠬᠠᠮᠳᠦ ᠪᠠᠷ ᠪᠦᠲᠦᠭᠡᠨ ᠪᠠᠶᠢᠭᠤᠯᠤᠶ᠎ᠠ︔ ᠪᠠᠭ᠎ᠠ ᠬᠡᠪᠴᠢᠶᠠᠨ ᠤ ᠤᠯᠠᠠ ᠲᠠᠯᠠᠳᠤ ᠬᠠᠮᠳᠤᠷᠠᠯᠴᠠᠭ᠎ᠠ᠂ ᠳᠡᠳ᠋ ᠤᠷᠤᠨ ᠪᠦᠰᠡ ᠶᠢᠨ ᠬᠠᠮᠳᠤᠷᠠᠯᠴᠠᠭ᠎ᠠ ᠶᠢ ᠶᠡᠭᠡ ᠪᠠᠷ ᠠᠬᠢᠭᠤᠯᠵᠤ᠂ ᠨᠡᠩ ᠤᠯᠠᠨ ᠪᠤᠳᠠᠳᠠᠢ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠭᠠᠵᠠᠷ ᠤᠷᠤᠨ ᠤ ᠠᠷᠠᠳ ᠲᠦᠮᠡᠨ ᠳᠤ ᠨᠡᠩ ᠤᠯᠠᠨ ᠠᠰᠢᠭ ᠬᠦᠷᠳᠡᠭᠡᠶ᠎ᠠ᠃      ᠭᠤᠷᠪᠠᠳᠤᠭᠠᠷ ᠲᠤ᠂ ᠬᠠᠷᠢᠯᠴᠠᠨ ᠰᠤᠷᠤᠯᠴᠠᠵᠦ ᠬᠠᠷᠢᠯᠴᠠᠨ ᠳᠤᠯᠢ ᠪᠤᠯᠭᠠᠵᠦ᠂ ᠠᠷᠠᠳ ᠲᠦᠮᠡᠨ ᠤ ᠤᠯᠠᠮᠵᠢᠯᠠᠯᠳᠦ ᠨᠦᠬᠦᠷᠯᠡᠯ ᠢ ᠪᠠᠬᠢᠵᠢᠬᠦᠯᠤᠶ᠎ᠠ᠃ ᠰᠤᠯᠢᠯᠴᠠᠭᠠᠨ ᠤ ᠠᠷᠭ᠎ᠠ ᠵᠠᠮ ᠢᠶᠠᠨ ᠦᠷᠭᠡᠳᠭᠡᠵᠦ᠂ ᠬᠠᠮᠲᠤᠷᠠᠯᠴᠠᠭᠠᠨ ᠤ ᠬᠡᠯᠪᠡᠷᠢ ᠶᠢᠨ ᠰᠢᠨ᠎ᠠ ᠶᠢ ᠡᠭᠦᠳᠴᠦ᠂ ᠡᠯ᠎ᠠ ᠤᠯᠤᠰ ᠤᠨ᠂ ᠡᠯ᠎ᠠ ᠨᠠᠰᠤᠨ ᠤ ᠠᠷᠠᠳ ᠤᠯᠠᠨ ᠤ ᠰᠤᠯᠢᠯᠴᠠᠭ᠎ᠠ ᠦᠷᠨᠢᠬᠦᠯᠬᠦ ᠳᠤ ᠳᠦᠭᠦᠮ ᠳᠦᠲᠡ ᠨᠦᠬᠦᠴᠡᠯ ᠬᠠᠩᠭᠠᠵᠤ᠂ ᠲᠠᠪᠴᠠᠩ ᠡᠭᠦᠳᠴᠤ ᠦᠭᠭᠦ ᠪᠠᠷ ᠴᠢᠷᠮᠠᠶᠢᠵᠠᠭᠠᠶ᠎ᠠ᠃      ᠳᠦᠷᠪᠡᠳᠦᠬᠡᠷ ᠲᠤ᠂ ᠠᠯᠤᠰ ᠤᠨ ᠬᠠᠷᠠᠭᠠᠰᠤ ᠠᠴᠠ᠂ ᠶᠡᠷᠦᠩᠬᠡᠶᠢᠯᠡᠭᠰᠡᠨ ᠵᠤᠬᠢᠴᠠᠩᠭᠤᠢ ᠬᠦᠭᠵᠢᠯᠲᠡ ᠶᠢ ᠪᠠᠶᠠᠯᠠᠬᠦᠯᠦᠶ᠎ᠠ᠃ ᠵᠡᠭᠦᠨ ᠬᠤᠶᠢᠳᠦ ᠠᠽᠢᠶ᠎ᠠ ᠶᠢᠨ ᠭᠠᠵᠠᠷ ᠤᠷᠤᠨ ᠤ ᠵᠤᠬᠢᠴᠠᠩᠭᠤᠢ ᠬᠦᠭᠵᠢᠯᠲᠡ ᠶᠢᠨ ᠰᠢᠨ᠎ᠠ ᠬᠡᠪ ᠵᠠᠬᠪᠤᠷ ᠢ ᠢᠳᠡᠪᠬᠢᠲᠡᠢ ᠰᠦᠪᠡᠭᠴᠢᠯᠡᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠪᠠᠨ ᠲᠦᠷᠭᠡᠳᠭᠡᠵᠤ᠂ ᠬᠦᠭᠵᠢᠯᠲᠡ ᠶᠢᠨ ᠤᠶᠢᠯᠠᠭᠠᠭᠳᠠᠬᠤᠨ ᠢᠶᠠᠨ ᠬᠤᠪᠢᠷᠠᠭᠤᠯᠵᠤ᠂ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠡᠬᠢ ᠪᠠᠶᠠᠯᠢᠭ ᠢ ᠠᠷᠪᠢᠯᠠᠬᠤ ᠪᠤᠯᠤᠨ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠪᠠᠶᠢᠷᠢᠰᠢᠯ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠦᠨ᠂ ᠬᠠᠮᠲᠤ ᠪᠠᠷ ᠲᠤᠯᠭᠠᠷᠠᠵᠤ ᠪᠠᠶᠢᠭ᠎ᠠ ᠤᠷᠤᠨ ᠪᠦᠰᠡ ᠶᠢᠨ ᠴᠢᠨᠠᠷᠲᠠᠢ ᠤᠷᠴᠢᠨ ᠲᠤᠭᠤᠷᠢᠨ ᠤ ᠠᠰᠠᠭᠤᠳᠠᠯ ᠢ ᠭᠠᠷ ᠬᠤᠯᠪᠤᠨ ᠠᠷᠭᠠᠴᠠᠨ ᠰᠢᠢᠳᠪᠤᠷᠢᠯᠡᠶ᠎ᠠ᠃      ᠰᠢ ᠶᠢᠨ ᠫᠢᠩ᠂ ᠳᠤᠮᠳᠠᠳᠤ ᠶᠢᠨ ᠲᠠᠯ᠎ᠠ ᠳᠤᠷᠠᠲᠠᠶ᠎ᠠ ᠦᠷᠭᠦᠯᠵᠢᠯᠡᠨ ᠭᠠᠵᠠᠷ ᠤᠷᠤᠨ ᠤ ᠤᠯᠤᠰ ᠤᠳ ᠲᠠᠢ ᠬᠠᠮᠲᠤ᠂ ᠲᠡᠦᠬᠡ ᠶᠢᠨ ᠠᠵᠠ ᠲᠤᠬᠢᠶᠠᠯ ᠢ ᠠᠳᠬᠤᠵᠤ᠂ ᠴᠠᠭ ᠦᠶ᠎ᠠ ᠶᠢᠨ ᠤᠷᠤᠰᠬᠠᠯ ᠳᠤ ᠵᠤᠬᠢᠴᠠᠵᠤ᠂ ᠤᠷᠤᠰ ᠤᠨ ᠠᠯᠤᠰ ᠳᠤᠷᠤᠨᠠᠳᠤ ᠪᠤᠯᠤᠨ ᠵᠡᠭᠦᠨ ᠬᠤᠶᠢᠳᠦ ᠠᠽᠢᠶ᠎ᠠ ᠶᠢᠨ ᠭᠠᠵᠠᠷ ᠤᠷᠤᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠤᠷᠤᠨ ᠤ ᠪᠠᠨ ᠤᠯᠠᠨ ᠡᠰᠢᠵᠢᠭᠰᠡᠨ᠂ ᠦᠷᠬᠦᠯᠵᠢᠯᠡᠬᠦ ᠬᠦᠭᠵᠢᠯᠲᠡ ᠶᠢ ᠠᠬᠢᠭᠤᠯᠤᠨ ᠪᠡᠶᠡᠯᠡᠬᠦᠯᠵᠦ᠂ ᠬᠠᠮᠲᠤ ᠶᠢᠨ ᠠᠰᠢᠭ ᠲᠤᠰᠠ ᠶᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠲᠤᠰ ᠭᠠᠵᠠᠷ ᠤᠷᠤᠨ ᠤ ᠠᠷᠠᠳ ᠲᠦᠮᠡᠨ ᠲᠠᠢ ᠪᠠᠨ ᠬᠠᠮᠲᠤᠷᠠᠯᠴᠠᠭᠠᠨ ᠤ ᠠᠵᠠ ᠲᠤᠬᠢᠶᠠᠯ ᠪᠤᠯᠤᠨ ᠬᠦᠭᠵᠢᠯᠲᠡ ᠶᠢᠨ ᠦᠷ᠎ᠠ ᠪᠦᠲᠦᠭᠡᠯ ᠢ ᠬᠤᠪᠢᠶᠠᠯᠴᠠᠵᠤ᠂ ᠠᠯᠤᠰ ᠳᠤᠷᠤᠨᠠᠳᠤ ᠪᠤᠯᠤᠨ ᠵᠡᠭᠦᠨ ᠬᠤᠶᠢᠳᠦ ᠠᠽᠢᠶ᠎ᠠ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠤᠨ ᠴᠤᠭᠴᠠᠯᠠᠨ᠎ᠠ ᠬᠡᠵᠦ ᠴᠢᠬᠤᠯᠠᠴᠢᠯᠠᠪᠠ᠃      ᠫᠦᠲ᠋ᠢᠨ ᠲᠡᠷᠢᠭᠦᠯᠡᠭᠴᠢ ᠰᠢ ᠶᠢᠨ ᠫᠢᠩ ᠪᠤᠯᠤᠨ ᠬᠤᠯᠪᠤᠬᠳᠠᠯ ᠪᠦᠬᠦᠢ ᠤᠯᠤᠰ ᠤᠨ ᠤᠳᠤᠷᠢᠳᠬᠤ ᠬᠦᠮᠦᠰ ᠤᠨ ᠳᠦᠷᠪᠡᠳᠦᠭᠡᠷ ᠬᠤᠭᠤᠴᠠᠭᠠᠨ ᠤ ᠳᠤᠷᠤᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠳᠤ ᠤᠷᠤᠯᠴᠠᠬᠰᠠᠨ ᠳᠤ ᠲᠠᠯᠠᠷᠬᠠᠵᠤ᠂ ᠤᠷᠤᠰ ᠳᠤᠮᠳᠠᠳᠤ ᠶᠢᠨ ᠤᠷᠤᠰ ᠤᠨ ᠠᠯᠤᠰ ᠳᠤᠷᠤᠨᠠᠳᠤ ᠶᠢᠨ ᠭᠠᠵᠠᠷ ᠤᠷᠤᠨ ᠳᠠᠬᠢ ᠬᠠᠮᠲᠤᠷᠠᠯᠴᠠᠭᠠᠨ ᠤ ᠰᠠᠶᠢᠨ ᠰᠠᠶᠢᠬᠠᠨ ᠬᠦᠭᠵᠢᠯᠲᠡ ᠶᠢᠨ ᠬᠠᠨᠳᠤᠰᠢ ᠶᠢ ᠮᠠᠬᠲᠠᠪᠠ᠃ ᠫᠦᠲ᠋ᠢᠨ᠂ ᠠᠯᠤᠰ ᠳᠤᠷᠤᠨᠠᠳᠤ ᠪᠤᠯ ᠤᠷᠤᠰ ᠤᠨ ᠡᠩ ᠲᠡᠷᠢᠬᠦᠨ ᠳᠤ ᠬᠦᠭᠵᠢᠬᠦᠯᠬᠦ ᠴᠢᠭᠯᠡᠯ ᠪᠤᠯᠤᠨ᠎ᠠ᠃ ᠤᠳᠤᠠᠬᠨ ᠳᠤ᠂ ᠠᠯᠤᠰ ᠳᠤᠷᠤᠨᠠᠳᠤ ᠶᠢᠨ ᠭᠠᠵᠠᠷ ᠤᠷᠤᠨ ᠤ ᠠᠵᠤ ᠠᠬᠤᠢ ᠶᠢᠨ ᠨᠡᠮᠡᠭᠳᠡᠯ᠂ ᠭᠠᠳᠠᠭᠠᠳᠤ ᠪᠡᠯᠡ ᠶᠢ ᠲᠠᠲᠠᠬᠤ ᠬᠤᠷᠳᠤᠴᠠ ᠪᠦᠷ ᠤᠷᠤᠰ ᠤᠨ ᠪᠦᠬᠦ ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ ᠠᠯᠤᠰ ᠳᠤᠷᠤᠨᠠᠳᠤ ᠶᠢᠨ ᠬᠦᠭᠵᠢᠯᠲᠡ ᠪᠤᠯ ᠨᠡᠭᠡᠬᠡᠯᠳᠡᠲᠦ ᠬᠦᠭᠵᠢᠯᠲᠡ ᠮᠦᠨ᠂ ᠤᠷᠤᠰ ᠤᠨ ᠵᠠᠰᠠᠭ ᠤᠨ ᠤᠷᠳᠤᠨ ᠠᠴᠠ ᠡᠯ᠎ᠠ ᠤᠯᠤᠰ ᠤᠨ ᠠᠵᠤ ᠠᠬᠤᠶᠢᠢᠯᠠᠯ ᠤᠨ ᠠᠳᠡ ᠢᠷᠡᠵᠦ ᠪᠡᠯᠡ ᠤᠷᠤᠭᠤᠯᠤᠨ ᠦᠢᠯᠡᠰ ᠪᠤᠰᠬᠠᠵᠦ᠂ ᠠᠯᠤᠰ ᠳᠤᠷᠤᠨᠠᠳᠤ ᠶᠢᠨ ᠬᠦᠭᠵᠢᠯᠲᠡ ᠶᠢᠨ ᠠᠵᠠ ᠲᠤᠬᠢᠶᠠᠯ ᠢ ᠬᠤᠪᠢᠶᠠᠯᠴᠠᠬᠤ ᠶᠢ ᠪᠠᠶᠠᠷᠯᠠᠨ ᠤᠬᠲᠤᠨ᠎ᠠ᠃ ᠤᠷᠤᠰ ᠤᠨ ᠲᠠᠯ᠎ᠠ ᠳᠤᠷᠠᠲᠠᠶ᠎ᠠ ᠭᠠᠵᠠᠷ ᠤᠷᠤᠨ ᠤ ᠡᠯ᠎ᠠ ᠲᠠᠯ᠎ᠠ ᠶᠢᠨ ᠬᠢᠨ ᠲᠠᠢ ᠪᠤᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠬᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠂ ᠵᠡᠭᠦᠨ ᠬᠤᠶᠢᠲᠤ ᠠᠽᠢᠶ᠎ᠠ ᠶᠢᠨ ᠭᠠᠵᠠᠷ ᠤᠷᠤᠨ ᠤ ᠬᠠᠮᠲᠤᠷᠠᠯᠴᠠᠭ᠎ᠠ ᠨᠡᠩ ᠡᠯᠪᠡᠭ ᠪᠠᠶᠠᠯᠢᠭ ᠦᠷ᠎ᠠ ᠪᠦᠲᠦᠭᠡᠯ ᠤᠯᠬᠤ ᠶᠢ ᠠᠬᠢᠭᠤᠯᠤᠨ᠎ᠠ ᠭᠡᠵᠦ ᠢᠯᠡᠳᠭᠡᠪᠡ᠃      ᠬᠤᠷᠠᠯ ᠳᠤ ᠤᠷᠤᠯᠴᠠᠬᠰᠠᠨ ᠪᠤᠰᠤᠳ ᠤᠳᠤᠷᠢᠳᠬᠤ ᠬᠦᠮᠦᠰ᠂ ᠤᠷᠤᠰ ᠤᠨ ᠠᠯᠤᠰ ᠳᠤᠷᠤᠨᠠᠳᠤ ᠶᠢᠨ ᠭᠠᠵᠠᠷ ᠤᠷᠤᠨ ᠤ ᠨᠡᠭᠡᠭᠡᠯᠳᠡ ᠬᠦᠭᠵᠢᠭᠦᠯᠦᠯᠳᠡ ᠶᠢᠨ ᠦᠷ᠎ᠠ ᠪᠦᠲᠦᠭᠡᠯ ᠮᠠᠰᠢ ᠲᠤᠪᠤᠶᠢᠮ᠎ᠠ ᠪᠠᠶᠢᠨ᠎ᠠ᠃ ᠡᠯ᠎ᠠ ᠲᠠᠯ᠎ᠠ ᠶᠢᠨ ᠬᠢᠨ ᠳᠤᠷᠠᠲᠠᠶ᠎ᠠ ᠠᠯᠤᠰ ᠳᠤᠷᠤᠨᠠᠳᠤ ᠶᠢᠨ ᠨᠡᠭᠡᠭᠡᠯᠳᠠ ᠬᠦᠭᠵᠢᠭᠦᠯᠦᠯᠲᠡ ᠳᠤ ᠢᠳᠡᠪᠬᠢᠲᠡᠢ ᠤᠷᠤᠯᠴᠠᠬᠤ ᠪᠦ᠋ᠭᠡᠳ ᠵᠡᠭᠦᠨ ᠬᠤᠶᠢᠲᠤ ᠠᠽᠢᠶ᠎ᠠ ᠶᠢᠨ ᠭᠠᠵᠠᠷ ᠤᠷᠤᠨ ᠤ ᠬᠠᠮᠲᠤᠷᠠᠯᠴᠠᠭ᠎ᠠ ᠶᠢ ᠬᠠᠮᠳᠤ ᠪᠠᠷ ᠠᠬᠢᠭᠤᠯᠤᠨ᠂ ᠡᠯ᠎ᠠ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠠ ᠭᠡᠵᠦ ᠢᠯᠡᠳᠭᠡᠵᠡᠭᠡᠪᠡ᠃ ᠬᠠᠷᠢᠯᠴᠠᠨ ᠰᠤᠯᠢᠯᠴᠠᠭ᠎ᠠ ᠬᠢᠬᠦ ᠭᠤᠬᠴᠤᠭᠠᠨ ᠳᠤ᠂ ᠰᠢ ᠶᠢᠨ ᠫᠢᠩ ᠪᠠᠰᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ᠂ ᠰᠤᠯᠤᠩᠭᠤᠰ ᠬᠤᠶᠢᠭ ᠤᠨ ᠪᠠᠶᠢᠳᠠᠯ ᠵᠡᠷᠭᠡ ᠠᠰᠠᠭᠤᠳᠠᠯ ᠤᠨ ᠲᠤᠬᠠᠢ ᠪᠦᠬᠦᠳᠡ ᠬᠤᠷᠠᠯ ᠤᠨ ᠡᠷᠬᠢᠯᠡᠭᠴᠢ ᠶᠢᠨ ᠠᠰᠠᠭᠤᠯᠲᠠ ᠶᠢ ᠬᠠᠷᠢᠭᠤᠯᠪᠠ᠃      ᠪᠦᠬᠦᠳᠡ ᠬᠤᠷᠠᠯ ᠤᠨ ᠳᠠᠷᠠᠭ᠎ᠠ᠂ ᠬᠤᠷᠠᠯ ᠳᠤ ᠤᠷᠤᠯᠴᠠᠬᠰᠠᠨ ᠡᠯ᠎ᠠ ᠤᠯᠤᠰ ᠤᠨ ᠤᠳᠤᠷᠢᠳᠬᠤ ᠬᠦᠮᠦᠰ ᠬᠠᠮᠲᠤ ᠪᠠᠷ ᠭᠤᠷᠪᠠᠳᠤᠭᠠᠷ ᠬᠤᠭᠤᠴᠠᠭᠠᠨ ᠤ ︽ᠠᠯᠤᠰ ᠳᠤᠷᠤᠨᠠᠳᠤ ᠬᠤᠨᠳᠠᠭᠠᠳᠤ︾ ᠤᠯᠠᠨ ᠤᠯᠤᠰ ᠤᠨ ᠳᠠᠷᠪᠠᠭᠤᠯᠲᠤ ᠤᠡᠭᠭᠤᠴᠠᠨ ᠤ ᠲᠡᠰᠭᠡᠯ ᠤᠷᠤᠯᠳᠤᠭᠠᠨ ᠤ ᠲᠦᠷᠦᠭᠦᠦ ᠬᠡᠰᠡᠭ ᠤᠨ ᠤᠷᠤᠯᠳᠤᠭᠠᠨ ᠤ ᠱᠠᠩᠨᠠᠯ ᠭᠠᠷᠳᠠᠭᠤᠯᠬᠤ ᠶᠤᠰᠤᠯᠠᠯ ᠳᠤ ᠤᠷᠤᠯᠴᠠᠪᠠ᠃      ᠳ᠋ᠢᠩ ᠰᠢᠦᠸᠠᠢ ᠰᠢᠶᠠᠩ᠂ ᠶᠠᠩ ᠵᠢᠶᠧ ᡂᠢ᠂ ᠸᠠᠩ ᠢ᠂ ᠾᠧ ᠯᠢ ᠹᠧᠩ ᠨᠠᠷ ᠬᠤᠯᠪᠤᠭᠳᠠᠯ ᠪᠦᠬᠦᠢ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号