| | 9 ᠰᠠᠷ᠎ᠠ ᠶᠢᠨ 10 ᠤ ᠡᠳᠦᠷ᠂ ᠮᠠᠨ ᠤ ᠬᠤᠰᠢᠭᠤᠨ ᠤ ᠭᠤᠴᠢᠨ ᠳᠦᠷᠪᠡᠳᠡᠬᠢ ᠪᠠᠭᠰᠢ ᠶᠢᠨ ᠪᠠᠶᠠᠷ ᠢ | ᠪᠡᠯᠭᠡᠯᠡᠬᠦ ᠵᠢᠴᠢ ᠱᠠᠩᠨᠠᠨ ᠬᠦᠬᠢᠬᠦᠯᠬᠦ ᠶᠡᠭᠡ ᠬᠤᠷᠠᠯ ᠬᠤᠰᠢᠭᠤ ᠰᠤᠶᠤᠯ ᠤᠨ ᠠᠵᠢᠯᠯᠠᠭᠠᠨ ᠤ ᠲᠦᠪ ᠲᠤ ᠶᠠᠪᠤᠭᠳᠠᠵᠤ | ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠹᠷᠤᠨᠲ ᠳᠡᠭᠡᠷᠡᠬᠢ ᠲᠡᠷᠢᠭᠦᠨ ᠤ ᠬᠠᠮᠲᠦ ᠨᠡᠶᠢᠲᠡ᠂ ᠲᠡᠷᠢᠭᠦᠨ ᠤ | ᠬᠤᠪᠢ ᠬᠦᠮᠦᠨ ᠢ ᠱᠠᠩᠨᠠᠨ ᠵᠤᠷᠢᠭᠵᠢᠭᠤᠯᠵᠤ ᠦᠷᠭᠡᠨ ᠤᠯᠠᠨ ᠰᠤᠷᠭᠠᠨ ᠬᠦᠮᠦᠵᠢᠯ ᠤᠨ ᠠᠵᠢᠯᠲᠠᠳ ᠢ ᠶᠤᠰᠤ | ᠮᠤᠷᠠᠯ ᠤᠶᠤᠨ ᠤᠬᠠᠭᠠᠨ ᠲᠠᠮᠢᠷ ᠤᠷᠠᠯᠢᠭ ᠪᠦᠬᠦ ᠲᠠᠯ᠎ᠠ ᠪᠠᠷ ᠬᠦᠭᠵᠢᠭᠰᠡᠨ ᠨᠡᠶᠢᠬᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠤᠯᠤᠨ ᠵᠠᠯᠭᠠᠮᠵᠢᠯᠠᠭᠴᠢ ᠶᠢ ᠬᠦᠮᠦᠵᠢᠭᠦᠯᠦᠨ ᠭᠠᠷᠭᠠᠬᠤ ᠡᠭᠦᠷᠭᠡ ᠬᠠᠷᠢᠭᠤᠴᠠᠯᠭᠠᠲᠦ ᠰᠡᠳᠬᠢᠯᠭᠡ ᠪᠠᠨ | ᠤᠯᠠᠮ ᠨᠢᠭᠡ ᠠᠯᠬᠤᠮ ᠴᠢᠩᠭᠠᠳᠬᠠᠨ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠬᠤ ᠶᠢ ᠤᠷᠢᠶᠠᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠤᠷᠤᠯᠠᠭᠴᠢ ᠳᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ | ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠤᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠯᠠᠨ ᠲᠢᠶᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ | ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ | ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ | ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠨᠢᠭᠡᠳᠦᠮᠡᠯ ᠹᠷᠤᠨᠲ ᠤᠨ ᠭᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠡᠪᠰᠡᠭᠲᠦ ᠬᠦᠴᠦᠨ ᠤ ᠭᠡᠯᠲᠡᠰ ᠤᠨ ᠤᠯᠤᠰ ᠲᠦᠷᠦ ᠶᠢᠨ ᠭᠡᠰᠢᠭᠦᠨ ᠵᠠᠩ ᠱᠤ᠋ ᠰᠢᠤᠸᠠᠨ ᠵᠢᠴᠢ ᠪᠤᠰᠤᠳ | ᠰᠢᠶᠡᠨ ᠤ ᠳᠡᠰ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠬᠤᠷᠠᠯ ᠳᠤ ᠰᠠᠭᠠᠲᠠᠵᠤ ᠡᠯ᠎ᠡ ᠠᠵᠤ ᠠᠬᠤᠢ ᠶᠢᠨ | ᠨᠡᠭᠡᠭᠡᠯᠲᠡ ᠶᠢᠨ ᠤᠷᠤᠨ ︵ᠬᠦᠷᠢᠶᠡᠯᠡᠩ ᠲᠤᠭᠤᠷᠢᠭ︶᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ | ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ ᠪᠤᠯᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ | ᠶᠢᠨ ᠬᠠᠷᠢᠭᠤᠴᠠᠯᠭᠠᠲᠠᠨ᠂ ᠱᠠᠩᠨᠠᠯ ᠬᠦᠬᠢᠭᠦᠯᠦᠯ ᠬᠦᠷᠲᠡᠬᠦ ᠲᠡᠷᠢᠭᠦᠨ ᠤ ᠪᠠᠶᠢᠭᠤᠯᠭ᠎ᠠ ᠨᠢᠭᠡᠴᠢ ᠶᠢᠨ ᠲᠦᠯᠦᠭᠡᠯᠡᠭᠴᠢ᠂ | ᠲᠡᠷᠢᠭᠦᠨ ᠤ ᠬᠤᠪᠢ ᠬᠦᠮᠦᠨ ᠵᠢᠴᠢ ᠬᠤᠰᠢᠭᠤ ᠰᠤᠷᠭᠠᠨ ᠬᠦᠮᠦᠵᠢᠯ ᠤᠨ ᠲᠤᠪᠴᠢᠶᠠᠨ ᠤ ᠪᠦᠬᠦ ᠺᠠᠳ᠋ᠷ ᠠᠵᠢᠯᠲᠠᠨ | ᠪᠤᠯᠤᠨ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠳᠠᠳᠤᠯᠭ᠎ᠠ ᠶᠢᠨ ᠪᠠᠭᠰᠢ ᠬᠤᠷᠠᠯ ᠳᠤ ᠤᠷᠤᠯᠴᠠᠪᠠ᠃ | ᠵᠤᠤ ᠹᠸᠢ ᠯᠤ᠋ ᠬᠤᠷᠠᠯ ᠢ ᠡᠷᠬᠢᠯᠡᠪᠡ᠃ | | | | | ᠬᠤᠷᠠᠯ ᠳᠡᠭᠡᠷ᠎ᠡ᠂ ᠡᠷᠳᠡᠨᠢᠪᠢᠯᠢᠭ ᠬᠤᠰᠢᠭᠤᠨ ᠤ ᠭᠡᠳᠦᠨ ᠶᠡᠭᠡ ᠤᠳᠤᠷᠢᠳᠬᠤ ᠪᠠᠭ ᠢ ᠲᠦᠯᠦᠭᠡᠯᠡᠨ ᠰᠤᠷᠭᠠᠨ | ᠬᠦᠮᠦᠵᠢᠯ ᠤᠨ ᠡᠮᠦᠨ᠎ᠡ ᠹᠷᠤᠨᠲ ᠳᠡᠭᠡᠷ᠎ᠡ ᠭᠠᠪᠰᠢᠭᠠᠶᠢᠯᠠᠵᠤ ᠪᠠᠶᠢᠭ᠎ᠠ ᠦᠷᠭᠡᠨ ᠤᠯᠠᠨ ᠪᠠᠭᠰᠢ ᠠᠵᠢᠯᠲᠠᠨ᠂ ᠰᠤᠷᠭᠠᠨ | ᠬᠦᠮᠦᠵᠢᠯ ᠤᠨ ᠠᠵᠢᠯᠲᠠᠨ ᠪᠤᠯᠤᠨ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠲᠤ ᠪᠠᠶᠠᠷ ᠤᠨ ᠡᠳᠦᠷ ᠤᠨ | ᠮᠡᠨᠳᠦᠴᠢᠯᠡᠯ ᠳᠡᠪᠰᠢᠭᠦᠯᠵᠤ ᠱᠠᠩᠨᠠᠨ ᠬᠦᠬᠢᠭᠦᠯᠦᠭᠲᠡᠭᠰᠡᠨ ᠲᠡᠷᠢᠭᠦᠨ ᠤ ᠬᠠᠮᠲᠦ ᠨᠡᠶᠢᠲᠡ ᠪᠤᠯᠤᠨ ᠬᠤᠪᠢ ᠬᠦᠮᠦᠨ ᠳᠤ | ᠬᠠᠯᠠᠭᠤᠨ ᠪᠠᠶᠠᠷ ᠬᠦᠷᠬᠡᠪᠡ᠃ | ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ | ᠲᠤᠬᠠᠢ ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠢ ᠶᠢᠨ ᠫᠢᠩ ᠤᠨ ᠰᠤᠷᠭᠠᠨ ᠬᠦᠮᠦᠵᠢᠯ ᠤᠨ ᠦᠵᠡᠯ ᠰᠠᠨᠠᠭ᠎ᠠ | ᠶᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠰᠢ ᠶᠢᠨ | ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠠᠵᠢᠯ ᠳᠠᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ | ᠤᠶᠠᠯᠳᠤᠭᠤᠯᠤᠨ᠂ ᠰᠤᠷᠭᠠᠨ ᠬᠦᠮᠦᠵᠢᠯ ᠤᠨ ᠠᠵᠢᠯᠲᠠᠨ ᠪᠤᠯᠤᠨ ᠦᠷᠭᠡᠨ ᠤᠯᠠᠨ ᠪᠠᠭᠰᠢ ᠰᠤᠷᠤᠭᠴᠢᠳ ᠢ | ᠳᠠᠶᠢᠴᠢᠯᠠᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠦᠪᠰᠢᠶᠡᠷᠡᠯ᠂ ᠦᠵᠡᠯ ᠰᠠᠨᠠᠭᠠᠨ ᠤ ᠵᠦᠪᠰᠢᠶᠡᠷᠡᠯ᠂ ᠤᠨᠤᠯ | ᠤᠨ ᠵᠦᠪᠰᠢᠶᠡᠷᠡᠯ ᠢ ᠪᠤᠢ ᠪᠤᠯᠭᠠᠵᠤ ᠨᠡᠩ ᠶᠡᠭᠡ ᠢᠳᠡᠭᠡᠯ ᠵᠤᠷᠢᠭ ᠪᠤᠯᠤᠨ ᠵᠢᠪᠬᠤᠭᠠᠯᠢᠭ ᠳᠦᠷᠢ ᠳᠦᠷᠬᠦ ᠪᠠᠷ | ᠲᠡᠷᠢᠭᠦᠨ ᠤ ᠰᠤᠷᠭᠠᠨ ᠬᠦᠮᠦᠵᠢᠯ ᠢ ᠡᠷᠬᠢᠯᠡᠬᠦ ᠰᠢᠨ᠎ᠡ ᠠᠶᠠᠨ ᠢ ᠨᠡᠭᠡᠭᠡᠬᠦ ᠬᠡᠷᠡᠭᠲᠡᠢ ᠬᠡᠪᠡ᠃ | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠤᠷᠭᠠᠨ ᠬᠦᠮᠦᠵᠢᠯ ᠤᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠤ ᠬᠠᠮᠢᠶᠠᠷᠤᠯᠲᠠ ᠶᠢᠨ ᠪᠠᠶᠢᠭᠤᠯᠤᠯ᠂ ᠰᠤᠷᠭᠠᠭᠤᠯᠢ | ᠡᠷᠬᠢᠯᠡᠬᠦ ᠲᠤᠭᠲᠠᠯᠴᠠᠭ᠎ᠠ᠂ ᠪᠠᠭᠰᠢ ᠶᠢᠨ ᠡᠩᠨᠡᠭᠡ᠂ ᠬᠢᠴᠢᠶᠡᠯ ᠤᠨ ᠲᠢᠩᠬᠢᠮ ᠤᠨ ᠬᠦᠮᠦᠵᠢᠯ ᠤᠨ ᠦᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠯᠲᠡ ᠶᠢ ᠠᠬᠢᠭᠤᠯᠤᠨ | ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ | ᠠᠳᠬᠤᠵᠤ ᠬᠤᠲᠠ ᠬᠦᠳᠡᠭᠡ ᠶᠢᠨ ᠰᠤᠷᠭᠠᠨ ᠬᠦᠮᠦᠵᠢᠯ ᠤᠨ ᠨᠢᠭᠡ ᠴᠤᠭᠴᠠᠵᠢᠭᠰᠠᠨ ᠬᠦᠭᠵᠢᠯᠲᠡ ᠶᠢ ᠢᠳᠡᠪᠬᠢᠲᠡᠢ | ᠠᠬᠢᠭᠤᠯᠤᠨ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠠᠵᠢᠯ ᠢ ᠯᠠᠪᠳᠠᠭᠤᠨ ᠢᠶᠠᠷ ᠦᠷᠨᠢᠭᠦᠯᠬᠦ ᠬᠡᠷᠡᠭᠲᠡᠢ | ᠭᠡᠵᠡᠢ᠃ | ᠡᠷᠳᠡᠨᠢᠪᠢᠯᠢᠭ ᠱᠠᠭᠠᠷᠳᠠᠬᠤ ᠳᠤ ᠪᠠᠨ᠂ ᠰᠤᠷᠭᠠᠭᠤᠯᠢ ᠶᠢᠨ ᠬᠦᠷᠢᠶᠡᠨ ᠤ ᠤᠶᠤᠨ ᠤ ᠪᠤᠯᠪᠠᠰᠤᠨ ᠤ | ᠪᠠᠶᠢᠭᠤᠯᠤᠯᠲᠠ ᠶᠢᠨ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠲᠡᠢ᠃ ᠨᠡᠶᠢᠬᠡᠮ ᠵᠢᠷᠦᠮ ᠤᠨ | ᠭᠤᠤᠯᠯᠠᠭᠴᠢ ᠦᠷᠲᠡᠭ ᠤᠨ ᠦᠵᠡᠯᠲᠡ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯᠯᠠᠭ᠎ᠠ ᠶᠢ | ᠦᠷᠨᠢᠭᠦᠯᠵᠤ ᠨᠠᠰᠤᠨ ᠳᠤ ᠦᠯᠦ ᠬᠦᠷᠦᠭᠰᠡᠳ ᠤᠨ ᠶᠤᠰᠤ ᠰᠤᠷᠲᠠᠬᠤᠨ ᠤ ᠪᠠᠶᠢᠭᠤᠯᠤᠯᠲᠠ ᠶᠢ ᠳᠠᠰᠤᠷᠠᠯᠲᠠ ᠦᠭᠡᠢ | ᠴᠢᠩᠭᠠᠳᠬᠠᠨ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ | ᠬᠡᠷᠡᠭᠲᠡᠢ ᠬᠡᠪᠡ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠦᠬᠦ ᠨᠡᠶᠢᠬᠡᠮ ᠢᠶᠠᠷ ᠢᠶᠠᠨ ᠰᠤᠷᠭᠠᠨ ᠬᠦᠮᠦᠵᠢᠯ ᠢ ᠳᠡᠮᠵᠢᠭᠰᠡᠨ | ᠰᠢᠯᠢᠳᠡᠭ ᠰᠠᠶᠢᠨ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠦᠮᠦᠵᠢᠯ ᠢ ᠲᠡᠷᠢᠭᠦᠨ ᠳᠤᠨᠢ ᠬᠦᠭᠵᠢᠬᠦᠯᠬᠦ | ᠶᠢ ᠴᠢᠬᠤᠯᠠᠴᠢᠯᠠᠵᠦ ᠪᠠᠭᠰᠢ ᠨᠠᠷ ᠢ ᠬᠠᠯᠠᠮᠵᠢᠯᠠᠭᠰᠠᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ | ᠪᠠᠷ ᠲᠤᠭᠤᠰᠢᠯᠠᠭᠤᠯᠵᠦ ᠰᠤᠷᠭᠠᠨ ᠬᠦᠮᠦᠵᠢᠯ ᠢ ᠬᠦᠭᠵᠢᠬᠦᠯᠬᠦ ᠬᠦᠴᠦᠷᠭᠡᠭ ᠶᠡᠭᠡ ᠬᠠᠮᠲᠦ ᠶᠢᠨ ᠬᠦᠴᠦᠨ ᠢ ᠪᠤᠢ | ᠪᠤᠯᠭᠠᠬᠤ ᠬᠡᠷᠡᠭᠲᠡᠢ᠃ ᠠᠷᠠᠳ ᠲᠦᠮᠡᠨ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠵᠤ ᠰᠢᠨ᠎ᠡ ᠴᠠᠭ | ᠦᠶ᠎ᠡ ᠳᠠᠬᠢ ᠦᠦᠰᠢᠨ ᠤ《 ᠨᠤᠮᠢᠨ ᠲᠠᠩᠰᠤᠭ ᠬᠦᠭᠵᠢᠯᠲᠡ︾ ᠶᠢ ᠪᠡᠶᠡᠯᠡᠬᠦᠯᠬᠦ ᠳᠤ ᠨᠡᠩ ᠶᠡᠭᠡ ᠬᠤᠪᠢ ᠨᠡᠮᠡᠷᠢ | ᠦᠵᠡᠬᠦᠯᠬᠦ ᠬᠡᠷᠡᠭᠲᠡᠢ ᠭᠡᠵᠡᠢ᠃ | | | | ᠵᠤᠤ ᠹᠸᠢ ᠯᠤ᠋ ᠳ᠋ᠦᠩᠨᠡᠯᠲᠡ ᠬᠢᠵᠤ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ | ᠤᠨᠴᠠᠭᠠᠶᠢᠯᠠᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠭᠤᠤᠯ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯᠤᠨ | ᠦᠷᠭᠡᠨ ᠤᠯᠠᠨ ᠰᠤᠷᠭᠠᠨ ᠬᠦᠮᠦᠵᠢᠯ ᠤᠨ ᠠᠵᠢᠯᠲᠠᠳ ᠰᠢ ᠶᠢᠨ ᠫᠢᠩ ᠤᠨ ᠰᠤᠷᠭᠠᠨ ᠬᠦᠮᠦᠵᠢᠯ ᠤᠨ ᠦᠵᠡᠯ | ᠰᠠᠨᠠᠭ᠎ᠠ ᠶᠢ ᠬᠦᠨᠵᠡᠭᠡᠢ ᠰᠤᠷᠤᠯᠴᠠᠵᠤ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠤᠬᠠᠵᠤ | ᠮᠡᠳᠡᠨ ᠬᠤᠷᠠᠯ ᠠᠴᠠ ᠳᠤᠷᠠᠳᠤᠭᠰᠠᠨ ᠱᠠᠭᠠᠷᠳᠠᠯᠭ᠎ᠠ ᠪᠤᠯᠤᠨ ᠬᠠᠷᠠᠯᠲᠠ ᠶᠢᠨ ᠲᠤᠭᠤᠷᠢᠨ ᠳᠤ ᠬᠢᠨᠠᠮᠠᠭᠠᠢ ᠲᠦᠯᠦᠪᠯᠡᠨ᠂ | ᠨᠢᠭᠡᠳᠦᠯᠲᠡᠢ ᠲᠦᠯᠦᠪᠵᠢᠭᠦᠯᠦᠨ ᠬᠦᠳᠡᠯᠦᠯᠴᠡᠵᠤ᠂ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠤᠨᠤᠯ ᠰᠡᠳᠬᠢᠴᠡ᠂ | ᠬᠠᠮᠢᠶᠠᠷᠤᠯᠲᠠ ᠶᠢᠨ ᠬᠢᠷᠢ ᠳᠦᠪᠰᠢᠨ᠂ ᠪᠠᠭᠰᠢ ᠶᠢᠨ ᠡᠩᠨᠡᠭᠡ ᠵᠡᠷᠭᠡ ᠡᠯ᠎ᠡ ᠲᠠᠯ᠎ᠠ ᠠᠴᠠ ᠰᠢᠪᠲᠤᠯᠤᠯᠲᠠ ᠬᠢᠵᠤ | ᠲᠡᠭᠦᠯᠳᠡᠷᠵᠢᠭᠦᠯᠦᠨ ᠳᠡᠭᠡᠭᠰᠢᠯᠡᠭᠦᠯᠵᠦ ᠮᠠᠨ ᠤ ᠬᠤᠰᠢᠭᠤᠨ ᠤ ᠪᠠᠭᠰᠢ ᠨᠠᠷ ᠢᠶᠠᠨ ᠲᠡᠷᠢᠭᠦᠨ ᠤ ᠬᠢ ᠪᠤᠯᠭᠠᠨ ᠡᠯ᠎ᠡ | ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠪᠠᠶᠢᠭᠤᠯᠤᠯᠲᠠ ᠶᠢ ᠭᠡᠷ ᠤᠨ ᠠᠬᠠᠮᠠᠳ ᠲᠤ ᠲᠠᠭᠠᠯᠠᠭᠳᠠᠭᠰᠠᠨ᠂ | ᠨᠡᠶᠢᠬᠡᠮ ᠳᠠᠶᠠᠭᠠᠷ ᠲᠤ ᠮᠠᠭᠲᠠᠭᠳᠠᠭᠰᠠᠨ ᠭᠠᠵᠠᠷ ᠪᠤᠯᠭᠠᠨ ᠪᠠᠶᠢᠭᠤᠯᠵᠤ ᠪᠦᠬᠦ ᠬᠤᠰᠢᠭᠤᠨ ᠤ ᠰᠤᠷᠭᠠᠨ ᠬᠦᠮᠦᠵᠢᠯ ᠢ | ᠠᠷᠠᠳ ᠤᠯᠠᠨ ᠦᠨᠡᠨᠬᠦ ᠬᠠᠨᠤᠮᠵᠢᠲᠠᠢ ᠰᠤᠷᠭᠠᠨ ᠬᠦᠮᠦᠵᠢᠯ ᠪᠤᠯᠭᠠᠨ ᠡᠷᠬᠢᠯᠡᠬᠦ ᠬᠡᠷᠡᠭᠲᠡᠢ᠃ ᠬᠦᠰᠡᠬᠦ ᠨᠢ ᠦᠷᠭᠡᠨ | ᠤᠯᠠᠨ ᠰᠤᠷᠭᠠᠨ ᠬᠦᠮᠦᠵᠢᠯ ᠤᠨ ᠠᠵᠢᠯᠲᠠᠨ ᠢᠳᠡᠭᠡᠯ ᠵᠤᠷᠢᠭ ᠢᠶᠠᠨ ᠬᠦᠪᠴᠢᠯᠡᠨ《 ᠢᠲᠡᠭᠡᠯ ᠬᠦᠰᠡᠯ ᠲᠠᠢ᠂ ᠶᠤᠰᠤ | ᠰᠤᠷᠲᠠᠬᠤᠨ ᠲᠠᠢ᠂ ᠮᠡᠲᠡᠯᠭᠡ ᠮᠡᠲᠡᠴᠡ ᠪᠠᠷ ᠬᠦᠨ᠂ ᠡᠨᠡᠷᠢᠩᠭᠦᠢ ᠰᠡᠳᠬᠢᠯ ᠲᠠᠢ︾ ᠪᠠᠭᠰᠢ ᠪᠤᠯᠬᠤ ᠪᠠᠷ ᠴᠢᠷᠮᠠᠶᠢᠵᠤ | ᠡᠭᠦᠷᠬᠡ ᠬᠠᠷᠢᠭᠤᠴᠠᠯᠭ᠎ᠠ ᠪᠠᠨ ᠡᠭᠦᠷᠭᠡᠯᠡᠨ ᠦᠦᠰᠢᠨ ᠤ ᠰᠤᠷᠭᠠᠨ ᠬᠦᠮᠦᠵᠢᠯ ᠢ ᠲᠡᠷᠢᠭᠦᠨ ᠤ ᠬᠢ ᠪᠤᠯᠭᠠᠬᠤ ᠪᠠᠷ | ᠴᠢᠷᠮᠠᠶᠢᠵᠤ ᠨᠤᠮᠢᠨ ᠲᠠᠰᠤᠭ ᠬᠦᠭᠵᠢᠯᠲᠡ ᠶᠢ ᠪᠡᠶᠡᠯᠡᠭᠦᠯᠬᠦ ᠳᠤ ᠬᠦᠴᠦᠨ ᠢᠶᠠᠨ ᠡᠷᠬᠦᠬᠦ ᠪᠠᠷ ᠴᠢᠷᠮᠠᠶᠢᠬᠤ ᠬᠡᠷᠡᠭᠲᠡᠢ | ᠬᠡᠵᠡᠢ᠃ | |