ᠪᠦᠬᠦ ᠤᠷᠤᠨ ᠤ ᠡᠮ ᠡᠮᠨᠡᠯᠭᠡ ᠶᠢᠨ ᠦᠭᠡᠷᠡᠴᠢᠯᠡᠯᠳᠠ ᠶᠢᠨ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-09-14
     9 ᠰᠠᠷ᠎ᠠ ᠶᠢᠨ 13 ᠤ ᠡᠳᠦᠷ᠂ ᠪᠦᠬᠦ ᠤᠷᠤᠨ ᠤ ᠡᠮ ᠡᠮᠨᠡᠯᠭᠡ ᠶᠢᠨ ᠦᠭᠡᠷᠡᠴᠢᠯᠡᠯᠳᠠ ᠶᠢᠨ ᠠᠵᠢᠯ ᠤᠨ ᠲᠧᠯᠸᠢᠰ ᠤᠳᠠᠰᠤ ᠬᠤᠷᠠᠯ ᠬᠦᠬᠡᠬᠤᠳᠠ ᠳᠤ ᠬᠤᠷᠠᠯᠳᠤᠵᠦ᠂ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃ ᠲᠤᠰ ᠤᠳᠠᠭᠠᠨ ᠤ ᠬᠤᠷᠠᠯ ᠠᠴᠠ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠡᠮ ᠡᠮᠨᠡᠯᠭᠡ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ ᠪᠦᠬᠦ ᠤᠯᠤᠰ ᠤᠨ ᠡᠮ ᠡᠮᠨᠡᠯᠭᠡ ᠶᠢᠨ ᠦᠭᠡᠷᠡᠴᠢᠯᠡᠯᠳᠠ ᠶᠢᠨ ᠠᠵᠢᠯ ᠤᠨ ᠲᠧᠯᠸᠢᠰ ᠤᠳᠠᠰᠤ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠤᠳᠤᠬᠠᠨ ᠤ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠡᠮ ᠡᠮᠨᠡᠯᠭᠡ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠪᠤᠯ ᠠᠷᠠᠳ ᠤᠯᠠᠨ ᠤ ᠡᠷᠡᠬᠦᠯ ᠮᠡᠨᠳᠦ ᠶᠢᠨ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠴᠢᠬᠤᠯᠠ ᠭᠠᠷᠳᠠᠴᠠ᠂ ᠡᠷᠡᠬᠦᠯ ᠡᠩᠭᠡ ᠥᠪᠦᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠴᠢᠬᠤᠯᠠ ᠬᠦᠳᠡᠯᠭᠡᠬᠦ ᠬᠦᠴᠦ᠂ ᠪᠠᠰᠠ ᠴᠦ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠶᠢ ᠠᠬᠢᠭᠤᠯᠬᠤ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠤᠯᠬᠤ ᠶᠢᠨ ᠴᠢᠬᠤᠯᠠ ᠪᠠᠳᠤᠯᠠᠭ᠎ᠠ ᠮᠦᠨ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠡᠮ ᠡᠮᠨᠡᠯᠭᠡ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠠᠵᠢᠯ ᠤᠨ ᠴᠢᠬᠤᠯᠠ ᠴᠢᠨᠠᠷ ᠤᠨ ᠲᠤᠬᠠᠢ ᠰᠢᠨ᠎ᠠ ᠲᠠᠨᠢᠯᠳᠠ ᠪᠠᠨ ᠦᠨᠡᠨ ᠬᠦ ᠳᠡᠭᠡᠭᠰᠢᠯᠡᠬᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠦᠭᠡᠷᠡᠴᠢᠯᠡᠯᠳᠠ ᠶᠢ ᠢᠳᠡᠪᠬᠢᠳᠠᠢ ᠠᠬᠢᠭᠤᠯᠵᠦ᠂ ᠲᠡᠰ ᠬᠤᠪᠢᠶᠠᠨ ᠤᠨᠤᠰᠢᠯᠠᠨ ᠡᠮᠨᠡᠬᠦ ᠲᠦᠷᠢᠮ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠠᠯᠪᠡᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠳᠠ ᠶᠢ ᠬᠦᠨᠵᠡᠭᠡᠶᠢᠷᠡᠬᠦᠯᠦᠭᠰᠡᠨ ᠠᠮᠵᠢᠯᠳᠠ ᠪᠦᠳᠦᠮᠵᠢ ᠶᠢ ᠪᠠᠳᠤᠳᠬᠠᠵᠦ᠂ ᠡᠮ ᠤᠨ ᠵᠦᠢᠯᠡᠰ ᠤᠨ ᠬᠠᠩᠭᠠᠯᠭ᠎ᠠ ᠶᠢ ᠪᠠᠳᠤᠯᠠᠬᠤ ᠲᠦᠷᠢᠮ ᠢ ᠦᠷᠬᠦᠯᠵᠢᠯᠡᠨ ᠳᠡᠬᠦᠯᠳᠡᠷᠵᠢᠬᠦᠯᠵᠦ᠂ ︽ᠢᠨᠲ᠋ᠧᠷ ᠰᠦᠯᠵᠢᠶ᠎ᠠ + ᠡᠮ ᠡᠮᠴᠢᠯᠡᠭᠡ ᠡᠷᠡᠬᠦᠯ ᠮᠡᠨᠳᠦ︾ ᠶᠢᠨ ᠦᠢᠯᠡᠴᠢᠯᠡᠭᠡᠨ ᠤ ᠰᠢᠨ᠎ᠠ ᠵᠠᠬᠪᠤᠷ ᠢ ᠲᠦᠷᠭᠡᠨ ᠬᠦᠭᠵᠢᠬᠦᠯᠵᠦ᠂ ᠡᠮ ᠡᠮᠨᠡᠯᠭᠡ ᠶᠢᠨ ᠦᠭᠡᠷᠡᠴᠢᠯᠡᠯᠳᠠ ᠶᠢᠨ ᠠᠵᠢᠯ ᠤᠨ ᠭᠤᠤᠯᠳᠠᠯᠭ᠎ᠠ ᠲᠠᠢ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠪᠦᠬᠦ ᠬᠦᠴᠦ ᠪᠠᠷ ᠠᠳᠬᠤᠬᠤ ᠭᠡᠷᠡᠭᠲᠡᠢ᠃ ᠡᠮ ᠡᠮᠨᠡᠯᠭᠡ ᠶᠢᠨ ᠦᠭᠡᠷᠡᠴᠢᠯᠡᠯᠳᠠ ᠶᠢᠨ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠦ᠂ ᠵᠤᠬᠢᠶᠠᠨ ᠪᠠᠶᠢᠭᠤᠯᠵᠦ ᠤᠳᠤᠷᠢᠳᠬᠤ ᠪᠠ ᠵᠤᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠦ᠂ ᠡᠮ ᠡᠮᠨᠡᠯᠭᠡ ᠶᠢᠨ ᠦᠭᠡᠷᠡᠴᠢᠯᠡᠯᠳᠠ ᠶᠢᠨ ᠡᠯ᠎ᠠ ᠲᠦᠷᠦᠯ ᠤᠨ ᠡᠬᠦᠷᠭᠡ ᠶᠢᠨ ᠪᠡᠶᠡᠯᠡᠭᠳᠡᠬᠦ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ᠂  ᠬᠤᠰᠢᠭᠤ ᠮᠣᠩᠭᠤᠯ ᠬᠢᠳᠡᠳ ᠡᠮ ᠡᠮᠨᠡᠯᠬᠡ ᠶᠢᠨ ᠬᠠᠮᠢᠶᠠᠷᠣᠯᠳᠠ ᠶᠢᠨ ᠳᠣᠪᠴᠢᠶ᠎ᠠ᠂ ᠠᠷᠠᠳ ᠤᠨ ᠡᠮᠨᠡᠯᠬᠡ ᠶᠢᠨ ᠬᠤᠷᠢᠶ᠎ᠠ᠂ ᠮᠣᠩᠭᠤᠯ ᠡᠮᠨᠡᠯᠬᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ ᠤ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号