ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ | ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ | ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄ | ︽ᠥᠥᠰᠢᠨ ᠬᠤᠰᠢᠭᠤᠨ ᠤ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ | ᠶᠢ ᠬᠡᠷᠡᠭᠵᠢᠬᠦᠯᠬᠦ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠤ 6 ᠳ᠋ᠤᠭᠠᠷ ᠤᠳᠠᠭᠠᠨ ᠤ ᠪᠠᠶᠢᠩᠭᠤ | ᠶᠢᠨ ᠠᠵᠢᠯ ᠤᠨ ᠬᠤᠷᠠᠯ ᠢᠶᠠᠷ ᠰᠤᠳᠤᠯᠤᠨ ᠵᠦᠪᠰᠢᠶᠡᠷᠡᠵᠦ ᠡᠳᠥᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠡᠷᠡᠢ᠃ | ᠥᠥᠰᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ | 2018 ᠣᠨ ᠤ 8 ᠰᠠᠷ᠎ᠠ ᠶᠢᠨ 14 ᠤ ᠡᠳᠦᠷ | | ᠥᠥᠰᠢᠨ ᠬᠤᠰᠢᠭᠤᠨ ᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ | | ︽ᠥᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ | ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ︾ ︵ᠥᠪᠤᠷ ᠵᠠᠰᠠᠭ ᠠᠯᠪᠠᠨ ᠲᠠᠷᠬᠠᠭᠠᠭᠰᠠᠨ ﹇ | 2016﹈ 158 ᠳ᠋ᠤᠭᠠᠷ ᠲᠤᠭᠠᠲᠤ︶ ᠪᠤᠯᠤᠨ ︽ᠣᠷᠳᠣᠰ ᠬᠤᠲᠠ ᠶᠢᠨ ᠲᠠᠷᠢᠶᠠᠯᠠᠩ ᠳᠤ ᠭᠡᠷᠡᠭᠯᠡᠬᠦ ᠣᠰᠣᠨ ᠤ | ᠦᠨ᠎ᠡ ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ︾ ︵ᠣᠷᠳᠣᠰ ᠵᠠᠰᠠᠭ ᠠᠯᠪᠠᠨ | ᠲᠠᠷᠬᠠᠭᠠᠭᠰᠠᠨ ﹇2017﹈ 68 ᠳ᠋ᠤᠭᠠᠷ ᠲᠤᠭᠠᠲᠤ︶ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠪᠦᠷᠢᠯᠳᠦᠬᠦ ᠲᠤᠭᠲᠠᠴᠠ᠂ ᠲᠠᠷᠢᠶᠠᠯᠠᠩ ᠤᠨ | ᠣᠰᠣᠯᠠᠯᠲᠠ ᠶᠢᠨ ᠣᠰᠣ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠨᠤᠷᠮ᠎ᠠ ᠲᠤᠭᠲᠠᠭᠠᠨ ᠬᠠᠮᠢᠶᠠᠷᠬᠤ ᠲᠦᠷᠢᠮ | ᠢ ᠪᠦᠷᠢᠨᠰᠢᠬᠦᠯᠦᠨ ᠣᠰᠣᠨ ᠡᠬᠢ ᠪᠠᠶᠠᠯᠢᠭ ᠤᠨ ᠵᠦᠢ ᠵᠤᠬᠢᠰᠲᠠᠢ ᠲᠤᠬᠢᠷᠠᠭᠤᠯᠤᠯᠲᠠ ᠪᠠ ᠦᠨᠳᠦᠷ ᠪᠦᠲᠦᠮᠵᠢᠲᠡᠢ | ᠠᠰᠢᠭᠯᠠᠯᠲᠠ ᠶᠢ ᠠᠬᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ | ᠠᠵᠢᠯᠯᠠᠬᠤ ᠶᠢ ᠪᠠᠲᠤᠯᠠᠬᠤ ᠶᠢᠨ ᠲᠦᠯᠥᠭᠡ ᠮᠠᠨ ᠤ ᠬᠤᠰᠢᠭᠤᠨ ᠤ ᠪᠣᠳᠠᠳᠣ ᠪᠠᠶᠢᠳᠠᠯ ᠲᠠᠢ ᠣᠶᠠᠯᠳᠣᠭᠤᠯᠣᠨ ᠳᠣᠰ | ᠲᠦᠰᠥᠯ ᠢ ᠳᠣᠭᠳᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠣᠯᠣᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠲᠠᠪᠤᠷᠢᠵᠢᠭᠤᠯᠵᠦ ᠰᠢᠨ᠎ᠡ ᠶᠢ ᠡᠭᠦᠳᠴᠤ᠂ ᠡᠶ᠎ᠡ ᠵᠤᠬᠢᠴᠠᠯ ᠲᠠᠢ᠂ ᠪᠤᠬᠢᠷᠳᠤᠯ ᠦᠬᠡᠢ᠂ ᠨᠡᠭᠡᠭᠡᠯᠲᠡᠲᠡᠢ᠂ ᠬᠠᠮᠲᠤ | ᠪᠠᠷ ᠡᠳ᠋ᠯᠡᠬᠦ ᠬᠦᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠨ ᠣᠯᠣᠰ ᠤᠨ ᠠᠮᠤ ᠪᠤᠳᠠᠭᠠᠨ ᠤ | ᠠᠮᠤᠷ ᠲᠦᠪᠰᠢᠨ ᠪᠤᠯᠤᠨ ᠤᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠤᠭᠤᠷᠢᠨ ᠳᠤ ᠤᠰᠤ ᠠᠷᠪᠢᠯᠠᠬᠤ ᠶᠢ | ᠤᠷᠢᠳᠠᠪᠡᠷ ᠪᠤᠳᠤᠯᠬᠢᠯᠠᠬᠤ ᠴᠢᠭᠯᠡᠯᠲᠡ ᠶᠢ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠲᠡ ᠪᠤᠯᠤᠨ ᠣᠰᠣᠨ ᠤ ᠲᠠᠷᠢᠶᠠᠯᠠᠩ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ | ᠬᠠᠮᠢᠶᠠᠷᠤᠯᠲᠠ ᠢ ᠴᠢᠩᠭᠠᠳᠬᠠᠨ ᠵᠠᠬ᠎ᠠ ᠳᠡᠯᠭᠡᠭᠦᠷ ᠨᠢ ᠡᠬᠢ ᠪᠠᠶᠠᠯᠢᠭ ᠤᠨ ᠲᠤᠬᠢᠷᠠᠭᠤᠯᠤᠯᠲᠠ ᠳᠤ ᠰᠢᠢᠳᠪᠤᠷᠢᠯᠡᠭᠴᠢ | ᠦᠢᠯᠡᠳᠦᠯ ᠭᠠᠷᠭᠠᠬᠤ ᠶᠢ ᠪᠠᠷᠢᠮᠳᠠᠯᠠᠵᠤ ᠵᠠᠰᠠᠭ ᠤᠨ ᠣᠷᠳᠣᠨ ᠪᠤᠯᠤᠨ ᠵᠠᠬ᠎ᠠ ᠳᠡᠯᠭᠡᠭᠦᠷ ᠬᠠᠮᠲᠤᠪᠡᠷ ᠬᠦᠴᠦᠯᠡᠨ | ᠪᠠᠶᠢᠭᠤᠯᠵᠤ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠨ᠎ᠠ᠃ ᠲᠠᠷᠢᠶᠠᠨ ᠭᠠᠵᠠᠷ ᠤᠨ ᠣᠰᠤᠨ | ᠠᠰᠢᠭᠯᠠᠯᠲᠠ ᠶᠢᠨ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠬᠦᠯᠬᠦ ᠪᠠᠷ ᠰᠠᠭᠤᠷᠢ ᠪᠤᠯᠭᠠᠵᠤ ᠲᠠᠷᠢᠶᠠᠯᠠᠩ ᠳᠤ | ᠬᠡᠷᠡᠭᠯᠡᠬᠦ ᠣᠰᠣᠨ ᠤ ᠦᠨ᠎ᠡ ᠶᠢᠨ ᠪᠦᠷᠢᠯᠳᠦᠯ ᠤᠨ ᠲᠤᠭᠲᠠᠴᠠ ᠶᠢ ᠪᠦᠷᠢᠨᠰᠢᠬᠦᠯᠬᠦ ᠪᠠᠷ ᠭᠤᠣᠯᠳᠠᠯᠭ᠎ᠠ ᠪᠤᠯᠭᠠᠨ | ᠰᠢᠨ᠎ᠡ ᠶᠢ ᠡᠭᠦᠳᠭᠦ ᠪᠠᠶᠢᠭᠤᠯᠤᠮᠵᠢ ᠲᠤᠭᠲᠠᠴᠠ ᠪᠠᠷ ᠬᠦᠳᠡᠯᠭᠡᠭᠴᠢ ᠬᠦᠴᠦ ᠪᠤᠯᠭᠠᠵᠤ ᠲᠠᠷᠢᠶᠠᠯᠠᠩ ᠤᠨ ᠣᠰᠣᠯᠠᠯᠲᠠ | ᠶᠢᠨ ᠣᠰᠣ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠲᠤᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢᠨ | ᠲᠦᠷᠢᠮ ᠢ ᠲᠦᠯᠬᠢᠨ ᠠᠬᠢᠭᠤᠯᠵᠦ ᠣᠰᠤᠨ ᠤ ᠡᠬᠢ ᠪᠠᠶᠠᠯᠢᠭ ᠬᠤᠮᠰᠠᠳᠠᠵᠤ ᠪᠠᠶᠢᠭ᠎ᠠ ᠬᠡᠮᠵᠢᠶ᠎ᠡ ᠶᠢ ᠲᠤᠰᠬᠠᠭᠰᠠᠨ | ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠬᠠᠩᠰᠢ ᠶᠢᠨ ᠪᠦᠷᠢᠯᠳᠦᠯ ᠤᠨ ᠲᠤᠭᠲᠠᠴᠠ ᠶᠢ ᠲᠦᠷᠭᠡᠳᠬᠡᠨ | ᠪᠠᠶᠢᠭᠤᠯᠵᠤ ᠲᠠᠷᠢᠶᠠᠯᠠᠩ ᠳᠤ ᠬᠡᠷᠡᠭᠯᠡᠬᠦ ᠣᠰᠣ ᠶᠢ ᠠᠷᠪᠢᠯᠠᠨ ᠭᠠᠮᠨᠠᠬᠤ ᠤᠷᠮᠠᠰᠢᠭᠤᠯᠬᠤ ᠲᠤᠭᠲᠠᠴᠠ ᠶᠢ | ᠲᠡᠭᠦᠯᠳᠡᠷᠵᠢᠬᠦᠯᠦᠨ ᠲᠠᠷᠢᠶᠠᠯᠠᠩ ᠳᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠬᠦᠯᠵᠦ ᠣᠰᠣᠨ ᠡᠬᠢ ᠪᠠᠶᠠᠯᠢᠭ ᠢ | ᠠᠷᠪᠢᠯᠠᠨ ᠭᠠᠮᠨᠠᠵᠤ ᠠᠰᠢᠭᠯᠠᠬᠤ ᠶᠢ ᠪᠠᠲᠤᠯᠠᠨ ᠲᠠᠷᠢᠶᠠᠨ ᠭᠠᠵᠠᠷ ᠤᠨ ᠣᠰᠤᠨ ᠠᠰᠢᠭᠯᠠᠯᠲᠠ ᠶᠢᠨ ᠢᠨᠵᠧᠨᠧᠷᠢᠩ ᠤᠨ | ᠰᠠᠶᠢᠨ ᠠᠵᠢᠯᠯᠠᠬᠤ ᠶᠢ ᠠᠬᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠶᠡᠷᠦᠩᠬᠡᠶᠢᠯᠡᠨ ᠬᠡᠷᠡᠭᠵᠢᠬᠦᠯᠬᠦ ᠶᠢ ᠪᠠᠷᠢᠮᠳᠠᠯᠠᠨ᠎ᠠ᠃ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ | ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠪᠤᠯᠤᠨ ᠣᠰᠤᠨ ᠤ ᠡᠷᠭᠡ ᠶᠢᠨ ᠲᠦᠷᠢᠮ ᠤᠨ ᠪᠦᠲᠦᠭᠡᠨ ᠪᠠᠶᠢᠭᠤᠯᠤᠯᠲᠠ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠲᠤᠭᠲᠠᠴᠠ | ᠶᠢᠨ ᠰᠢᠨ᠎ᠡ ᠡᠭᠦᠳᠦᠯᠲᠡ᠂ ᠲᠠᠷᠢᠶᠠᠯᠠᠩ ᠤᠨ ᠬᠦᠭᠵᠢᠯᠲᠡ ᠶᠢᠨ ᠬᠡᠯᠪᠡᠷᠢ ᠶᠢᠨ ᠬᠤᠪᠢᠷᠠᠯᠲᠠ᠂ ᠪᠡᠯᠡ ᠤᠷᠤᠭᠤᠯᠵᠤ | ᠪᠡᠯᠡ ᠲᠤᠬᠢᠷᠠᠭᠤᠯᠬᠤ ᠲᠤᠭᠲᠠᠴᠠ ᠶᠢᠨ ᠦᠭᠡᠷᠡᠴᠢᠯᠡᠯᠲᠡ ᠪᠠ ᠣᠰᠤᠨ ᠠᠰᠢᠭᠯᠠᠯᠲᠠ ᠶᠢᠨ ᠢᠨᠵᠧᠨᠧᠷᠢᠩ ᠤᠨ | ᠬᠠᠮᠢᠶᠠᠷᠣᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠵᠡᠷᠭᠡ ᠪᠤᠰᠤᠳ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ | ᠶᠢ ᠠᠪᠴᠠᠯᠳᠤᠭᠤᠯᠵᠤ ᠢᠨᠵᠧᠨᠧᠷᠢᠩ ᠢ ᠲᠦᠬᠦᠷᠵᠢᠬᠦᠯᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠦᠨ᠎ᠡ ᠶᠢ | ᠲᠤᠬᠢᠷᠠᠭᠤᠯᠬᠤ᠂ ᠮᠡᠷᠭᠡᠵᠢᠯ ᠢ ᠳᠡᠯᠭᠡᠷᠡᠭᠦᠯᠬᠦ᠂ ᠡᠳ᠋ ᠤᠨ ᠵᠠᠰᠠᠭ ᠤᠨ ᠱᠠᠩᠨᠠᠵᠦ ᠨᠦᠬᠦᠪᠤᠷᠢ ᠤᠯᠭᠤᠬᠤ᠂ ᠪᠦᠲᠦᠴᠡ | ᠶᠢ ᠰᠢᠯᠢᠳᠡᠭᠵᠢᠬᠦᠯᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ ᠲᠠᠷᠢᠶᠠᠯᠠᠩ ᠳᠤ ᠬᠡᠷᠡᠭᠯᠡᠬᠦ ᠣᠰᠣᠨ ᠤ | ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠤᠨ᠎ᠠ᠃ | ︵ᠬᠤᠶᠠᠷ︶ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠬᠤ ᠶᠢ ᠪᠠᠷᠢᠮᠳᠠᠯᠠᠨ᠎ᠠ᠃ ᠡᠯ᠎ᠡ ᠰᠤᠮᠤ | ᠪᠠᠯᠭᠠᠰᠤᠨ ᠤ ᠣᠰᠣᠨ ᠴᠦᠬᠦᠷᠦᠮ ᠤᠨ ᠣᠰᠣᠯᠠᠯᠲᠠ ᠶᠢᠨ ᠣᠷᠣᠨ᠂ ᠬᠤᠳᠳᠤᠭ ᠢᠶᠠᠷ ᠣᠰᠣᠯᠠᠬᠤ ᠭᠠᠵᠠᠷ ᠤᠨ | ᠣᠰᠣᠨ ᠤ ᠡᠬᠢ ᠪᠠᠶᠠᠯᠢᠭ ᠤᠨ ᠨᠦᠬᠦᠴᠡᠯ ᠪᠠᠶᠢᠳᠠᠯ᠂ ᠲᠠᠷᠢᠶᠠᠨ ᠭᠠᠵᠠᠷ ᠤᠨ ᠣᠰᠤᠨ ᠠᠰᠢᠭᠯᠠᠯᠲᠠ ᠶᠢᠨ | ᠢᠨᠵᠧᠨᠧᠷᠢᠩ ᠤᠨ ᠣᠳᠣᠬᠢ ᠪᠠᠶᠢᠳᠠᠯ᠂ ᠠᠵᠤ ᠠᠬᠤᠢ ᠶᠢᠨ ᠬᠦᠭᠵᠢᠯᠲᠡ ᠶᠢᠨ ᠪᠠᠶᠢᠳᠠᠯ᠂ ᠲᠠᠷᠢᠮᠠᠯ ᠤᠨ ᠪᠦᠲᠦᠴᠡ | ᠪᠠ ᠣᠰᠣᠯᠠᠯᠲᠠ ᠶᠢᠨ ᠨᠦᠬᠦᠴᠡᠯ ᠵᠡᠷᠭᠡ ᠵᠦᠷᠢᠶᠡᠲᠤ ᠴᠢᠨᠠᠷ ᠢ ᠢᠯᠭᠠᠵᠤ ᠭᠠᠵᠠᠷ ᠰᠢᠷᠦᠢ ᠶᠢᠨ ᠡᠷᠬᠢᠯᠲᠡ᠂ | ᠲᠠᠷᠢᠶᠠᠯᠠᠩ ᠤᠨ ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠬᠤ ᠲᠠᠢ ᠤᠶᠠᠯᠳᠤᠭᠤᠯᠤᠨ ᠲᠠᠷᠢᠶᠠᠴᠢᠳ ᠤᠨ ᠬᠦᠰᠡᠯ | ᠰᠠᠨᠠᠯ ᠢ ᠬᠦᠨᠳᠦᠳᠬᠡᠭᠰᠡᠨ ᠤᠷᠢᠳᠠᠯ ᠲᠤᠤᠷ᠎ᠠ ᠬᠦᠢᠴᠡᠳ ᠪᠠᠶᠢᠴᠠᠭᠠᠨ ᠰᠣᠳᠣᠯᠣᠨ ᠨᠤᠳᠠᠯᠠᠯᠲᠠ ᠬᠢᠵᠦ ᠲᠤᠬᠠᠢ ᠶᠢᠨ | ᠭᠠᠵᠠᠷ ᠤᠷᠤᠨ ᠤ ᠪᠤᠳᠠᠳᠤ ᠪᠠᠶᠢᠳᠠᠯ ᠳᠤ ᠨᠡᠶᠢᠴᠡᠭᠰᠡᠨ ᠦᠨᠡᠨ ᠪᠤᠳᠠᠳᠠᠢ ᠶᠠᠪᠤᠭᠳᠠᠭᠤᠯᠵᠤ ᠪᠤᠯᠬᠤ ᠲᠠᠷᠢᠶᠠᠯᠠᠩ ᠳᠤ | ᠬᠡᠷᠡᠭᠯᠡᠬᠦ ᠣᠰᠣᠨ ᠤ ᠦᠨ᠎ᠡ ᠶᠢᠨ ᠦᠭᠡᠷᠡᠴᠢᠯᠡᠯᠲᠡ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃ | ︵ᠭᠤᠷᠪᠠ︶ ᠬᠤᠶᠠᠷ ᠲᠠᠯ᠎ᠠ ᠪᠠᠷ ᠴᠢᠩᠭ᠎ᠠ ᠠᠳᠬᠤᠬᠤ ᠶᠢ ᠪᠠᠷᠢᠮᠳᠠᠯᠠᠨ᠎ᠠ᠃ ᠵᠠᠬ᠎ᠠ ᠳᠡᠯᠭᠡᠭᠦᠷ ᠤᠨ | ᠦᠢᠯᠡᠳᠦᠯ ᠪᠤᠯᠤᠨ ᠵᠠᠰᠠᠭ ᠤᠨ ᠣᠷᠳᠣᠨ ᠤ ᠦᠢᠯᠡᠳᠦᠯ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ ᠵᠠᠬ᠎ᠠ | ᠳᠡᠯᠭᠡᠭᠦᠷ ᠨᠢ ᠣᠰᠣᠨ ᠤ ᠡᠬᠢ ᠪᠠᠶᠠᠯᠢᠭ ᠤᠨ ᠲᠤᠬᠢᠷᠠᠭᠤᠯᠤᠯᠲᠠ ᠳᠤ ᠰᠢᠢᠳᠪᠤᠷᠢᠯᠡᠭᠴᠢ ᠦᠢᠯᠡᠳᠦᠯ ᠦᠵᠡᠬᠦᠯᠵᠦ | ᠲᠠᠷᠢᠶᠠᠯᠠᠩ ᠤᠨ ᠣᠰᠣ ᠠᠷᠪᠢᠯᠠᠬᠤ ᠶᠢ ᠠᠬᠢᠭᠤᠯᠬᠤ ᠮᠦᠷᠳᠡᠭᠡᠨ ᠪᠠᠰᠠ ᠵᠠᠰᠠᠭ ᠤᠨ ᠣᠷᠳᠣᠨ ᠤ ᠣᠳᠣᠷᠢᠳᠣᠮᠵᠢ | ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ ᠲᠠᠷᠢᠶᠠᠯᠠᠩ ᠳᠠᠬᠢ ᠣᠰᠣ ᠬᠡᠷᠡᠭᠯᠡᠬᠦ ᠦᠨᠳᠦᠰᠦᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ ᠲᠠᠷᠢᠶᠠᠴᠢᠳ ᠤᠨ ᠳᠠᠷᠤᠭᠠᠰᠤ ᠶᠢ ᠶᠡᠷᠦᠩᠬᠡᠢ ᠳᠤᠨᠢ ᠦᠯᠦ ᠨᠡᠮᠡᠭᠳᠡᠬᠦᠯᠬᠦ ᠶᠢ ᠪᠠᠲᠤᠯᠠᠨ᠎ᠠ᠃ | | ︵ᠲᠦᠷᠪᠡ︶ ᠤᠯᠠᠨ ᠲᠠᠯ᠎ᠠ ᠪᠠᠷ ᠬᠠᠮᠲᠤᠷᠠᠨ ᠬᠦᠳᠡᠯᠦᠯᠴᠡᠬᠦ ᠶᠢ ᠪᠠᠷᠢᠮᠳᠠᠯᠠᠨ᠎ᠠ᠃ ᠲᠠᠷᠢᠶᠠᠯᠠᠩ ᠳᠤ ᠬᠡᠷᠡᠭᠯᠡᠬᠦ | ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠬᠤᠯᠪᠤᠭᠳᠠᠬᠤ ᠭᠡᠪᠴᠢᠶ᠎ᠡ ᠨᠢ ᠦᠷᠭᠡᠨ ᠪᠠᠶᠢᠵᠤ | ᠬᠦᠭᠵᠢᠬᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠣᠰᠣᠨ ᠤ ᠶᠠᠪᠤᠳᠠᠯ᠂ ᠮᠠᠯ ᠲᠠᠷᠢᠶᠠᠯᠠᠩ᠂ ᠤᠯᠤᠰ ᠤᠨ | ᠭᠠᠵᠠᠷ ᠰᠢᠷᠤᠢ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠵᠤᠬᠢᠴᠠᠭᠤᠯᠤᠨ ᠬᠠᠮᠵᠢᠯᠴᠠᠵᠦ ᠤᠯᠠᠨ ᠲᠠᠯ᠎ᠠ ᠪᠠᠷ | ᠬᠠᠮᠲᠤᠷᠠᠨ ᠬᠦᠳᠡᠯᠦᠯᠴᠡᠵᠤ ᠬᠦᠴᠦ ᠪᠠᠨ ᠬᠠᠮᠲᠤᠳᠬᠠᠨ ᠦᠭᠡᠷᠡᠴᠢᠯᠡᠯᠲᠡ ᠶᠢ ᠠᠬᠢᠭᠤᠯᠤᠨ᠎ᠠ᠃ | ︵ᠲᠠᠪᠤ︶ ᠬᠠᠩᠭᠠᠯᠭ᠎ᠠ ᠬᠡᠷᠡᠭᠴᠡᠭᠡ ᠶᠢ ᠨᠢᠭᠡᠳᠦᠯᠲᠡᠢ ᠲᠦᠯᠦᠪᠯᠡᠬᠦ ᠶᠢ ᠪᠠᠷᠢᠮᠳᠠᠯᠠᠨ᠎ᠠ᠃ ᠣᠰᠣ ᠬᠠᠩᠭᠠᠬᠤ | ᠬᠠᠮᠢᠶᠠᠷᠤᠯᠲᠠ ᠶᠢ ᠴᠢᠩᠭᠠᠳᠬᠠᠵᠤ ᠣᠰᠣ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠬᠦᠯᠦᠨ᠎ᠡ︔ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ ᠲᠠᠷᠢᠶᠠᠯᠠᠩ | ᠳᠤ ᠬᠡᠷᠡᠭᠯᠡᠬᠦ ᠣᠰᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ ᠲᠠᠷᠢᠶᠠᠯᠠᠩ ᠳᠤ ᠣᠰᠣ ᠬᠡᠷᠡᠭᠯᠡᠬᠦ ᠬᠡᠯᠪᠡᠷᠢ ᠶᠢᠨ ᠬᠤᠪᠢᠷᠠᠯᠲᠠ ᠶᠢ ᠲᠦᠯᠬᠢᠨ ᠠᠬᠢᠭᠤᠯᠤᠨ᠎ᠠ᠃ | ᠭᠤᠷᠪᠠ᠂ ᠶᠡᠷᠦᠩᠬᠡᠢ ᠬᠠᠷᠠᠯᠲᠠ | 10 ᠵᠢᠯ ᠣᠷᠴᠢᠮ ᠤᠨ ᠴᠠᠭ ᠢ ᠵᠠᠷᠤᠴᠠᠭᠤᠯᠤᠨ ᠲᠠᠷᠢᠶᠠᠯᠠᠩ ᠳᠤ ᠤᠰᠤ ᠬᠠᠩᠭᠠᠬᠤ ᠦᠪᠡᠷ ᠤᠨ ᠦᠷᠳᠡᠭ ᠢ | ᠵᠦᠢ ᠵᠤᠬᠢᠰᠲᠠᠢ ᠲᠤᠰᠬᠠᠭᠰᠠᠨ ᠤᠰᠤ ᠠᠷᠪᠢᠯᠠᠬᠤ ᠪᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠪᠠᠶᠢᠭᠤᠯᠤᠮᠵᠢ ᠲᠤᠭᠲᠠᠴᠠ ᠶᠢᠨ ᠰᠢᠨ᠎ᠡ ᠶᠢ ᠡᠭᠦᠳᠬᠦ ᠳᠤ ᠠᠰᠢᠭᠲᠠᠢ᠂ ᠪᠡᠯᠡ ᠤᠷᠤᠭᠤᠯᠤᠯᠲᠠ ᠪᠡᠯᠡ | ᠬᠤᠷᠠᠮᠳᠤᠭᠤᠯᠭ᠎ᠠ ᠶᠢᠨ ᠲᠤᠭᠲᠠᠴᠠ ᠲᠠᠢ ᠵᠤᠬᠢᠴᠠᠭᠰᠠᠨ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ | ᠪᠦᠷᠢᠯᠳᠦᠭᠰᠡᠨ ᠲᠤᠭᠲᠠᠴᠠ ᠶᠢ ᠪᠦᠲᠦᠭᠡᠨ ᠪᠠᠶᠢᠭᠤᠯᠤᠨ ᠲᠡᠭᠦᠯᠳᠡᠷᠵᠢᠬᠦᠯᠦᠨ᠎ᠡ︔ ᠲᠠᠷᠢᠶᠠᠯᠠᠩ ᠳᠤ ᠬᠡᠷᠡᠭᠯᠡᠬᠦ ᠣᠰᠣᠨ | ᠤ ᠦᠨ᠎ᠡ ᠬᠠᠩᠰᠢ ᠨᠢ ᠶᠡᠷᠤᠩᠬᠡᠢ ᠳᠡᠭᠡᠨ ᠡᠷᠬᠢᠯᠳᠦᠬᠦᠯᠵᠦ ᠠᠷᠠᠴᠢᠯᠠᠨ ᠬᠠᠮᠠᠭᠠᠯᠠᠬᠤ ᠦᠪᠡᠷ ᠤᠨ ᠥᠷᠳᠡᠭ ᠤᠨ ᠬᠢᠷᠢ | ᠲᠦᠪᠰᠢᠨ ᠳᠤ ᠬᠦᠷᠭᠡᠵᠦ᠂ ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ | ᠨᠤᠷᠮ᠎ᠠ ᠲᠤᠭᠳᠠᠭᠠᠨ ᠬᠠᠮᠢᠶᠠᠷᠬᠤ ᠶᠢ ᠨᠡᠶᠢᠲᠡᠮ ᠬᠡᠷᠡᠭᠵᠢᠬᠦᠯᠵᠦ ᠬᠡᠮᠵᠢᠯᠲᠡ ᠶᠢᠨ ᠲᠦᠬᠦᠭᠡᠷᠤᠮᠵᠢ ᠶᠢ ᠦᠨᠳᠦᠰᠦᠨ | ᠳᠡᠭᠡᠨ ᠢᠵᠢ ᠪᠦᠷᠢᠳᠦᠬᠦᠯᠦᠨ ᠨᠤᠷᠮ᠎ᠠ ᠲᠤᠭᠳᠠᠭᠠᠵᠤ ᠰᠦᠢᠳᠭᠡᠯ ᠬᠤᠷᠢᠶᠠᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ︔ ᠦᠨᠳᠦᠰᠦᠨ ᠱᠠᠲᠤᠨ ᠤ ᠲᠠᠷᠢᠶᠠᠯᠠᠩ ᠳᠤ ᠬᠡᠷᠡᠭᠯᠡᠬᠦ ᠣᠰᠣ ᠶᠢ ᠬᠠᠮᠢᠶᠠᠷᠴᠤ ᠬᠠᠮᠠᠭᠠᠯᠠᠬᠤ ᠪᠡᠶᠡᠴᠢ | ᠴᠤᠭᠴᠠ ᠶᠢ ᠲᠤᠳᠤᠷᠬᠠᠶᠢᠯᠠᠨ᠎ᠠ︔ ᠦᠷᠭᠦᠯᠵᠢᠯᠡᠬᠦᠶᠢᠴᠡ ᠲᠠᠷᠢᠶᠠᠯᠠᠩ ᠤᠨ ᠤᠰᠤ ᠬᠡᠷᠡᠭᠯᠡᠬᠦ ᠨᠠᠷᠢᠯᠢᠭ ᠤᠨᠤᠪᠴᠢᠲᠠᠢ | ᠨᠦᠬᠦᠪᠦᠷᠢ ᠪᠠ ᠤᠰᠤ ᠠᠷᠪᠢᠯᠠᠬᠤ ᠶᠢ ᠱᠠᠩᠨᠠᠬᠤ ᠲᠤᠭᠲᠠᠴᠠ ᠶᠢ ᠦᠨᠳᠦᠰᠦᠨ ᠳᠡᠭᠡᠨ ᠪᠠᠶᠢᠭᠤᠯᠵᠦ ᠲᠠᠷᠢᠶᠠᠯᠠᠩ ᠤᠨ | ᠤᠰᠤ ᠠᠷᠪᠢᠯᠠᠬᠤ ᠲᠡᠷᠢᠬᠦᠨ ᠤ ᠬᠡᠷᠡᠭᠯᠡᠬᠡᠨ ᠤ ᠮᠡᠷᠭᠡᠵᠢᠯ ᠠᠷᠭ᠎ᠠ ᠬᠡᠮᠵᠢᠶ᠎ᠡ ᠶᠢ ᠨᠡᠶᠢᠲᠡᠮ ᠬᠡᠷᠡᠭᠯᠡᠵᠦ ᠲᠠᠷᠢᠶᠠᠯᠠᠩ ᠤᠨ | ᠲᠠᠷᠢᠮᠠᠯ ᠤᠨ ᠪᠦᠲᠦᠴᠡ ᠶᠢ ᠰᠢᠯᠢᠳᠡᠭᠵᠢᠬᠦᠯᠦᠨ ᠲᠤᠬᠢᠷᠠᠭᠤᠯᠤᠨ᠎ᠠ᠃ | ᠲᠦᠷᠪᠡ᠂ ᠦᠭᠡᠷᠡᠴᠢᠯᠡᠯᠲᠡ ᠶᠢᠨ ᠡᠭᠦᠷᠭᠡ ᠪᠠ ᠠᠭᠤᠯᠭ᠎ᠠ | ︵ᠨᠢᠭᠡ︶ ᠲᠠᠷᠢᠶᠠᠨ ᠭᠠᠵᠠᠷ ᠤᠨ ᠤᠰᠤᠯᠠᠯᠲᠠ ᠶᠢᠨ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠬᠦᠯᠦᠨ᠎ᠡ᠃ | ᠮᠠᠨ ᠤ ᠬᠤᠰᠢᠭᠤ ᠲᠠᠷᠢᠶᠠᠨ ᠭᠠᠵᠠᠷ ᠤᠨ ᠣᠰᠣᠨ ᠠᠰᠢᠭᠯᠠᠯᠲᠠ ᠶᠢᠨ ᠲᠦᠯᠦᠪᠵᠢᠬᠦᠯᠬᠡ ᠪᠠᠷ ᠦᠨᠳᠦᠰᠦᠯᠡᠯ | ᠪᠤᠯᠭᠠᠨ ᠠᠳᠠᠯᠢ ᠪᠤᠰᠤ ᠭᠠᠵᠠᠷ ᠤᠷᠤᠨ ᠳᠤ ᠬᠠᠨᠳᠤᠭᠤᠯᠵᠤ ᠡᠯ᠎ᠡ ᠲᠦᠷᠦᠯ ᠤᠨ ᠤᠰᠤᠯᠠᠯᠲᠠ ᠶᠢᠨ ᠣᠷᠣᠨ ᠤ | ᠢᠨᠵᠧᠨᠧᠷᠢᠩ ᠤᠨ ᠲᠦᠬᠦᠭᠡᠷᠦᠮᠵᠢ ᠶᠢᠨ ᠲᠤᠲᠠᠭᠳᠠᠯ ᠢ ᠨᠦᠬᠦᠪᠦᠷᠢᠯᠡᠨ ᠤᠯᠠᠨ ᠲᠠᠯ᠎ᠠ ᠪᠠᠷ ᠪᠡᠯᠡ ᠮᠥᠩᠬᠦ | ᠴᠤᠭᠯᠠᠭᠤᠯᠵᠦ ᠲᠠᠷᠢᠶᠠᠯᠠᠩ᠂ ᠮᠠᠯ ᠠᠵᠤ ᠠᠬᠤᠢ᠂ ᠤᠰᠣᠨ ᠳᠤ ᠬᠤᠯᠪᠤᠭᠳᠠᠬᠤ ᠲᠦᠷᠦᠯ ᠵᠦᠢᠯ ᠤᠨ ᠪᠡᠯᠡ ᠮᠦᠩᠬᠦ | ᠶᠢ ᠴᠤᠮᠬᠤᠳᠬᠠᠬᠤ ᠶᠢ ᠴᠢᠩᠭᠠᠳᠬᠠᠵᠤ ᠤᠰᠤᠯᠠᠯᠲᠠ ᠶᠢᠨ ᠤᠷᠤᠨ ᠤ ᠭᠤᠤᠯᠯᠠᠭᠴᠢ ᠢᠨᠵᠧᠨᠧᠷᠢᠩ ᠪᠠ ᠦᠵᠦᠭᠦᠷ | ᠰᠣᠪᠠᠭ ᠤᠨ ᠰᠢᠰᠲ᠋ᠧᠮ ᠤᠨ ᠢᠵᠢ ᠪᠦᠷᠢᠳᠦᠬᠦᠯᠦᠨ ᠦᠭᠡᠷᠡᠴᠢᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠳᠤ ᠲᠤᠨᠤᠭ | ᠲᠦᠭᠦᠬᠡᠷᠤᠮᠵᠢ ᠶᠢᠨ ᠳᠡᠮᠵᠢᠯᠬᠡ ᠬᠠᠩᠭᠠᠨ᠎ᠠ᠃ ᠪᠦᠬᠦ ᠬᠤᠰᠢᠭᠤᠨ ᠤ ᠣᠰᠣᠨ ᠴᠦᠬᠦᠷᠦᠮ ᠤᠨ ᠣᠰᠣᠯᠠᠯᠲᠠ ᠶᠢᠨ | ᠣᠷᠣᠨ᠂ ᠣᠰᠣᠯᠠᠬᠤ ᠪᠠ ᠣᠰᠣ ᠵᠠᠯᠠᠬᠤ ᠢᠨᠵᠧᠨᠧᠷᠢᠩ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠭᠤᠤᠯᠳᠠᠯᠭᠠᠲᠠᠢ ᠲᠡᠭᠦᠯᠳᠡᠷᠵᠢᠬᠦᠯᠵᠦ᠂ ᠬᠤᠳᠳᠤᠭ ᠢᠶᠠᠷ ᠣᠰᠣᠯᠠᠬᠤ ᠤᠷᠤᠨ ᠤᠨᠴᠠᠭᠠᠶᠢᠯᠠᠨ ᠭᠠᠵᠠᠷ ᠲᠤᠤᠷᠠᠬᠢ | ᠤᠰᠤ ᠶᠢ ᠬᠡᠲᠤᠷᠡᠲᠡᠯ᠎ᠡ ᠲᠠᠳᠠᠵᠦ ᠠᠪᠤᠭᠰᠠᠨ ᠤᠷᠤᠨ ᠳᠤ ᠮᠠᠰᠢᠨ ᠬᠤᠳᠳᠤᠭ ᠤᠨ ᠪᠠᠶᠢᠷᠢᠰᠢᠯ ᠪᠠ ᠮᠠᠰᠢᠨ | ᠬᠤᠳᠳᠤᠭ ᠤᠨ ᠢᠵᠢ ᠪᠦᠷᠢᠳᠦᠬᠦᠯᠬᠦ ᠪᠦᠲᠦᠭᠡᠨ ᠪᠠᠶᠢᠭᠤᠯᠤᠯᠲᠠ ᠶᠢ ᠲᠤᠪᠤᠶᠢᠯᠭᠠᠨ ᠰᠢᠯᠢᠳᠡᠭᠵᠢᠬᠦᠯᠵᠤ᠂ ᠰᠦᠷᠴᠢᠨ | ᠤᠰᠤᠯᠠᠬᠤ ᠵᠡᠷᠭᠡ ᠤᠳᠣᠬᠢᠴᠢᠯᠠᠭᠰᠠᠨ ᠦᠨᠳᠦᠷ ᠦᠷ᠎ᠡ ᠪᠦᠲᠦᠮᠵᠢᠲᠡᠢ ᠨᠠᠷᠢᠯᠢᠭ ᠣᠨᠣᠪᠴᠢᠲᠠᠢ ᠣᠰᠣᠯᠠᠯᠲᠠ ᠶᠢ | ᠭᠤᠤᠯᠳᠠᠯᠭᠠᠲᠠᠢ ᠬᠦᠭᠵᠢᠬᠦᠯᠦᠨ᠎ᠡ᠃ | ︵ᠬᠤᠶᠠᠷ︶ ᠤᠰᠤ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢ ᠢᠵᠢ ᠪᠦᠷᠢᠳᠦᠬᠦᠯᠦᠨ᠎ᠡ᠃ ᠤᠰᠤ | ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠪᠤᠯ ᠲᠠᠷᠢᠶᠠᠯᠠᠩ ᠳᠤ ᠬᠡᠷᠡᠭᠯᠡᠬᠦ ᠣᠰᠣ ᠳᠠᠳᠠᠵᠤ ᠠᠪᠬᠤ ᠬᠠᠮᠢᠶᠠᠷᠤᠯᠲᠠ | ᠶᠢᠨ ᠰᠠᠭᠤᠷᠢ ᠲᠦᠭᠦᠭᠡᠷᠤᠮᠵᠢ ᠮᠦᠨᠴᠦ ᠲᠠᠷᠢᠶᠠᠯᠠᠩ ᠤᠨ ᠣᠰᠣᠨ ᠤ ᠰᠦᠢᠳᠬᠡᠯ ᠢ ᠲᠤᠭᠠᠴᠠᠵᠦ ᠬᠤᠷᠢᠶᠠᠬᠤ | ᠤᠷᠢᠳᠠᠯ ᠨᠦᠬᠦᠴᠡᠯ ᠪᠤᠯᠤᠨ᠎ᠠ᠃ ᠤᠰᠤ ᠬᠠᠩᠭᠠᠬᠤ ᠬᠡᠮᠵᠢᠯᠲᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠢ | ᠲᠦᠷᠭᠡᠳᠬᠡᠵᠦ ᠰᠢᠨ᠎ᠡ ᠪᠠᠶᠢᠭᠤᠯᠤᠭᠰᠠᠨ ᠥᠭᠡᠷᠡᠴᠢᠯᠡᠵᠦ ᠥᠷᠭᠡᠳᠬᠡᠵᠦ ᠪᠠᠶᠢᠭᠤᠯᠤᠭᠰᠠᠨ ᠤᠰᠤᠯᠠᠯᠲᠠ ᠶᠢᠨ ᠣᠷᠣᠨ | ᠤ ᠢᠨᠵᠧᠨᠧᠷᠢᠩ ᠳᠤ ᠬᠡᠮᠵᠢᠯᠲᠡ ᠶᠢᠨ ᠲᠦᠬᠦᠭᠡᠷᠤᠮᠵᠢ ᠶᠢ ᠵᠡᠷᠭᠡᠪᠡᠷ ᠪᠦᠲᠦᠭᠡᠨ ᠪᠠᠶᠢᠭᠤᠯᠬᠤ ᠬᠡᠷᠡᠭᠲᠡᠢ︔ ᠬᠡᠮᠵᠢᠯᠲᠡ | ᠶᠢᠨ ᠲᠦᠬᠦᠭᠡᠷᠤᠮᠵᠢ ᠶᠢ ᠬᠠᠷᠠᠬᠠᠨ ᠲᠤᠬᠢᠷᠠᠭᠤᠯᠤᠭᠠ ᠦᠭᠡᠢ ᠣᠰᠣᠯᠠᠯᠲᠠ ᠶᠢᠨ ᠣᠷᠣᠨ ᠳᠤ ᠥᠭᠡᠷᠡᠴᠢᠯᠡᠨ | ᠰᠠᠶᠢᠵᠢᠷᠠᠭᠤᠯᠬᠤ ᠪᠠᠷ ᠳᠠᠮᠵᠢᠭᠤᠯᠤᠨ ᠢᠵᠢ ᠪᠦᠷᠢᠳᠦᠬᠦᠯᠬᠦ ᠶᠢ ᠪᠤᠳᠠᠳᠠᠶᠢᠵᠢᠭᠤᠯᠤᠨ᠎ᠠ᠃ ᠬᠦᠨᠳᠦ ᠨᠤᠴᠢᠲᠠᠢ ᠪᠠᠷ | ᠤᠰᠤ ᠲᠤᠲᠠᠭᠳᠠᠵᠤ ᠪᠠᠶᠢᠭ᠎ᠠ ᠭᠠᠵᠠᠷ ᠤᠷᠤᠨ ᠪᠠ ᠭᠠᠵᠠᠷ ᠲᠤᠤᠷᠠᠬᠢ ᠤᠰᠤ ᠶᠢ ᠬᠡᠲᠤᠷᠡᠲᠡᠯ᠎ᠡ ᠲᠠᠲᠠᠵᠦ ᠠᠪᠤᠭᠰᠠᠨ | ᠭᠠᠵᠠᠷ ᠤᠷᠤᠨ ᠬᠤᠭᠤᠴᠠᠭ᠎ᠠ ᠬᠢᠵᠠᠭᠠᠷᠯᠠᠨ ᠢᠵᠢ ᠪᠦᠷᠢᠳᠦᠬᠦᠯᠦᠨ ᠲᠡᠭᠦᠯᠳᠡᠷᠵᠢᠬᠦᠯᠬᠦ ᠬᠡᠷᠡᠭᠲᠡᠢ᠃ ᠣᠰᠣ | ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢ ᠢᠵᠢ ᠪᠦᠷᠢᠳᠦᠬᠦᠯᠬᠦ ᠳᠤ ᠲᠡᠷᠢᠬᠦᠨ ᠤ ᠬᠡᠷᠡᠭᠴᠡᠭᠡᠲᠡᠢ᠂ ᠬᠡᠮᠵᠢᠯᠲᠡ | ᠨᠢ ᠵᠦᠪ ᠤᠨᠤᠪᠴᠢᠲᠠᠢ᠂ ᠬᠡᠷᠡᠭᠯᠡᠬᠦ ᠳᠤ ᠲᠦᠬᠦᠮ᠂ ᠲᠤᠤᠷ᠎ᠠ ᠦᠷᠳᠡᠭ᠂ ᠦᠨᠳᠦᠷ ᠠᠰᠢᠭ ᠲᠠᠢ ᠵᠠᠷᠴᠢᠮ ᠢ | ᠪᠠᠷᠢᠮᠳᠠᠯᠠᠵᠦ᠂ ᠤᠯᠠᠨ ᠲᠦᠮᠡᠨ ᠤ ᠬᠦᠯᠢᠶᠠᠨ ᠠᠪᠴᠤ ᠬᠡᠷᠡᠭᠯᠡᠬᠦ ᠳᠤ ᠲᠦᠬᠦᠮ ᠪᠠᠶᠢᠯᠭᠠᠨ᠎ᠠ᠃ ᠨᠦᠬᠦᠴᠡᠯ ᠲᠠᠢ | ᠭᠠᠵᠠᠷ ᠤᠷᠤᠨ ᠣᠰᠣ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠷᠢᠶᠠᠯᠠᠩ | ᠤᠨ ᠣᠰᠣᠯᠠᠯᠲᠠ ᠶᠢᠨ ᠤᠰᠣ ᠬᠡᠷᠡᠭᠯᠡᠬᠦ ᠮᠡᠳᠡᠭᠡ ᠵᠠᠩᠬᠢ ᠶᠢᠨ ᠬᠠᠮᠢᠶᠠᠷᠤᠯᠲᠠ ᠶᠢᠨ ᠰᠢᠰᠲ᠋ᠧᠮ ᠲᠠᠢ ᠵᠡᠷᠭᠡ ᠳᠤᠨᠢ | ᠪᠦᠲᠦᠭᠡᠨ ᠪᠠᠶᠢᠭᠤᠯᠤᠨ ᠬᠡᠷᠡᠭᠵᠢᠬᠦᠯᠵᠦ ᠲᠠᠷᠢᠶᠠᠯᠠᠩ ᠤᠨ ᠤᠰᠤᠯᠠᠯᠲᠠ ᠶᠢᠨ ᠣᠰᠣ ᠬᠡᠷᠡᠭᠯᠡᠬᠦ ᠬᠠᠮᠢᠶᠠᠷᠣᠯᠲᠠ ᠶᠢᠨ | ᠮᠡᠳᠡᠭᠡ ᠵᠠᠩᠬᠢᠴᠢᠯᠠᠯᠲᠠ ᠶᠢ ᠪᠡᠶᠡᠯᠡᠬᠦᠯᠦᠨ᠎ᠡ᠃ | ᠳᠤᠮᠳᠠ ᠪᠠᠭ᠎ᠠ ᠬᠡᠯᠪᠡᠷᠢ ᠶᠢᠨ ᠤᠰᠤᠯᠠᠯᠲᠠ ᠶᠢᠨ ᠣᠷᠣᠨ ᠭᠤᠤᠯᠯᠠᠭᠴᠢ ᠪᠠᠷᠢᠯᠭ᠎ᠠ ᠪᠠ ᠦᠵᠦᠭᠦᠷ ᠰᠣᠪᠠᠭ | ᠤᠨ ᠰᠢᠰᠲ᠋ᠧᠮ ᠢ ᠵᠠᠭᠠᠭ ᠬᠤᠪᠢᠶᠠᠵᠦ ᠦᠮᠴᠢᠯᠡᠵᠦ ᠪᠠᠶᠢᠬᠤ ᠴᠡᠭ ᠲᠤ ᠣᠰᠣ ᠬᠠᠩᠭᠠᠬᠤ ᠬᠡᠮᠵᠢᠯᠲᠡ ᠶᠢᠨ | ᠲᠦᠬᠦᠭᠡᠷᠤᠮᠵᠢ ᠶᠢ ᠡᠷᠬᠡᠪᠰᠢ ᠲᠤᠬᠢᠷᠠᠭᠤᠯᠵᠦ ᠲᠤᠬᠢᠭᠤᠷ ᠬᠡᠮᠵᠢᠯᠲᠡ ᠪᠠᠷ ᠬᠡᠮᠵᠢᠵᠦ ᠣᠰᠣ ᠬᠠᠩᠭᠠᠬᠤ ᠶᠢ | ᠪᠡᠶᠡᠯᠡᠭᠦᠯᠦᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠬᠠᠷᠢᠭᠤᠴᠠᠨ ᠬᠠᠮᠢᠶᠠᠷᠴᠤ᠂ | ᠬᠠᠩᠭᠠᠬᠤ ᠪᠠ ᠬᠡᠷᠡᠭᠯᠡᠬᠦ ᠬᠤᠶᠠᠷ ᠲᠠᠯ᠎ᠠ ᠪᠠᠷ ᠢᠶᠠᠨ ᠬᠠᠮᠲᠤᠪᠡᠷ ᠬᠡᠮᠵᠢᠵᠦ ᠬᠠᠷᠢᠯᠴᠠᠨ ᠬᠢᠨᠠᠯᠲᠠ ᠲᠠᠯᠪᠢᠬᠤ ᠠᠷᠭ᠎ᠠ ᠶᠢ | ᠬᠡᠷᠡᠭᠯᠡᠵᠦ ᠵᠦᠪ ᠤᠨᠤᠪᠴᠢᠲᠠᠢ ᠬᠡᠮᠵᠢᠯᠲᠡ ᠬᠢᠨ᠎ᠡ︔ ᠦᠵᠦᠭᠦᠷ ᠰᠣᠪᠠᠭ ᠤᠨ ᠰᠢᠰᠲ᠋ᠧᠮ᠂ ᠪᠠᠭ᠎ᠠ ᠬᠡᠯᠪᠡᠷᠢ ᠶᠢᠨ | ᠤᠰᠤᠯᠠᠯᠲᠠ ᠶᠢᠨ ᠣᠷᠣᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠡᠮᠵᠢᠯᠲᠡ ᠶᠢᠨ | ᠨᠢᠭᠡᠴᠢ ᠪᠠᠨ ᠨᠠᠷᠢᠯᠢᠭᠵᠢᠭᠤᠯᠵᠦ᠂ ᠬᠡᠮᠵᠢᠯᠲᠡ ᠶᠢᠨ ᠲᠦᠬᠦᠭᠡᠷᠤᠮᠵᠢ ᠪᠠᠨ ᠵᠦᠢ ᠵᠤᠬᠢᠰᠲᠠᠢ ᠲᠤᠬᠢᠷᠠᠭᠤᠯᠤᠨ᠂ | ᠲᠠᠷᠢᠶᠠᠴᠢᠳ ᠤᠨ ᠣᠰᠣ ᠬᠡᠷᠡᠭᠯᠡᠬᠦ ᠬᠤᠷᠰᠢᠶ᠎ᠠ ᠶᠢᠨ ᠵᠤᠬᠢᠶᠠᠨ ᠪᠠᠶᠢᠭᠤᠯᠤᠯᠲᠠ ᠵᠡᠷᠭᠡ ᠬᠠᠮᠢᠶᠠᠷᠤᠯᠲᠠ ᠶᠢᠨ ᠭᠤᠤᠯ | ᠴᠤᠭᠴᠠ ᠠᠴᠠ ᠬᠠᠷᠢᠭᠤᠴᠠᠨ ᠬᠠᠮᠢᠶᠠᠷᠴᠤ᠂ ᠤᠰᠤ ᠬᠡᠷᠡᠭᠯᠡᠬᠦ ᠪᠠᠶᠢᠭᠤᠯᠭ᠎ᠠ ᠨᠢᠭᠡᠴᠢ ᠡᠰᠡᠭᠦᠯ᠎ᠡ ᠬᠤᠪᠢ ᠬᠦᠮᠦᠨ ᠲᠠᠢ | ᠬᠠᠩᠭᠠᠬᠤ ᠪᠠ ᠬᠡᠷᠡᠭᠯᠡᠬᠦ ᠬᠤᠶᠠᠷ ᠲᠠᠯ᠎ᠠ ᠪᠠᠷ ᠢᠶᠠᠨ ᠬᠠᠮᠲᠤᠪᠡᠷ ᠬᠡᠮᠵᠢᠵᠦ ᠬᠠᠷᠢᠯᠴᠠᠨ ᠬᠢᠨᠠᠯᠲᠠ ᠲᠠᠯᠪᠢᠬᠤ ᠠᠷᠭ᠎ᠠ ᠶᠢ | ᠬᠡᠷᠡᠭᠯᠡᠵᠦ ᠵᠦᠪ ᠤᠨᠤᠪᠴᠢᠲᠠᠢ ᠬᠡᠮᠵᠢᠯᠲᠡ ᠬᠢᠨ᠎ᠡ᠃ ᠤᠰᠤ ᠲᠠᠲᠠᠬᠤ ᠤᠰᠤᠯᠠᠯᠲᠠ ᠶᠢᠨ ᠤᠷᠤᠨ ᠤ ᠣᠰᠣᠨ | ᠬᠦᠭᠡᠷᠭᠡ ᠶᠢᠨ ᠦᠷᠳᠡᠭᠡᠨ ᠤ ᠭᠠᠷᠬᠤ ᠠᠮᠠᠰᠠᠷ ᠬᠦᠷᠳᠡᠯ᠎ᠡ ᠬᠡᠮᠵᠢᠵᠦ᠂ ᠭᠠᠵᠠᠷ ᠲᠤᠤᠷᠠᠬᠢ ᠤᠰᠤ ᠪᠠᠷ ᠤᠰᠤᠯᠠᠬᠤ | ᠬᠤᠳᠳᠤᠭ ᠲᠠᠢ ᠤᠰᠤᠯᠠᠯᠲᠠ ᠶᠢᠨ ᠤᠷᠤᠨ ︽ᠴᠠᠬᠢᠯᠭᠠᠨ ᠢᠶᠠᠷ ᠣᠰᠣᠨ ᠤ ᠬᠡᠮᠵᠢᠶ᠎ᠡ ᠶᠢ ᠲᠤᠭᠲᠠᠭᠠᠵᠦ᠂ ᠤᠰᠤ | ᠴᠠᠬᠢᠯᠭᠠᠨ ᠬᠤᠤᠰ ᠡᠵᠡᠮᠳᠡᠭᠦᠷ ᠢ ᠬᠡᠷᠡᠭᠯᠡᠬᠦ︾ ᠵᠡᠷᠭᠡ ᠬᠡᠮᠵᠢᠯᠲᠡ ᠶᠢᠨ ᠠᠷᠭ᠎ᠠ ᠬᠡᠯᠪᠡᠷᠢ ᠢ ᠬᠡᠷᠡᠭᠵᠢᠬᠦᠯᠵᠤ ︽ᠨᠢᠭᠡ | ᠬᠤᠳᠳᠤᠭ ︵ᠬᠦᠭᠡᠷᠭᠡ︶ ᠨᠢᠭᠡ ᠬᠡᠮᠵᠢᠬᠦᠷ᠂ ᠨᠢᠭᠡ ᠡᠷᠦᠭᠡ ᠨᠢᠭᠡ ᠺᠠᠷᠲ︾ ᠤᠨ ᠬᠡᠮᠵᠢᠯᠲᠡ ᠶᠢᠨ ᠬᠡᠪ ᠵᠠᠭᠪᠤᠷ ᠢ | ᠠᠯᠬᠤᠮ ᠠᠯᠬᠤᠮ ᠢᠶᠠᠷ ᠬᠡᠷᠡᠭᠵᠢᠬᠦᠯᠦᠨ᠎ᠠ᠃ | ︵ᠭᠤᠷᠪᠠ︶ ᠣᠰᠣ ᠠᠷᠪᠢᠯᠠᠬᠤ ᠮᠡᠷᠭᠡᠵᠢᠯ ᠤᠨ ᠠᠷᠭ᠎ᠠ ᠪᠠᠷᠢᠯ ᠢ ᠳᠡᠯᠭᠡᠷᠡᠭᠦᠯᠦᠨ᠎ᠡ᠃ ᠡᠯ᠎ᠡ ᠰᠤᠮᠤ ᠪᠠᠯᠭᠠᠰᠤ | ᠠᠮᠤ ᠪᠤᠳᠠᠭᠠᠨ ᠤ ᠤᠨᠠᠯᠲᠠ ᠪᠤᠯᠤᠨ ᠦᠢᠯᠡᠳᠪᠤᠷᠢᠯᠡᠬᠦ ᠴᠢᠳᠠᠪᠤᠷᠢ ᠶᠢ ᠲᠤᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ | ᠤᠷᠤᠨ ᠪᠦᠰᠡ ᠶᠢᠨ ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠪᠠᠷ ᠤᠷᠢᠳᠠᠯ ᠪᠤᠯᠭᠠᠨ ᠭᠠᠵᠠᠷ | ᠤᠷᠤᠨ ᠤ ᠪᠠᠶᠢᠳᠠᠯ ᠳᠠᠭᠠᠨ ᠲᠤᠬᠢᠷᠠᠭᠤᠯᠤᠨ ᠲᠠᠷᠢᠮᠠᠯ ᠤᠨ ᠪᠦᠲᠦᠴᠡ ᠪᠠᠨ ᠰᠢᠯᠢᠳᠡᠭᠵᠢᠬᠦᠯᠵᠦ᠂ ᠲᠠᠷᠢᠮᠠᠯ ᠤᠨ | ᠤᠷᠭᠤᠯᠲᠠ ᠶᠢᠨ ᠱᠠᠲᠤ ᠪᠤᠯᠤᠨ ᠪᠠᠶᠢᠭᠠᠯᠢ ᠶᠢᠨ ᠬᠤᠷ᠎ᠠ ᠲᠤᠨᠳᠠᠰᠣ ᠬᠠᠷᠢᠯᠴᠠᠨ ᠵᠤᠬᠢᠴᠠᠯᠳᠤᠭᠰᠠᠨ ᠲᠠᠷᠢᠶᠠᠯᠠᠩ ᠤᠨ | ᠲᠠᠷᠢᠮᠠᠯ ᠤᠨ ᠪᠦᠲᠦᠴᠡ ᠪᠠ ᠲᠠᠷᠢᠮᠠᠯ ᠤᠨ ᠲᠦᠷᠢᠮ ᠢ ᠪᠠᠶᠢᠭᠤᠯᠤᠨ᠎ᠠ᠃ ᠦᠵᠦᠭᠦᠷ ᠰᠤᠪᠠᠭ ᠰᠢᠰᠲ᠋ᠧᠮ ᠤᠨ ᠤᠰᠤ | ᠠᠷᠪᠢᠯᠠᠬᠤ ᠦᠭᠡᠷᠡᠴᠢᠯᠡᠯᠲᠡ᠂ ᠣᠰᠣ ᠠᠷᠪᠢᠯᠠᠬᠤ ᠤᠰᠤᠯᠠᠯᠲᠠ ᠶᠢᠨ ᠢᠵᠢ ᠪᠦᠷᠢᠳᠦᠬᠦᠯᠬᠦ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠪᠦᠲᠦᠴᠡ ᠶᠢᠨ ᠲᠤᠬᠢᠷᠠᠭᠤᠯᠤᠯᠲᠠ ᠳᠤ ᠲᠦᠰᠢᠭᠯᠡᠨ ᠰᠦᠷᠴᠢᠬᠦᠷ | ᠣᠰᠣᠯᠠᠯᠲᠠ᠂ ᠰᠡᠪᠡᠷᠡᠬᠦᠨ ᠣᠰᠣᠯᠠᠯᠲᠠ᠂ ᠲᠤᠰᠤᠯᠠᠭᠤᠷ ᠣᠰᠣᠯᠠᠯᠲᠠ ᠵᠡᠷᠭᠡ ᠦᠨᠳᠦᠷ ᠪᠦᠲᠦᠮᠵᠢᠲᠡᠢ ᠤᠰᠤ | ᠠᠷᠪᠢᠯᠠᠬᠤ ᠤᠰᠤᠯᠠᠯᠲᠠ ᠵᠢᠴᠢ ᠣᠰᠣ ᠪᠤᠷᠳᠤᠭᠤᠷ ᠤᠨ ᠴᠤᠭᠴᠠᠵᠢᠭᠤᠯᠤᠭᠰᠠᠨ ᠮᠡᠷᠭᠡᠵᠢᠯ ᠢ ᠶᠡᠭᠡ ᠬᠦᠴᠦᠨ ᠢᠶᠠᠷ | ᠲᠦᠯᠬᠢᠨ ᠠᠬᠢᠭᠤᠯᠵᠤ ᠲᠠᠷᠢᠶᠠᠨ ᠭᠠᠵᠠᠷ ᠤᠨ ᠣᠰᠣᠯᠠᠯᠲᠠ ᠶᠢᠨ ᠬᠡᠷᠡᠭᠯᠡᠬᠦ ᠤᠰᠤᠨ ᠤ ᠠᠰᠢᠭᠯᠠᠮᠵᠢ ᠶᠢ | ᠳᠡᠭᠡᠭᠰᠢᠯᠡᠬᠦᠯᠦᠨ ᠲᠠᠷᠢᠶᠠᠯᠠᠩ ᠤᠨ ᠤᠰᠤ ᠬᠡᠷᠡᠭᠯᠡᠬᠦ ᠨᠠᠷᠢᠯᠢᠭᠵᠢᠭᠤᠯᠤᠭᠰᠠᠨ ᠬᠦᠭᠵᠢᠯᠲᠡ ᠶᠢ ᠪᠡᠶᠡᠯᠡᠬᠦᠯᠦᠨ᠎ᠡ᠃ | ᠲᠠᠷᠢᠶᠠᠯᠠᠩ ᠤᠨ ᠮᠠᠰᠢᠨ᠂ ᠲᠠᠷᠢᠶᠠᠯᠠᠬᠤ ᠮᠡᠷᠭᠡᠵᠢᠯ ᠬᠠᠷᠢᠯᠴᠠᠨ ᠣᠶᠠᠯᠳᠤᠭᠰᠠᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠬᠤ᠂ ᠪᠦᠷᠬᠦᠪᠴᠢ ᠪᠠᠷ ᠴᠢᠬᠢᠭ ᠢ ᠬᠠᠮᠠᠭᠠᠯᠠᠬᠤ ᠵᠡᠷᠭᠡ ᠠᠷᠭ᠎ᠠ ᠠᠪᠴᠠᠯ ᠢ ᠢᠳᠡᠪᠬᠢᠲᠡᠢ ᠲᠦᠯᠬᠢᠨ | ᠠᠬᠢᠭᠤᠯᠵᠤ ᠪᠠᠶᠢᠭᠠᠯᠢ ᠶᠢᠨ ᠬᠤᠷ᠎ᠠ ᠲᠤᠨᠳᠠᠰᠤ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠣᠰᠤ | ᠠᠷᠪᠢᠯᠠᠬᠤ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠬᠦᠯᠬᠦ ᠪᠠ ᠮᠡᠷᠭᠡᠵᠢᠯ ᠤᠨ ᠪᠤᠯᠪᠠᠰᠤᠷᠠᠯ ᠢ ᠦᠷᠨᠢᠬᠦᠯᠵᠦ | ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠮᠡᠷᠭᠡᠵᠢᠯ ᠤᠨ ᠬᠢᠷᠢ ᠲᠦᠪᠰᠢᠨ ᠢ | ᠳᠡᠭᠡᠭᠰᠢᠯᠡᠬᠦᠯᠦᠨ᠎ᠡ᠃ | ︵ᠲᠦᠷᠪᠡ︶ ᠲᠠᠷᠢᠶᠠᠯᠠᠩ ᠤᠨ ᠤᠰᠤ ᠬᠠᠩᠭᠠᠬᠤ ᠦᠷ᠎ᠡ ᠪᠦᠲᠦᠮᠵᠢ ᠪᠠ ᠦᠷ᠎ᠡ ᠠᠰᠢᠭ ᠢ | ᠳᠡᠭᠡᠭᠰᠢᠯᠡᠬᠦᠯᠦᠨ᠎ᠡ᠃ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠰᠲ᠋ᠧᠮ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠲᠡᠭᠦᠯᠳᠡᠷᠵᠢᠬᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠲᠡ ᠶᠢ ᠠᠬᠢᠭᠤᠯᠤᠨ᠎ᠠ᠃ ᠡᠳ᠋ ᠤᠨ ᠵᠠᠰᠠᠭ ᠠᠴᠠ ᠲᠠᠷᠢᠶᠠᠯᠠᠩ ᠳᠤ ᠬᠡᠷᠡᠭᠯᠡᠬᠦ ᠤᠰᠤᠨ ᠤ | ᠦᠨ᠎ᠡ ᠬᠠᠩᠰᠢ ᠶᠢᠨ ᠶᠡᠷᠤᠩᠬᠡᠶᠢᠯᠡᠭᠰᠡᠨ ᠦᠭᠡᠷᠡᠴᠢᠯᠡᠯᠲᠡ ᠶᠢ ᠳᠡᠮᠵᠢᠬᠦ ᠬᠦᠴᠦᠯᠡᠴᠡ ᠶᠢ ᠶᠡᠬᠡᠳᠬᠡᠵᠦ ᠲᠦᠷᠦᠯ ᠵᠦᠢᠯ | ᠤᠨ ᠪᠡᠯᠡ ᠮᠦᠩᠬᠦ ᠶᠢ ᠴᠤᠮᠬᠤᠳᠬᠠᠬᠤ ᠶᠢ ᠴᠢᠩᠭᠠᠳᠬᠠᠨ ᠲᠠᠷᠢᠶᠠᠯᠠᠩ ᠤᠨ ᠣᠰᠣᠨ ᠠᠰᠢᠭᠯᠠᠯᠲᠠ ᠶᠢᠨ ᠪᠡᠯᠡ | ᠮᠦᠩᠬᠦ ᠶᠢᠨ ᠡᠳ᠋ ᠤᠨ ᠵᠠᠰᠠᠭ ᠤᠨ ᠤᠷᠤᠭᠤᠯᠤᠯᠲᠠ ᠶᠢᠨ ᠲᠤᠭᠲᠠᠴᠠ ᠶᠢ ᠪᠠᠶᠢᠭᠤᠯᠵᠦ ᠭᠤᠤᠯᠳᠠᠯᠭ᠎ᠠ ᠪᠠᠨ | ᠦᠭᠡᠷᠡᠴᠢᠯᠡᠯᠲᠡ ᠶᠢᠨ ᠢᠳᠡᠪᠬᠢᠵᠢᠯ ᠦᠨᠳᠦᠷ᠂ ᠠᠵᠢᠯ ᠤᠨ ᠦᠷ᠎ᠡ ᠪᠦᠲᠦᠮᠵᠢ ᠲᠠᠢ ᠤᠰᠤᠯᠠᠯᠲᠠ ᠶᠢᠨ ᠤᠷᠤᠨ | ᠳᠡᠰᠢ ᠬᠡᠯᠪᠡᠶᠢᠯᠭᠡᠨ᠎ᠡ᠃ ᠰᠡᠯᠪᠢᠵᠦ ᠬᠠᠮᠠᠭᠠᠯᠠᠬᠤ ᠪᠡᠯᠡ ᠮᠦᠩᠬᠦ ᠴᠤᠭᠯᠠᠭᠤᠯᠬᠤ ᠶᠢ ᠴᠢᠩᠭᠠᠳᠬᠠᠵᠤ ᠢᠨᠵᠧᠨᠧᠷᠢᠩ | ᠤᠨ ᠰᠡᠯᠪᠢᠯᠲᠡ ᠬᠠᠮᠠᠭᠠᠯᠠᠯᠲᠠ ᠶᠢ ᠰᠠᠶᠢᠲᠤᠷ ᠬᠢᠵᠦ ᠢᠨᠵᠧᠨᠧᠷᠢᠩ ᠤᠨ ᠰᠠᠶᠢᠨ ᠠᠵᠢᠯᠯᠠᠬᠤ ᠶᠢ ᠪᠠᠲᠤᠯᠠᠨ᠎ᠠ᠃ ᠤᠰᠤ | ᠬᠠᠩᠭᠠᠬᠤ ᠲᠦᠯᠦᠪᠯᠡᠭᠡ ᠬᠠᠮᠢᠶᠠᠷᠤᠯᠲᠠ ᠪᠠ ᠲᠤᠬᠢᠷᠠᠭᠤᠯᠤᠯᠲᠠ ᠶᠢ ᠴᠢᠩᠭᠠᠳᠬᠠᠨ ᠣᠰᠣ ᠬᠠᠩᠭᠠᠬᠤ ᠬᠠᠮᠢᠶᠠᠷᠤᠯᠲᠠ | ᠶᠢᠨ ᠮᠡᠳᠡᠭᠡ ᠵᠠᠩᠬᠢᠴᠢᠯᠠᠯᠲᠠ ᠠᠥ᠋ᠲ᠋ᠤᠴᠢᠯᠠᠯᠲᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠦ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠣᠯᠲᠠ ᠶᠢᠨ ᠪᠠᠶᠢᠭᠤᠯᠭ᠎ᠠ ᠨᠢᠭᠡᠴᠢ ᠶᠢᠨ ᠠᠵᠢᠯᠯᠠᠭᠠᠨ ᠤ ᠦᠷ᠎ᠡ ᠠᠰᠢᠭ | ᠪᠠ ᠣᠰᠣ ᠬᠠᠩᠭᠠᠬᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠬᠦᠯᠦᠨ ᠤᠰᠤᠯᠠᠯᠲᠠ ᠶᠢᠨ ᠣᠰᠣ ᠬᠡᠷᠡᠭᠯᠡᠬᠦ ᠵᠦᠢ | ᠵᠤᠬᠢᠰᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠮᠠᠨ ᠤ ᠬᠤᠰᠢᠭᠤ ᠤᠰᠤᠨ ᠠᠰᠢᠭᠯᠠᠯᠲᠠ ᠶᠢᠨ ᠢᠨᠵᠧᠨᠧᠷᠢᠩ | ᠤᠨ ᠬᠠᠮᠢᠶᠠᠷᠣᠯᠲᠠ ᠶᠢᠨ ᠪᠠᠶᠢᠭᠤᠯᠭ᠎ᠠ ᠨᠢᠭᠡᠴᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠬᠦᠴᠦᠯᠡᠴᠡ ᠪᠠᠨ | ᠶᠡᠬᠡᠳᠬᠡᠵᠦ ᠵᠦᠢ ᠵᠤᠬᠢᠰᠲᠠᠢ ᠪᠠᠷ ᠤᠷᠤᠨ ᠲᠤᠭ᠎ᠠ ᠲᠤᠭᠲᠠᠭᠠᠬᠤ᠂ ᠰᠢᠨᠵᠢᠯᠡᠬᠦ ᠤᠬᠠᠭᠠᠨᠴᠢ ᠪᠠᠷ ᠠᠵᠢᠯ ᠤᠨ ᠪᠠᠶᠢᠷᠢ | ᠲᠤᠬᠢᠷᠠᠭᠤᠯᠬᠤ᠂ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ᠂ ᠨᠠᠷᠢᠯᠢᠭᠵᠢᠭᠤᠯᠤᠨ ᠬᠠᠮᠢᠶᠠᠷᠬᠤ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ ᠲᠤᠳᠤᠭᠠᠲᠤ ᠶᠢᠨ ᠬᠠᠮᠢᠶᠠᠷᠤᠯᠲᠠ ᠪᠠᠨ ᠴᠢᠩᠭᠠᠳᠬᠠᠵᠤ ᠤᠰᠤ ᠬᠠᠩᠭᠠᠬᠤ ᠦᠪᠡᠷ ᠤᠨ | ᠦᠷᠳᠡᠭ ᠢ ᠪᠦᠲᠦᠮᠵᠢᠲᠡᠢ ᠪᠠᠭᠤᠷᠠᠭᠤᠯᠬᠤ ᠪᠦᠭᠡᠳ ᠦᠪᠡᠷ ᠤᠨ ᠦᠷᠳᠡᠭ ᠢ ᠢᠯᠡ ᠪᠤᠯᠭᠠᠬᠤ ᠶᠢ ᠠᠯᠬᠤᠮ ᠠᠯᠬᠤᠮ | ᠢᠶᠠᠷ ᠬᠡᠷᠡᠭᠵᠢᠬᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠯᠲᠠ ᠨᠢ ᠤᠰᠤᠨ ᠤ ᠦᠨ᠎ᠡ | ᠂ ᠤᠰᠤᠨ ᠤ ᠬᠡᠮᠵᠢᠶ᠎ᠡ᠂ ᠤᠰᠤᠨ ᠤ ᠰᠦᠢᠳᠬᠡᠯ ᠳᠤ ︽ᠭᠤᠷᠪᠠ ᠶᠢ ᠢᠯᠡ ᠪᠤᠯᠭᠠᠬᠤ︾ ᠲᠦᠷᠢᠮ ᠢ ᠭᠡᠷᠡᠭᠵᠢᠬᠦᠯᠵᠦ | ᠤᠰᠤᠨ ᠤ ᠰᠦᠢᠳᠬᠡᠯ ᠢ ᠪᠤᠳᠤᠵᠤ ᠬᠤᠷᠢᠶᠠᠬᠤ ᠬᠢᠭᠡᠳ ᠬᠡᠷᠡᠭᠯᠡᠵᠦ ᠬᠠᠮᠢᠶᠠᠷᠬᠤ ᠶᠢ ᠴᠢᠩᠭᠠᠳᠬᠠᠨ ᠤᠰᠤ ᠬᠠᠩᠭᠠᠬᠤ | ᠢᠨᠵᠧᠨᠧᠷᠢᠩ ᠢ ᠬᠠᠮᠠᠭᠠᠯᠬᠤ ᠬᠠᠮᠢᠶᠠᠷᠬᠤ ᠵᠦᠢ ᠵᠤᠬᠢᠰᠲᠠᠢ ᠵᠠᠷᠤᠯᠭ᠎ᠠ ᠶᠢᠨ ᠬᠡᠪᠴᠢᠶᠡᠨ ᠳᠤ ᠦᠨᠡᠨᠬᠦ ᠬᠡᠷᠡᠭᠯᠡᠨ᠎ᠡ᠃ | ︵ᠲᠠᠪᠤ︶ ᠣᠰᠣ ᠬᠡᠷᠡᠭᠯᠡᠬᠦ ᠦᠵᠦᠬᠦᠷ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠣᠯᠲᠠ ᠶᠢᠨ ᠠᠷᠭ᠎ᠠ ᠬᠡᠯᠪᠡᠷᠢ | ᠶᠢ ᠰᠢᠨᠡᠴᠢᠯᠡᠨ᠎ᠡ᠃ ᠲᠠᠷᠢᠶᠠᠴᠢᠨ ᠤ ᠣᠰᠣ ᠬᠡᠷᠡᠭᠯᠡᠬᠦ ᠶᠢ ᠦᠪᠡᠷᠳᠡᠭᠡᠨ ᠵᠠᠰᠠᠬᠤ᠂ ᠲᠤᠰᠬᠠᠶᠢᠵᠢᠭᠰᠠᠨ ᠦᠢᠯᠡᠴᠢᠯᠡᠭᠡ᠂ | ᠤᠰᠤᠨ ᠬᠤᠭᠤᠯᠠᠢ ᠶᠢᠨ ᠪᠠᠶᠢᠭᠤᠯᠭ᠎ᠠ ᠨᠢᠭᠡᠴᠢ ᠶᠢᠨ ᠬᠠᠮᠢᠶᠠᠷᠤᠯᠲᠠ ᠪᠠ ᠤᠰᠤ ᠬᠡᠷᠡᠭᠯᠡᠬᠦ ᠡᠷᠦᠬᠡ ᠶᠢᠨ ᠤᠷᠤᠯᠴᠠᠯᠭ᠎ᠠ | ᠵᠡᠷᠭᠡ ᠣᠯᠠᠨ ᠵᠦᠢᠯ ᠤᠨ ᠬᠡᠯᠪᠡᠷᠢ ᠶᠢᠨ ᠲᠡᠭᠦᠰᠬᠡᠯ ᠤᠨ ᠣᠰᠣ ᠬᠡᠷᠡᠭᠯᠡᠬᠦ ᠬᠠᠮᠢᠶᠠᠷᠣᠯᠲᠠ ᠶᠢᠨ ᠬᠡᠯᠪᠡᠷᠢ ᠶᠢ | ᠵᠤᠷᠢᠭᠵᠢᠭᠤᠯᠤᠨ ᠬᠦᠭᠵᠢᠬᠦᠯᠦᠨ᠎ᠡ᠃ ᠲᠠᠷᠢᠶᠠᠴᠢᠨ ᠤ ᠤᠰᠤ ᠬᠡᠷᠡᠭᠯᠡᠭᠴᠢᠳ ᠤᠨ ᠨᠡᠶᠢᠬᠡᠮᠯᠢᠭ᠂ ᠲᠠᠷᠢᠶᠠᠴᠢᠨ ᠤ | ᠲᠤᠰᠬᠠᠢ ᠬᠤᠷᠰᠢᠶᠠᠵᠢᠯ ᠵᠡᠷᠭᠡ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ ᠶᠢᠨ ᠲᠦᠷᠢᠮᠵᠢᠭᠰᠡᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠵᠢᠯᠤᠭᠤᠳᠤᠯᠭ᠎ᠠ ᠶᠢ ᠴᠢᠩᠭᠠᠳᠬᠠᠨ ᠢᠨᠵᠧᠨᠧᠷᠢᠩ ᠤᠨ | ᠬᠠᠮᠢᠶᠠᠷᠤᠯᠲᠠ ᠬᠠᠮᠠᠭᠠᠯᠠᠯᠲᠠ᠂ ᠤᠰᠤ ᠬᠡᠷᠡᠭᠯᠡᠬᠦ ᠬᠠᠮᠢᠶᠠᠷᠤᠯᠲᠠ᠂ ᠵᠦᠪᠳᠡᠯᠴᠡᠵᠦ ᠦᠨ᠎ᠡ ᠲᠤᠭᠲᠠᠭᠠᠬᠤ᠂ ᠣᠰᠣᠨ ᠤ | ᠰᠦᠢᠳᠬᠡᠯ ᠢ ᠪᠤᠳᠤᠵᠤ ᠬᠤᠷᠢᠶᠠᠬᠤ ᠠᠵᠢᠯ ᠤᠨ ᠬᠠᠷᠢᠭᠤᠴᠠᠯᠭ᠎ᠠ ᠶᠢᠨ ᠪᠡᠶᠡᠴᠢ ᠴᠤᠭᠴᠠ ᠪᠤᠯᠭᠠᠵᠤ ᠲᠠᠷᠢᠶᠠᠴᠢᠨ ᠤ | ᠣᠰᠣ ᠬᠡᠷᠡᠭᠯᠡᠬᠦ ᠠᠵᠢᠯ ᠢᠶᠠᠨ ᠦᠪᠡᠷᠳᠡᠭᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠪᠠᠭ᠎ᠠ ᠬᠡᠯᠪᠡᠷᠢ ᠶᠢᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠮᠵᠢ ᠶᠢᠨ ᠦᠭᠡᠷᠡᠴᠢᠯᠠᠯᠲᠡ ᠪᠠ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠲᠦᠬᠦᠭᠡᠷᠤᠮᠵᠢ ᠶᠢᠨ ᠦᠮᠴᠢᠯᠡᠯ ᠤᠨ ᠡᠷᠭᠡ ᠶᠢᠨ ᠲᠦᠷᠢᠮ ᠤᠨ | ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠤᠨ᠎ᠠ᠃ ᠣᠰᠣ ᠠᠷᠪᠢᠯᠠᠬᠤ ᠦᠭᠡᠷᠡᠴᠢᠯᠡᠯᠲᠡ ᠪᠠ ᠤᠰᠤ | ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢᠨ ᠢᠵᠢ ᠪᠦᠷᠢᠯᠳᠦᠭᠰᠡᠨ ᠢ ᠪᠡᠶᠡᠯᠡᠬᠦᠯᠦᠭᠰᠡᠨ ᠪᠠᠭ᠎ᠠ ᠬᠡᠯᠪᠡᠷᠢ ᠶᠢᠨ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠤᠰᠢᠭᠤ ᠳᠡᠰ ᠤᠨ ᠠᠷᠠᠳ ᠤᠨ ᠵᠠᠰᠠᠭ ᠤᠨ | ᠣᠷᠳᠣᠨ ᠪᠤᠶᠤ ᠬᠤᠰᠢᠭᠤ ᠤᠰᠤᠨ ᠤ ᠶᠠᠪᠤᠳᠠᠯ ᠪᠠ ᠭᠠᠵᠠᠷ ᠰᠢᠷᠤᠢ ᠶᠢ ᠬᠠᠮᠠᠭᠠᠯᠠᠬᠤ ᠲᠤᠪᠴᠢᠶ᠎ᠠ ᠠᠴᠠ | ᠢᠨᠵᠧᠨᠧᠷᠢᠩ ᠤᠨ ᠦᠮᠴᠢᠯᠡᠯ ᠤᠨ ᠡᠷᠭᠡ ᠶᠢ ᠲᠤᠳᠤᠷᠬᠠᠢ ᠵᠠᠭᠠᠭᠯᠠᠵᠦ᠂ ᠦᠮᠴᠢᠯᠡᠬᠦ ᠡᠷᠬᠡ ᠶᠢᠨ ᠦᠨᠡᠮᠯᠡᠯ | ᠲᠠᠷᠬᠠᠭᠠᠵᠦ ᠢᠨᠵᠧᠨᠧᠷᠢᠩ ᠤᠨ ᠬᠡᠷᠡᠭᠯᠡᠬᠦ ᠡᠷᠭᠡ᠂ ᠬᠠᠮᠢᠶᠠᠷᠣᠯᠲᠠ ᠶᠢᠨ ᠡᠷᠬᠡ ᠶᠢ ᠲᠠᠷᠢᠶᠠᠴᠢᠨ ᠤ ᠤᠰᠤ ᠬᠡᠷᠡᠭᠯᠡᠬᠦ | ᠬᠤᠷᠰᠢᠭᠰᠠᠨ ᠵᠤᠬᠢᠶᠠᠨ ᠪᠠᠶᠢᠭᠤᠯᠤᠯᠲᠠ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ᠂ ᠠᠰᠢᠭ ᠬᠦᠷᠳᠡᠬᠦ ᠲᠠᠷᠢᠶᠠᠴᠢᠨ ᠡᠷᠤᠬᠡ ᠵᠢᠴᠢ ᠰᠢᠨ᠎ᠡ ᠬᠡᠯᠪᠡᠷᠢ ᠶᠢᠨ ᠬᠦᠳᠡᠭᠡ ᠠᠵᠤ ᠠᠬᠤᠢ ᠶᠢᠨ | ᠡᠵᠡᠩᠨᠡᠯᠲᠡ ᠶᠢᠨ ᠪᠡᠶᠡᠴᠢ ᠴᠤᠭᠴᠠ ᠳᠤ ᠰᠢᠯᠵᠢᠬᠦᠯᠦᠨ ᠲᠤᠰᠢᠶᠠᠵᠦ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ | ᠶᠢᠨ ᠪᠡᠶᠡᠴᠢ ᠴᠤᠭᠴᠠ ᠶᠢ ᠲᠤᠳᠤᠷᠬᠠᠶᠢᠯᠠᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ | ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠪᠤᠯᠤᠨ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭ᠎ᠠ ︵ | PPP)᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠡᠶᠢᠬᠡᠮ | ᠤᠨ ᠬᠦᠷᠦᠩᠭᠡ ᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠪᠠ ᠬᠠᠮᠢᠶᠠᠷᠣᠯᠲᠠ ᠬᠠᠮᠠᠭᠠᠯᠠᠯᠲᠠ ᠳᠤ ᠣᠷᠣᠯᠴᠠᠬᠤ ᠢ ᠵᠣᠷᠢᠭᠵᠢᠭᠤᠯᠵᠤ ᠲᠤᠰᠬᠠᠢ ᠬᠤᠷᠰᠢᠶᠠᠵᠢᠭᠰᠠᠨ ᠰᠡᠯᠪᠢᠨ | ᠵᠠᠰᠠᠵᠤ ᠠᠷᠠᠴᠢᠯᠠᠨ ᠬᠠᠮᠠᠭᠠᠯᠠᠬᠤ ᠡᠩᠨᠡᠭᠡ ᠶᠢ ᠬᠦᠮᠦᠵᠢᠬᠦᠯᠵᠦ ᠵᠢᠯᠦᠭᠤᠳᠤᠨ ᠬᠦᠭᠵᠢᠬᠦᠯᠦᠨ᠎ᠡ᠃ | ︵ᠵᠢᠷᠭᠤᠭ᠎ᠠ︶ ᠲᠠᠷᠢᠶᠠᠯᠠᠩ ᠳᠤ ᠬᠡᠷᠡᠭᠯᠡᠬᠦ ᠣᠰᠣᠨ ᠤ ᠡᠷᠭᠡ ᠶᠢᠨ ᠲᠦᠷᠢᠮ ᠤᠨ ᠪᠠᠶᠢᠭᠤᠯᠤᠯᠲᠠ ᠶᠢ | ᠠᠬᠢᠭᠤᠯᠤᠨ᠎ᠠ᠃ | ⒈ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶᠡᠨ ᠤ ᠬᠦᠢᠴᠡᠳᠬᠡᠯ ᠲᠤᠭ᠎ᠠ ᠶᠢ ᠲᠤᠭᠲᠠᠭᠠᠨ᠎ᠠ᠃ | ᠲᠠᠷᠢᠶᠠᠯᠠᠩ ᠤᠨ ᠣᠰᠣ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠤᠭᠳᠠᠭᠠᠨ ᠬᠠᠮᠢᠶᠠᠷᠬᠤ | ᠲᠦᠷᠢᠮ ᠢ ᠪᠠᠶᠢᠭᠤᠯᠬᠤ ᠶᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠭᠡᠷᠡᠭᠵᠢᠬᠦᠯᠬᠦ ᠬᠠᠮᠤᠭ | ᠤᠨ ᠴᠢᠩᠭ᠎ᠠ ᠬᠦᠴᠦᠯᠡᠴᠡ ᠴᠡᠭ ᠪᠤᠯᠭᠠᠨ᠎ᠠ᠃ ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ ᠠᠵᠢᠯ ᠢ ᠶᠠᠪᠤᠭᠳᠠᠭᠤᠯᠬᠤ ᠰᠠᠭᠤᠷᠢᠨ ᠳᠡᠭᠡᠷ᠎ᠡ ᠠᠵᠢᠯ ᠲᠦᠷᠦᠯ ᠪᠤᠯᠤᠨ ᠰᠠᠯᠠᠭ᠎ᠠ ᠮᠦᠴᠢᠷ ᠤᠨ ᠤᠰᠤ | ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠤᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠡ᠃ | ᠲᠤᠰ ᠭᠠᠵᠠᠷ ᠤᠷᠤᠨ ᠪᠤᠳᠠᠳᠠᠢ ᠲᠠᠢ ᠪᠠᠨ ᠤᠶᠠᠯᠳᠤᠭᠤᠯᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠠᠶᠢᠳᠠᠯ᠂ ᠬᠦᠷᠦᠰᠦᠨ ᠤ ᠪᠦᠲᠦᠴᠡ ᠪᠠ ᠣᠰᠣ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠵᠡᠷᠭᠡ ᠪᠠᠶᠢᠳᠠᠯ ᠢ ᠭᠦᠢᠴᠡᠳ ᠪᠤᠳᠤᠯᠬᠢᠯᠠᠵᠦ ᠠᠳᠠᠯᠢ ᠪᠤᠰᠤ ᠲᠠᠷᠢᠮᠠᠯ ᠤᠨ ᠵᠦᠢᠯ ᠤᠨ ᠪᠠᠷᠢᠮᠵᠢᠶ᠎ᠠ ᠶᠢ | ᠢᠯᠭᠠᠨ ᠣᠰᠣ ᠠᠷᠪᠢᠯᠠᠬᠤ ᠪᠠ ᠣᠰᠣ ᠬᠡᠷᠡᠭᠯᠡᠬᠦ ᠡᠷᠦᠬᠡ ᠶᠢᠨ ᠣᠰᠣ ᠬᠡᠷᠡᠭᠯᠡᠬᠦ ᠡᠩ ᠤᠨ ᠬᠡᠷᠡᠭᠴᠡᠭᠡ ᠱᠠᠭᠠᠷᠳᠠᠯᠭ᠎ᠠ | ᠶᠢ ᠠᠬᠢᠭᠤᠯᠬᠤ ᠪᠠᠷ ᠤᠷᠢᠳᠠᠯ ᠪᠤᠯᠭᠠᠵᠤ ︽ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯ | ᠲᠦᠷᠦᠯ ᠤᠨ ᠤᠰᠤ ᠬᠡᠷᠡᠭᠯᠡᠬᠦ ᠲᠤᠭᠲᠠᠭᠰᠠᠨ ᠨᠤᠷᠮ᠎ᠠ︾ ︵DB15/T385—2015︶ ᠳᠠᠬᠢ ᠲᠠᠷᠢᠶᠠᠯᠠᠩ | ᠤᠨ ᠣᠰᠣ ᠬᠡᠷᠡᠭᠯᠡᠬᠦ ᠨᠤᠷᠮᠠᠴᠢᠯᠠᠭᠰᠠᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠲᠠᠷᠢᠶᠠᠯᠠᠩ ᠤᠨ ᠣᠰᠣ ᠬᠡᠷᠡᠭᠯᠡᠬᠦ | ᠦᠨᠳᠦᠰᠦᠨ ᠨᠤᠷᠮ᠎ᠠ ᠶᠢ ᠲᠤᠭᠳᠠᠭᠠᠨ᠎ᠠ᠃ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ | ᠨᠢ ᠲᠤᠬᠠᠢ ᠶᠢᠨ ᠭᠠᠵᠠᠷ ᠤᠨ ᠢᠶᠠᠨ ᠲᠠᠷᠢᠶᠠᠯᠠᠩ ᠳᠤ ᠬᠡᠷᠡᠭᠯᠡᠬᠦ ᠤᠰᠤᠨ ᠤ ᠲᠤᠭᠳᠠᠭᠰᠠᠨ ᠨᠤᠷᠮ᠎ᠠ ᠶᠢ ᠬᠠᠩᠭᠠᠵᠤ | ᠳᠡᠶᠢᠯᠬᠦ ᠦᠬᠡᠢ ᠭᠠᠵᠠᠷ ᠤᠷᠤᠨ ᠳᠤ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠᠷ | ᠦᠨᠳᠦᠰᠦᠯᠡᠯ ᠪᠤᠯᠭᠠᠨ ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠦᠢᠴᠡᠳᠬᠡᠯ | ᠲᠤᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠤᠨ ᠤ ᠤᠰᠤ ᠬᠡᠷᠡᠭᠯᠡᠬᠦ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠵᠦ | ᠲᠤᠭᠲᠠᠭᠰᠠᠨ ᠨᠤᠷᠮ᠎ᠠ ᠶᠢᠨ ᠬᠠᠮᠢᠶᠠᠷᠣᠯᠲᠠ ᠶᠢ ᠤᠨ ᠤ ᠣᠰᠣ ᠬᠡᠷᠡᠭᠯᠡᠬᠦ ᠲᠦᠯᠦᠪᠯᠡᠭᠡ ᠶᠢᠨ ᠶᠡᠷᠤᠩᠬᠡᠢ ᠬᠡᠮᠵᠢᠶ᠎ᠡ ᠶᠢ | ᠬᠢᠵᠠᠭᠠᠷᠯᠠᠬᠤ ᠬᠡᠪᠴᠢᠶᠡᠨ ᠳᠤ ᠬᠡᠷᠡᠭᠵᠢᠬᠦᠯᠦᠨ᠎ᠡ᠃ | ⒉ᠲᠠᠷᠢᠶᠠᠯᠠᠩ ᠳᠤ ᠰᠢᠭᠤᠳ ᠭᠡᠷᠡᠭᠯᠡᠵᠦ ᠪᠤᠯᠬᠤ ᠤᠰᠤᠨ ᠤ ᠡᠷᠬᠡ ᠶᠢ ᠢᠯᠡ ᠲᠤᠳᠤ ᠪᠤᠯᠭᠠᠨ᠎ᠠ᠃ ᠮᠠᠨ ᠤ | ᠬᠤᠰᠢᠭᠤᠨ ᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠲᠠᠷᠢᠶᠠᠯᠠᠩ ᠳᠤ ᠬᠡᠷᠡᠭᠯᠡᠬᠦ | ᠣᠰᠣᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠᠷ ᠤᠷᠢᠳᠠᠯ ᠪᠤᠯᠭᠠᠨ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠰᠤᠨ ᠤ ᠬᠠᠤᠯᠢ︾ ᠵᠢᠴᠢ ᠣᠰᠣᠨ ᠠᠰᠢᠭᠯᠠᠯᠲᠠ ᠶᠢᠨ ᠬᠡᠯᠲᠡᠰ ᠤᠨ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ ᠡᠯ᠎ᠡ ᠲᠦᠷᠦᠯ ᠤᠨ ᠣᠰᠣᠯᠠᠯᠲᠠ ᠶᠢᠨ ᠤᠷᠤᠨ ᠤ | ᠤᠰᠤ ᠳᠠᠳᠠᠵᠦ ᠠᠪᠬᠤ ᠵᠦᠪᠰᠢᠶᠡᠷᠡᠯ ᠢ ᠲᠦᠷᠭᠡᠭᠡᠨ ᠬᠦᠢᠴᠡᠳᠬᠡᠵᠦ ᠣᠰᠣ ᠲᠠᠳᠠᠵᠦ ᠠᠪᠬᠤ ᠵᠦᠪᠰᠢᠶᠡᠷᠡᠯ ᠤᠨ | ᠦᠨᠡᠮᠯᠡᠯ ᠢ ᠬᠦᠢᠴᠡᠳᠬᠡᠭᠰᠡᠨ ᠦᠭᠡᠢ ᠪᠤᠯ ︽ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ | ᠲᠠᠳᠠᠵᠦ ᠠᠪᠬᠤ ᠵᠦᠪᠰᠢᠶᠡᠷᠡᠯ ᠪᠤᠯᠤᠨ ᠣᠰᠣᠨ ᠤ ᠡᠬᠢ ᠪᠠᠶᠠᠯᠢᠭ ᠤᠨ ᠰᠦᠢᠳᠬᠡᠯ ᠢ ᠳᠠᠳᠠᠪᠤᠷᠢᠯᠠᠬᠤ ᠬᠠᠮᠢᠶᠠᠷᠤᠯᠲᠠ | ᠶᠢᠨ ᠬᠡᠷᠡᠭᠵᠢᠬᠦᠯᠬᠦ ᠠᠷᠭ᠎ᠠ︾ ︵2008 ᠣᠨ ᠤ 1 ᠰᠠᠷ᠎ᠠ ᠶᠢᠨ 7 ᠤ ᠡᠳᠦᠷ ᠤᠨ ᠥᠪᠡᠷᠳᠡᠭᠡᠨ ᠵᠠᠰᠠᠬᠤ ᠤᠷᠤᠨ | ᠤ ᠠᠷᠠᠳ ᠤᠨ ᠵᠠᠰᠠᠭ ᠤᠨ ᠣᠷᠳᠣᠨ ᠤ ᠵᠠᠷᠯᠢᠭ 155 ᠳ᠋ᠣᠭᠠᠷ ᠲᠤᠭᠠᠲᠤ︶ ᠶᠢᠨ ᠬᠠᠮᠢᠶ᠎ᠠ ᠪᠦᠬᠦᠢ ᠲᠤᠭᠲᠠᠭᠠᠯ | ᠶᠤᠰᠤᠭᠠᠷ ᠳᠠᠷᠤᠶᠢᠬᠠᠨ ᠭᠦᠢᠴᠡᠳᠬᠡᠨ᠎ᠡ︔ ᠣᠰᠣ ᠲᠠᠲᠠᠵᠦ ᠠᠪᠬᠤ ᠵᠦᠪᠰᠢᠶᠡᠷᠡᠯ ᠤᠨ ᠦᠨᠡᠮᠯᠡᠯ ᠤᠨ ᠬᠤᠭᠤᠴᠠᠭ᠎ᠠ | ᠨᠢ ᠲᠤᠯᠵᠦ ᠦᠨᠡᠮᠯᠡᠯ ᠢᠶᠠᠨ ᠰᠤᠯᠢᠭᠰᠠᠨ ᠳᠤᠨᠢ ᠲᠤᠰ ᠭᠠᠵᠠᠷ ᠤᠷᠤᠨ ᠤ ᠲᠠᠷᠢᠶᠠᠯᠠᠩ ᠤᠨ ᠤᠰᠤᠯᠠᠯᠲᠠ ᠶᠢᠨ ᠣᠰᠣ | ᠬᠡᠷᠡᠭᠯᠡᠬᠦ ᠶᠡᠷᠦᠩᠬᠡᠢ ᠬᠡᠮᠵᠢᠶᠡᠨ ᠤ ᠭᠦᠢᠴᠡᠳᠬᠡᠯ ᠲᠤᠭ᠎ᠠ᠂ ᠤᠰᠤᠯᠠᠯᠲᠠ ᠶᠢᠨ ᠲᠠᠯᠠᠪᠠᠢ ᠶᠢ ᠵᠢᠷᠤᠵᠦ ᠲᠦᠯᠦᠪᠯᠡᠬᠦ᠂ | ᠦᠨᠡᠨ ᠪᠤᠳᠠᠳᠠᠢ ᠤᠰᠤᠯᠠᠯᠲᠠ ᠶᠢᠨ ᠲᠠᠯᠠᠪᠠᠢ᠂ ᠦᠨᠡᠨ ᠪᠤᠳᠠᠳᠠᠢ ᠣᠰᠣ ᠬᠡᠷᠡᠭᠯᠡᠬᠦ ᠬᠡᠮᠵᠢᠶ᠎ᠡ ᠪᠠ ᠤᠰᠤ ᠬᠡᠷᠡᠭᠯᠡᠬᠦ | ᠲᠤᠭᠲᠠᠭᠰᠠᠨ ᠨᠤᠷᠮ᠎ᠠ ᠶᠢ ᠶᠡᠷᠤᠩᠬᠡᠶᠢᠯᠡᠨ ᠪᠤᠳᠤᠯᠬᠢᠯᠠᠵᠦ ᠪᠠᠶᠢᠭᠠᠳ ᠣᠰᠣᠨ ᠤ ᠬᠡᠮᠵᠢᠶ᠎ᠡ ᠶᠢ ᠲᠠᠬᠢᠨ ᠬᠢᠨᠠᠨ | ᠲᠤᠭᠲᠠᠭᠠᠵᠤ᠂ ᠣᠰᠣ ᠲᠠᠲᠠᠵᠦ ᠠᠪᠬᠤ ᠵᠦᠪᠰᠢᠶᠡᠷᠡᠯ ᠤᠨ ᠦᠨᠡᠮᠯᠡᠯ ᠢ ᠭᠦᠢᠴᠡᠳᠬᠡᠵᠦ᠂ ᠤᠰᠤᠯᠠᠯᠲᠠ ᠶᠢᠨ ᠣᠰᠣ | ᠳᠠᠳᠠᠵᠦ ᠠᠪᠬᠤ ᠡᠷᠭᠡ ᠶᠢ ᠲᠤᠳᠤᠷᠬᠠᠶᠢᠯᠠᠨ᠎ᠠ᠃ | ᠮᠠᠨ ᠤ ᠬᠤᠰᠢᠭᠤᠨ ᠤ ᠣᠷᠣᠨ ᠨᠤᠲᠤᠭ ᠤᠨ ᠣᠰᠣ ᠬᠡᠷᠡᠭᠯᠡᠬᠦ ᠶᠡᠷᠤᠩᠬᠡᠢ ᠬᠡᠮᠵᠢᠶ᠎ᠡ ᠶᠢ ᠬᠢᠵᠠᠭᠠᠷᠯᠠᠬᠤ | ᠬᠦᠢᠴᠡᠳᠬᠡᠯ ᠲᠤᠭ᠎ᠠ ᠪᠠᠷ ᠰᠠᠭᠤᠷᠢ ᠪᠤᠯᠭᠠᠨ᠂ ᠣᠷᠣᠨ ᠨᠤᠲᠤᠭ ᠤᠨ ᠣᠯᠠᠨ ᠵᠢᠯ ᠤᠨ ᠤᠰᠤ ᠬᠡᠷᠡᠭᠯᠡᠬᠦ ᠳᠤᠮᠳᠠᠴᠢ | ᠬᠡᠮᠵᠢᠶ᠎ᠡ ᠪᠠᠷ ᠦᠨᠳᠦᠰᠦᠯᠡᠯ ᠪᠤᠯᠭᠠᠵᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠲᠠᠢ ᠤᠶᠠᠯᠳᠤᠭᠤᠯᠤᠨ ᠮᠠᠨ ᠤ | ᠬᠤᠰᠢᠭᠤᠨ ᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠠᠴᠠ ᠰᠤᠮᠤ ᠪᠠᠯᠭᠠᠰᠤ ᠲᠠᠢ | ᠬᠠᠮᠲᠤᠷᠠᠨ ᠲᠠᠷᠢᠶᠠᠯᠠᠩ ᠤᠨ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢ ᠲᠠᠷᠢᠶᠠᠴᠢᠳ ᠤᠨ ᠣᠰᠣ ᠬᠡᠷᠡᠭᠯᠡᠬᠦ | ᠬᠤᠷᠰᠢᠶ᠎ᠠ ᠶᠢᠨ ᠵᠤᠬᠢᠶᠠᠠ ᠪᠠᠶᠢᠭᠤᠯᠤᠯᠲᠠ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ᠂ ᠲᠠᠷᠢᠶᠠᠯᠠᠩ ᠤᠨ ᠣᠰᠣ ᠬᠡᠷᠡᠭᠯᠡᠬᠦ ᠡᠷᠦᠬᠡ ᠵᠡᠷᠭᠡ ᠤᠰᠤ ᠬᠡᠷᠡᠭᠯᠡᠬᠦ ᠪᠡᠶᠡᠴᠢ ᠴᠤᠭᠴᠠ ᠳᠤ | ᠨᠠᠷᠢᠯᠢᠭᠵᠢᠭᠤᠯᠤᠨ ᠵᠠᠳᠠᠯᠵᠤ ᠵᠦᠢ ᠵᠤᠬᠢᠰᠲᠠᠢ ᠣᠰᠣᠯᠠᠬᠤ ᠣᠰᠣ ᠬᠡᠷᠡᠭᠯᠡᠬᠦ ᠶᠢ ᠪᠠᠲᠤᠯᠠᠭᠰᠠᠨ ᠰᠠᠭᠤᠷᠢᠨ ᠳᠡᠭᠡᠷ᠎ᠡ | ᠡᠯ᠎ᠡ ᠱᠠᠲᠤᠨ ᠤ ᠣᠰᠣ ᠬᠡᠷᠡᠭᠯᠡᠬᠦ ᠬᠠᠮᠢᠶᠠᠷᠤᠯᠲᠠ ᠶᠢᠨ ᠵᠤᠬᠢᠶᠠᠨ ᠪᠠᠶᠢᠭᠤᠯᠤᠯᠲᠠ᠂ ᠢᠨᠵᠧᠨᠧᠷᠢᠩ ᠤᠨ ᠨᠢᠭᠡᠴᠢ ᠪᠤᠶᠤ | ᠲᠡᠭᠦᠰᠬᠡᠯ ᠴᠡᠭ ᠤᠨ ᠣᠰᠣ ᠬᠡᠷᠡᠭᠯᠡᠬᠦ ᠪᠡᠶᠡᠴᠢ ᠴᠤᠭᠴᠠ ᠶᠢᠨ ᠤᠯᠬᠤ ᠲᠠᠷᠢᠶᠠᠯᠠᠩ ᠳᠤ ᠭᠡᠷᠡᠭᠯᠡᠬᠦ ᠤᠰᠤᠨ ᠤ ᠡᠷᠬᠡ | ᠶᠢ ᠲᠤᠳᠤᠷᠬᠠᠶᠢᠯᠠᠨ᠎ᠠ᠃ ᠬᠤᠰᠢᠭᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ | ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠤᠰᠤ ᠬᠡᠷᠡᠭᠯᠡᠬᠦ ᠪᠠᠶᠢᠭᠤᠯᠭ᠎ᠠ ᠨᠢᠭᠡᠴᠢ ᠪᠤᠶᠤ | ᠦᠨᠳᠦᠰᠦᠨ ᠱᠠᠲᠤᠨ ᠤ ᠣᠰᠣ ᠬᠡᠷᠡᠭᠯᠡᠬᠦ ᠬᠠᠮᠢᠶᠠᠷᠤᠯᠲᠠ ᠶᠢᠨ ᠵᠤᠬᠢᠶᠠᠠ ᠪᠠᠶᠢᠭᠤᠯᠤᠯᠲᠠ ᠳᠤ ᠬᠠᠮᠲᠤ ᠶᠢᠨ ᠤᠰᠤᠨ | ᠤ ᠡᠷᠭᠡ ᠶᠢᠨ ᠦᠨᠡᠮᠯᠡᠯ ᠲᠠᠷᠬᠠᠭᠠᠨ ᠣᠰᠣ ᠬᠡᠷᠡᠭᠯᠡᠬᠦ ᠬᠤᠪᠢ ᠬᠦᠮᠦᠨ ᠳᠤ ᠴᠤ ᠣᠰᠣᠨ ᠤ ᠡᠷᠭᠡ ᠶᠢᠨ ᠦᠨᠡᠮᠯᠡᠯ ᠢ | ᠲᠠᠷᠬᠠᠭᠠᠬᠤ ᠶᠢᠨ ᠬᠠᠮᠲᠤ ᠣᠰᠣᠨ ᠤᠨ ᠡᠬᠢ ᠰᠣᠷᠪᠤᠯᠵᠢ᠂ ᠣᠰᠣᠨ ᠤ ᠬᠡᠮᠵᠢᠶ᠎ᠡ᠂ ᠬᠡᠷᠡᠭᠴᠡᠭᠡ᠂ ᠬᠤᠭᠤᠴᠠᠭ᠎ᠠ᠂ | ᠰᠢᠯᠵᠢᠬᠦᠯᠦᠨ ᠦᠭᠬᠦ ᠨᠦᠬᠦᠴᠡᠯ ᠪᠠ ᠤᠰᠤ ᠬᠡᠷᠡᠭᠯᠡᠬᠦ ᠡᠷᠭᠡ᠂ ᠡᠭᠦᠷᠭᠡ ᠶᠢ ᠲᠤᠳᠤᠷᠬᠠᠶᠢᠯᠠᠨ ᠪᠢᠴᠢᠨ᠎ᠡ᠃ ᠣᠰᠣ | ᠬᠡᠷᠡᠭᠯᠡᠬᠦ ᠪᠡᠶᠡᠴᠢ ᠴᠤᠭᠴᠠ᠂ ᠣᠰᠣᠨ ᠤ ᠬᠡᠮᠵᠢᠶ᠎ᠡ ᠵᠡᠷᠭᠡ ᠠᠭᠤᠯᠭ᠎ᠠ ᠬᠤᠪᠢᠷᠠᠯᠲᠠ ᠭᠠᠷᠪᠠᠯ ᠬᠤᠰᠢᠭᠤ ᠤᠰᠤᠨ ᠤ | ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠳᠤ ᠮᠡᠳᠡᠭᠦᠯᠦᠨ ᠳᠠᠷᠠᠭᠠᠯᠠᠯ ᠶᠤᠰᠤᠭᠠᠷ | ᠬᠤᠪᠢᠷᠠᠭᠤᠯᠤᠨ᠎ᠠ᠃ | ⒊ᠣᠰᠣᠨ ᠤ ᠡᠷᠭᠡ ᠶᠢᠨ ᠡᠷᠬᠢᠯᠲᠡ ᠶᠢ ᠵᠤᠷᠢᠭᠵᠢᠭᠤᠯᠤᠨ᠎ᠠ᠃ ᠣᠰᠣᠨ ᠤ ᠡᠷᠭᠡ ᠶᠢᠨ ᠠᠷᠠᠯᠵᠢᠶᠠᠨ ᠤ | ᠲᠠᠪᠴᠠᠩ ᠪᠠᠶᠢᠭᠤᠯᠬᠤ ᠶᠢ ᠢᠳᠡᠪᠬᠢᠲᠡᠢ ᠠᠬᠢᠭᠤᠯᠵᠤ ᠣᠰᠣᠨ ᠤ ᠡᠷᠭᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ | ᠬᠦᠮᠦᠵᠢᠬᠦᠯᠦᠨ ᠪᠤᠶᠢᠵᠢᠭᠤᠯᠤᠨ᠎ᠠ᠃ ᠤᠯᠠᠨ ᠵᠦᠢᠯ ᠤᠨ ᠬᠡᠯᠪᠡᠷᠢ ᠶᠢᠨ ᠣᠰᠣᠨ ᠤ ᠡᠷᠭᠡ ᠶᠢᠨ ᠠᠷᠠᠯᠵᠢᠶᠠᠨ ᠤ | ᠡᠷᠬᠢᠯᠲᠡ ᠶᠢᠨ ᠬᠡᠯᠪᠡᠷᠢ ᠢ ᠢᠳᠡᠪᠬᠢᠲᠡᠢ ᠡᠷᠢᠯᠬᠢᠯᠡᠵᠦ ᠤᠰᠤ ᠬᠡᠷᠡᠭᠯᠡᠬᠦ ᠡᠷᠤᠬᠡ ᠤᠳ ᠬᠤᠭᠤᠷᠤᠨᠳᠤ ᠪᠠᠨ ᠣᠰᠣ | ᠠᠷᠪᠢᠯᠠᠬᠤ ᠬᠡᠮᠵᠢᠶ᠎ᠡ ᠶᠢ ᠰᠢᠯᠵᠢᠬᠦᠯᠦᠨ ᠦᠭᠬᠦ ᠶᠢ ᠵᠤᠷᠢᠭᠵᠢᠭᠤᠯᠤᠨ᠎ᠠ᠃ ᠲᠠᠷᠢᠶᠠᠴᠢᠳ ᠤᠨ ᠤᠰᠤ ᠬᠡᠷᠡᠭᠯᠡᠬᠦ | ᠬᠤᠷᠰᠢᠭᠰᠠᠨ ᠵᠤᠬᠢᠶᠠᠨ ᠪᠠᠶᠢᠭᠤᠯᠤᠯᠲᠠ ᠶᠢᠨ ᠲᠤᠲᠤᠭᠠᠳᠤ ᠳᠠᠭᠠᠨ ᠰᠢᠯᠵᠢᠬᠦᠯᠦᠨ ᠦᠭᠬᠦ ᠳᠤ ᠲᠠᠷᠢᠶᠠᠴᠢᠨ ᠤ ᠤᠰᠤ | ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ ᠠᠴᠠ ᠨᠢᠭᠡᠳᠤᠯᠲᠡᠢ ᠵᠤᠬᠢᠴᠠᠭᠤᠯᠵᠦ᠂ ᠣᠰᠣ ᠬᠡᠷᠡᠭᠯᠡᠬᠦ ᠡᠷᠤᠬᠡ | ᠬᠤᠭᠤᠷᠤᠨᠳᠤ ᠪᠠᠨ ᠡᠷᠬᠡ ᠳᠡᠭᠰᠢ ᠪᠠᠷ ᠵᠦᠪᠳᠡᠯᠴᠡᠨ᠎ᠡ︔ ᠲᠠᠷᠢᠶᠠᠴᠢᠳ ᠤᠨ ᠤᠰᠤ ᠬᠡᠷᠡᠭᠯᠡᠬᠦ ᠡᠷᠭᠡ ᠪᠠᠨ | ᠬᠤᠷᠰᠢᠭᠰᠠᠨ ᠵᠤᠬᠢᠶᠠᠨ ᠪᠠᠶᠢᠭᠤᠯᠤᠯᠲᠠ ᠶᠢ ᠠᠯᠤᠰᠯᠠᠭᠤᠯᠤᠨ ᠰᠢᠯᠵᠢᠬᠦᠯᠬᠦ ᠭᠡᠪᠡᠯ ᠤᠰᠤᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠠᠴᠠ ᠵᠤᠬᠢᠴᠠᠭᠤᠯᠵᠤ ᠬᠤᠰᠢᠭᠤ ᠤᠰᠤᠨ ᠤ ᠶᠠᠪᠤᠳᠠᠯ ᠪᠠ ᠬᠦᠷᠦᠰᠦ | ᠰᠢᠷᠤᠢ ᠶᠢ ᠬᠠᠮᠠᠭᠠᠯᠠᠬᠤ ᠲᠤᠪᠴᠢᠶ᠎ᠠ ᠪᠤᠶᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ | ᠡᠬᠡᠭᠦᠯᠦᠨ ᠬᠤᠳᠠᠯᠳᠤᠨ ᠠᠪᠴᠤ ᠣᠰᠣ ᠬᠡᠷᠡᠭᠯᠡᠬᠦ ᠡᠷᠤᠬᠡ ᠶᠢᠨ ᠤᠰᠤ ᠠᠷᠪᠢᠯᠠᠬᠤ ᠦᠷ᠎ᠡ ᠠᠰᠢᠭ ᠢ ᠪᠠᠲᠤᠯᠠᠨ᠎ᠠ᠃ | ᠣᠷᠣᠨ ᠪᠦᠰᠡ ᠶᠢᠨ ᠲᠤᠳᠤᠷᠠᠬᠢ ᠲᠠᠷᠢᠶᠠᠯᠠᠩ ᠳᠤ ᠬᠡᠷᠡᠭᠯᠡᠬᠦ ᠤᠰᠤ ᠶᠢ ᠬᠠᠩᠭᠠᠭᠰᠠᠨ ᠤᠷᠢᠳᠠᠯ ᠲᠤᠤᠷ᠎ᠠ ᠣᠣᠯ ᠤᠨ | ᠣᠰᠣ ᠠᠪᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠪᠠᠷ ᠵᠦᠪᠰᠢᠶᠡᠷᠡᠬᠦᠯᠬᠦ ᠪᠠᠷ ᠳᠠᠮᠵᠢᠨ ᠣᠰᠣ | ᠠᠷᠪᠢᠯᠠᠬᠤ ᠬᠡᠮᠵᠢᠶ᠎ᠡ ᠨᠢ ᠤᠷᠤᠨ ᠪᠦᠰᠡ᠂ ᠠᠵᠢᠯ ᠲᠦᠷᠦᠯ ᠠᠯᠤᠰᠯᠠᠨ ᠰᠢᠯᠵᠢᠬᠦᠯᠦᠨ ᠦᠭᠴᠤ ᠪᠤᠯᠤᠨ᠎ᠠ︔ | ᠣᠰᠣᠨ ᠤ ᠡᠷᠭᠡ ᠶᠢᠨ ᠠᠷᠠᠯᠵᠢᠶ᠎ᠠ ᠪᠠᠷ ᠳᠠᠮᠵᠢᠭᠤᠯᠤᠨ ᠰᠢᠨ᠎ᠡ ᠪᠠᠷ ᠨᠡᠮᠡᠭᠳᠡᠭᠰᠡᠨ ᠵᠦᠢ ᠵᠤᠬᠢᠰᠲᠠᠢ ᠪᠠᠷ ᠣᠰᠣ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠵᠦᠪᠰᠢᠶᠡᠷᠡᠵᠦ᠂ ᠨᠡᠶᠢᠬᠡᠮ ᠤᠨ ᠬᠦᠷᠦᠩᠬᠡ ᠨᠢ ᠤᠰᠤ | ᠠᠷᠪᠢᠯᠠᠬᠤ ᠤᠰᠤ ᠬᠠᠩᠭᠠᠬᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ | ᠤᠷᠤᠯᠴᠠᠬᠤ ᠪᠠᠷ ᠳᠠᠮᠵᠢᠨ ᠰᠢᠨ᠎ᠡ ᠪᠠᠷ ᠨᠡᠮᠡᠭᠳᠡᠭᠰᠡᠨ ᠣᠰᠣᠨ ᠤ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠤᠷᠢᠳᠠᠪᠡᠷ | ᠤᠯᠬᠤ ᠶᠢ ᠵᠤᠷᠢᠭᠵᠢᠭᠤᠯᠤᠨ᠎ᠠ᠃ ᠭᠠᠵᠠᠷ ᠰᠢᠷᠦᠢ ᠳᠠᠭᠠᠭᠠᠴᠢᠯᠠᠨ ᠡᠵᠡᠩᠨᠡᠬᠦ ᠡᠷᠬᠡ ᠪᠠᠨ ᠡᠷᠬᠢᠯᠲᠡ ᠳᠤ ᠤᠷᠤᠭᠤᠯᠬᠤ | ᠦᠶᠡᠰ ᠲᠠᠷᠢᠶᠠᠯᠠᠩ ᠳᠤ ᠬᠡᠷᠡᠭᠯᠡᠬᠦ ᠤᠰᠤᠨ ᠤ ᠡᠷᠬᠡ ᠶᠢ ᠬᠠᠮᠲᠤ ᠳᠤᠨᠢ ᠡᠷᠬᠢᠯᠳᠦᠬᠦᠯᠦᠨ ᠬᠡᠷᠡᠭᠯᠡᠵᠦ ᠪᠤᠯᠤᠨ᠎ᠠ᠃ | ᠮᠠᠨ ᠤ ᠬᠤᠰᠢᠭᠤᠨ ᠤ ᠰᠠᠪᠠ ᠬᠢᠵᠠᠭᠠᠷ ᠲᠤᠲᠤᠷᠠᠬᠢ ᠲᠠᠷᠢᠶᠠᠯᠠᠩ ᠳᠤ ᠬᠡᠷᠡᠭᠯᠡᠬᠦ ᠣᠰᠣᠨ ᠤ ᠡᠷᠬᠡ ᠶᠢᠨ ᠠᠷᠠᠯᠵᠢᠶ᠎ᠠ | ᠶᠢ ᠬᠤᠰᠢᠭᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠠᠴᠠ ᠬᠠᠷᠢᠭᠤᠴᠠᠵᠤ᠂ | ᠵᠠᠰᠠᠭ ᠵᠠᠬᠢᠷᠭᠠᠨ ᠤ ᠤᠷᠤᠨ ᠠᠯᠤᠰᠯᠠᠭᠰᠠᠨ ᠲᠠᠷᠢᠶᠠᠯᠠᠩ ᠳᠤ ᠬᠡᠷᠡᠭᠯᠡᠬᠦ ᠣᠰᠣᠨ ᠤ ᠡᠷᠬᠡ ᠶᠢᠨ ᠠᠷᠠᠯᠵᠢᠶ᠎ᠠ ᠶᠢ | ᠬᠤᠳᠠ ᠶᠢᠨ ᠣᠰᠣᠨ ᠤ ᠶᠠᠪᠤᠳᠠᠯ ᠤᠨ ᠲᠤᠪᠴᠢᠶ᠎ᠠ ᠠᠴᠠ ᠬᠠᠷᠢᠭᠤᠴᠠᠵᠤ ᠬᠢᠨᠠᠨ ᠬᠠᠮᠢᠶᠠᠷᠤᠨ᠎ᠠ᠃ ᠣᠰᠣᠨ ᠤ ᠡᠷᠬᠡ | ᠶᠢᠨ ᠠᠷᠠᠯᠵᠢᠶᠠᠨ ᠤ ᠬᠠᠮᠢᠶᠠᠷᠤᠯᠲᠠ ᠨᠢ ︽ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠣᠰᠣᠨ ᠤ | ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ︾ ᠪᠠᠷ ᠬᠡᠷᠡᠭᠵᠢᠬᠦᠯᠦᠨ᠎ᠡ᠃ | ︵ᠲᠤᠯᠤᠭ᠎ᠠ︶ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠪᠦᠷᠢᠯᠳᠤᠯ ᠤᠨ ᠲᠤᠭᠲᠠᠯᠴᠠᠭ᠎ᠠ ᠶᠢ | ᠠᠯᠬᠤᠮ ᠳᠠᠷᠠᠭᠠᠯᠠᠨ ᠪᠠᠶᠢᠭᠤᠯᠤᠨ ᠲᠡᠭᠦᠯᠳᠡᠷᠵᠢᠬᠦᠯᠦᠨ᠎ᠡ᠃ | ⒈ᠤᠰᠤᠨ ᠦᠨ᠎ᠡ ᠶᠢ ᠳᠡᠰ ᠬᠤᠪᠢᠶᠠᠨ ᠬᠢᠨᠠᠨ ᠲᠤᠭᠲᠠᠭᠠᠵᠤ ᠬᠡᠷᠡᠭᠵᠢᠬᠦᠯᠦᠨ᠎ᠡ᠃ ᠲᠠᠷᠢᠶᠠᠯᠠᠩ ᠳᠤ | ᠬᠡᠷᠡᠭᠯᠡᠬᠦ ᠤᠰᠤᠨ ᠦᠨ᠎ᠡ ᠶᠢ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠢ ᠦᠨᠳᠦᠰᠦᠯᠡᠵᠤ | ᠳᠡᠰ ᠬᠤᠪᠢᠶᠠᠨ ᠬᠠᠮᠢᠶᠠᠷᠤᠨ᠎ᠠ᠃ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠤᠷᠤᠨ ᠤ ᠭᠤᠤᠯᠯᠠᠭᠴᠢ | ᠢᠨᠵᠧᠨᠧᠷᠢᠩ ᠤᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠳᠤ ᠵᠠᠷᠴᠢᠮ ᠳᠡᠭᠡᠷ᠎ᠡ ᠪᠠᠨ ᠵᠠᠰᠠᠭ ᠤᠨ ᠤᠷᠳᠤᠨ ᠤ | ᠲᠤᠭᠲᠠᠭᠠᠭᠰᠠᠨ ᠦᠨ᠎ᠡ ᠶᠢ ᠬᠡᠷᠡᠭᠵᠢᠬᠦᠯᠵᠤ᠂ ᠨᠦᠬᠦᠴᠡᠯ ᠪᠦᠷᠢᠳᠦᠭᠰᠡᠨ ᠳᠤ ᠨᠢ ᠵᠦᠪᠯᠡᠵᠤ ᠲᠤᠭᠲᠠᠭᠠᠭᠰᠠᠨ ᠦᠨ᠎ᠡ | ᠶᠢ ᠬᠡᠷᠡᠭᠵᠢᠭᠦᠯᠵᠤ ᠪᠤᠯᠤᠨ᠎ᠠ᠃ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠤᠷᠤᠨ ᠤ ᠦᠵᠦᠭᠦᠷ ᠰᠤᠪᠠᠭ ᠤᠨ | ᠰᠢᠰᠲ᠋ᠧᠮ᠂ ᠵᠢᠵᠢᠭ ᠬᠡᠯᠪᠡᠷᠢ ᠶᠢᠨ ᠤᠰᠤᠯᠠᠯᠲᠠ ᠶᠢᠨ ᠤᠷᠤᠨ ᠵᠢᠴᠢ ᠨᠡᠶᠢᠬᠡᠮ ᠤᠨ ᠬᠦᠷᠦᠩᠭᠡ ᠶᠢᠨ ᠪᠡᠯᠡ | ᠤᠷᠤᠭᠤᠯᠤᠯᠲᠠ ᠪᠠᠷ ᠪᠠᠶᠢᠭᠤᠯᠤᠭᠰᠠᠨ ᠤᠰᠤ ᠬᠠᠩᠭᠠᠬᠤ ᠢᠨᠵᠧᠨᠧᠷᠢᠩ ᠨᠢ ᠵᠠᠰᠠᠭ ᠤᠨ ᠤᠷᠳᠤᠨ ᠤ ᠲᠤᠭᠲᠠᠭᠠᠭᠰᠠᠨ | ᠦᠨ᠎ᠡ ᠶᠢ ᠬᠡᠷᠡᠭᠵᠢᠬᠦᠯᠵᠤ ᠪᠤᠯᠬᠤ ᠮᠦᠷᠲᠡᠭᠡᠨ ᠵᠦᠪᠯᠡᠨ ᠲᠤᠭᠲᠠᠭᠠᠭᠰᠠᠨ ᠦᠨ᠎ᠡ ᠶᠢ ᠬᠡᠷᠡᠭᠵᠢᠬᠦᠯᠵᠤ ᠪᠤᠯᠤᠨ᠎ᠠ᠂ | ᠪᠤᠳᠠᠲᠠᠢ ᠠᠷᠭ᠎ᠠ ᠶᠢ ᠡᠯ᠎ᠡ ᠤᠰᠤᠯᠠᠯᠲᠠ ᠶᠢᠨ ᠤᠷᠤᠨ ᠲᠤᠰ ᠭᠠᠵᠠᠷ ᠤᠷᠤᠨ ᠤ ᠪᠤᠲᠠᠳᠤ ᠪᠠᠶᠢᠳᠠᠯ ᠢᠶᠠᠨ | ᠦᠨᠳᠦᠰᠦᠯᠡᠵᠤ ᠦᠪᠡᠷᠳᠡᠭᠡᠨ ᠲᠤᠭᠲᠠᠭᠠᠨ᠎ᠠ᠃ ᠵᠠᠰᠠᠭ ᠤᠨ ᠤᠷᠳᠤᠨ ᠤ ᠲᠤᠭᠲᠠᠭᠠᠭᠰᠠᠨ ᠦᠨ᠎ᠡ ᠶᠢ ᠬᠡᠷᠡᠭᠵᠢᠬᠦᠯᠪᠡᠯ | ᠦᠨ᠎ᠡ ᠬᠠᠩᠰᠢ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠪᠡᠷ ᠤᠨ ᠦᠷᠲᠡᠭ ᠢ ᠬᠢᠨᠠᠨ ᠪᠠᠶᠢᠴᠠᠭᠠᠵᠤ | ᠤᠰᠤ ᠬᠠᠩᠭᠠᠬᠤ ᠦᠪᠡᠷ ᠤᠨ ᠦᠷᠲᠡᠭ᠂ ᠤᠰᠤᠨ ᠤ ᠡᠬᠢ ᠪᠠᠶᠠᠯᠢᠭ ᠤᠨ ᠲᠤᠳᠠᠭᠳᠠᠯ ᠤᠨ ᠬᠡᠮᠵᠢᠶ᠎ᠠ ᠵᠢᠴᠢ | ᠬᠡᠷᠡᠭᠯᠡᠭᠴᠢᠳ ᠤᠨ ᠬᠦᠯᠢᠶᠡᠨ ᠠᠪᠬᠤ ᠴᠢᠳᠠᠪᠦᠷᠢ ᠶᠢ ᠶᠡᠷᠦᠩᠭᠡᠶᠢᠯᠡᠨ ᠪᠤᠳᠤᠯᠬᠢᠯᠠᠵᠤ ᠤᠰᠤ ᠬᠠᠩᠭᠠᠬᠤ ᠢᠨᠵᠧᠨᠧᠷᠢᠩ | ᠤᠨ ᠡᠯ᠎ᠡ ᠭᠤᠭᠴᠤᠭᠠᠨ ᠳᠠᠬᠢ ᠤᠰᠤᠨ ᠤ ᠦᠨ᠎ᠡ ᠶᠢ ᠵᠤᠬᠢᠰᠲᠠᠢ ᠲᠤᠭᠲᠠᠭᠠᠨ᠎ᠠ᠃ ᠵᠦᠪᠯᠡᠨ ᠲᠤᠭᠲᠠᠭᠠᠭᠰᠠᠨ | ᠦᠨ᠎ᠡ ᠶᠢ ᠬᠡᠷᠡᠭᠵᠢᠬᠦᠯᠪᠡᠯ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠬᠢᠨ ᠡᠷᠬᠡ ᠳᠡᠭᠰᠢ ᠰᠠᠶᠢᠨ ᠲᠤᠷ᠎ᠠ | ᠶᠢᠨ ᠰᠠᠭᠤᠷᠢᠨ ᠳᠡᠭᠡᠷ᠎ᠡ ᠤᠰᠤ ᠭᠠᠮᠨᠠᠬᠤ ᠶᠢ ᠠᠬᠢᠭᠤᠯᠬᠤ ᠳᠤ ᠠᠰᠢᠭᠲᠠᠢ ᠪᠦᠭᠡᠳ ᠢᠨᠵᠧᠨᠧᠷᠢᠩ ᠤᠨ ᠡᠷᠡᠭᠦᠯ ᠢᠶᠠᠷ | ᠠᠵᠢᠯᠯᠠᠬᠤ ᠶᠢ ᠪᠠᠲᠤᠯᠠᠬᠤ ᠪᠠ ᠲᠠᠷᠢᠶᠠᠯᠠᠩ ᠤᠨ ᠦᠢᠯᠡᠰ ᠤᠨ ᠦᠢᠯᠡᠳᠪᠦᠷᠢᠯᠡᠯ ᠤᠨ ᠬᠦᠭᠵᠢᠯᠲᠡ ᠶᠢ ᠪᠠᠲᠤᠯᠠᠭᠰᠠᠨ | ᠵᠠᠷᠴᠢᠮ ᠶᠤᠰᠤᠭᠠᠷ ᠵᠠᠰᠠᠭ ᠤᠨ ᠤᠷᠳᠤᠨ ᠤ ᠵᠢᠯᠤᠭᠤᠳᠬᠤ ᠦᠨ᠎ᠡ ᠶᠢᠨ ᠲᠤᠭᠤᠷᠢᠨ ᠤ ᠲᠤᠲᠤᠷ᠎ᠠ ᠲᠤᠭᠲᠠᠭᠠᠨ᠎ᠠ᠃ | ᠤᠰᠤ ᠬᠠᠩᠭᠠᠬᠤ ᠦᠨ᠎ᠡ ᠶᠢ ᠵᠠᠷᠴᠢᠮ ᠳᠡᠭᠡᠷ᠎ᠡ ᠪᠠᠨ ᠠᠯᠬᠤᠮ ᠳᠠᠷᠠᠭᠠᠯᠠᠨ ᠳᠡᠭᠡᠭᠰᠢᠯᠡᠬᠦᠯᠵᠤ ᠤᠰᠤ ᠬᠠᠩᠭᠠᠬᠤ᠂ | ᠰᠡᠯᠪᠢᠨ ᠬᠠᠮᠠᠭᠠᠯᠠᠬᠤ ᠦᠪᠡᠷ ᠤᠨ ᠦᠷᠲᠡᠭ ᠤᠨ ᠬᠢᠷᠢ ᠳᠦᠪᠰᠢᠨ ᠳᠤ ᠬᠦᠷᠭᠡᠨ᠎ᠡ᠃ | ⒉ᠲᠦᠷᠦᠯ ᠬᠤᠪᠢᠶᠠᠵᠤ ᠳᠡᠰ ᠢᠯᠭᠠᠨ ᠤᠰᠤᠨ ᠦᠨ᠎ᠡ ᠲᠤᠭᠳᠠᠭᠠᠬᠤ ᠶᠢ ᠰᠦᠪᠡᠭᠴᠢᠯᠡᠨ᠎ᠡ᠃ ᠮᠠᠨ ᠤ | ᠬᠤᠰᠢᠭᠤᠨ ᠤ ᠪᠤᠳᠠᠲᠤ ᠪᠠᠶᠢᠳᠠᠯ ᠪᠠ ᠲᠠᠷᠢᠶᠠᠯᠠᠩ ᠤᠨ ᠦᠢᠯᠡᠰ ᠤᠨ ᠭᠦᠭᠵᠢᠯᠲᠡ ᠶᠢᠨ ᠲᠦᠷᠦ ᠶᠢᠨ ᠪᠤᠳᠤᠯᠭ᠎ᠠ ᠲᠠᠢ | ᠤᠶᠠᠯᠳᠤᠭᠤᠯᠵᠤ ᠠᠳᠠᠯᠢ ᠪᠤᠰᠤ ᠲᠠᠷᠢᠶᠠᠯᠠᠩ ᠤᠨ ᠦᠢᠯᠡᠰ ᠤᠨ ᠲᠠᠷᠢᠵᠤ ᠠᠷᠠᠴᠢᠯᠠᠬᠤ ᠪᠦᠲᠦᠴᠡ ᠪᠠ ᠤᠰᠤᠨ ᠤ | ᠬᠠᠩᠭᠠᠯᠲᠠ ᠶᠢᠨ ᠡᠬᠢ ᠰᠤᠷᠪᠤᠯᠵᠢ ᠶᠢ ᠢᠯᠭᠠᠨ ᠬᠤᠪᠢᠶᠠᠵᠤ ᠤᠰᠤ ᠬᠡᠷᠡᠭᠯᠡᠬᠦ ᠰᠡᠭᠦᠯᠴᠢ ᠶᠢᠨ ᠭᠤᠭᠴᠤᠭᠠᠨ ᠳᠤ | ᠤᠰᠤᠨ ᠦᠨ᠎ᠡ ᠶᠢ ᠲᠦᠷᠦᠯ ᠬᠤᠪᠢᠶᠠᠬᠤ ᠶᠢ ᠰᠦᠪᠡᠭᠴᠢᠯᠡᠨ ᠬᠡᠷᠡᠭᠵᠢᠬᠦᠯᠵᠤ ᠤᠰᠤ ᠬᠡᠷᠡᠭᠯᠡᠬᠦ ᠬᠡᠮᠵᠢᠶ᠎ᠡ ᠪᠠ | ᠦᠢᠯᠡᠳᠪᠦᠷᠢᠯᠡᠯ ᠤᠨ ᠪᠦᠲᠦᠮᠵᠢ ᠵᠡᠷᠭᠡ ᠶᠢ ᠨᠢᠭᠡᠳᠦᠯᠲᠠᠢ ᠲᠦᠯᠦᠪᠯᠡᠨ ᠪᠤᠳᠤᠯᠬᠢᠯᠠᠨ᠎ᠠ᠃ ᠡᠯ᠎ᠡ ᠲᠦᠷᠦᠯ ᠤᠨ ᠤᠰᠤ | ᠬᠡᠷᠡᠭᠯᠡᠬᠦ ᠦᠨ᠎ᠡ ᠶᠢ ᠵᠤᠬᠢᠰᠲᠠᠢ ᠲᠤᠭᠲᠠᠭᠠᠵᠤ᠂ ᠤᠰᠤ ᠬᠡᠷᠡᠭᠯᠡᠬᠦ ᠬᠡᠮᠵᠢᠶ᠎ᠡ ᠶᠡᠭᠡ ᠪᠤᠶᠤ ᠨᠡᠮᠡᠯᠲᠡ ᠦᠷᠲᠡᠭ ᠦᠨᠳᠦᠷ | ᠠᠵᠤ ᠠᠬᠤᠢ ᠶᠢᠨ ᠲᠠᠷᠢᠮᠠᠯ ᠪᠠ ᠲᠡᠵᠢᠭᠡᠪᠦᠷᠢ ᠶᠢᠨ ᠦᠢᠯᠡᠰ ᠤᠨ ᠬᠡᠷᠡᠭᠯᠡᠬᠦ ᠤᠰᠤᠨ ᠦᠨ᠎ᠡ ᠨᠢ ᠪᠤᠰᠤᠳ ᠤᠰᠤ | ᠬᠡᠷᠡᠭᠯᠡᠬᠦ ᠲᠦᠷᠦᠯ ᠠᠴᠠ ᠦᠨᠳᠦᠷ ᠪᠠᠶᠢᠵᠤ ᠭᠠᠵᠠᠷ ᠳᠤᠤᠷᠠᠬᠢ ᠤᠰᠤᠨ ᠦᠨ᠎ᠡ ᠨᠢ ᠭᠠᠵᠠᠷ ᠤᠨ ᠭᠠᠳᠠᠷᠭᠤ ᠶᠢᠨ | ᠤᠰᠤᠨ ᠦᠨ᠎ᠡ ᠠᠴᠠ ᠦᠨᠳᠦᠷ᠂ ᠡᠩ ᠤᠨ ᠤᠰᠤᠨ ᠰᠤᠷᠪᠤᠯᠵᠢ ᠶᠢᠨ ᠦᠨ᠎ᠡ ᠨᠢ ᠡᠩ ᠤᠨ ᠪᠤᠰᠤ ᠤᠰᠤᠨ | ᠰᠤᠷᠪᠤᠯᠵᠢ ᠶᠢᠨ ᠦᠨ᠎ᠡ ᠠᠴᠠ ᠦᠨᠳᠦᠷ᠃ ᠭᠠᠵᠠᠷ ᠳᠤᠤᠷᠠᠬᠢ ᠤᠰᠤ ᠶᠢ ᠲᠠᠲᠠᠨ ᠭᠠᠷᠭᠠᠬᠤ ᠤᠷᠤᠨ ᠨᠢ ᠵᠤᠬᠢᠰᠲᠠᠢ | ᠠᠷᠭ᠎ᠠ ᠪᠠᠷᠢᠯ ᠢ ᠬᠡᠷᠡᠭᠯᠡᠵᠤ ᠭᠠᠵᠠᠷ ᠳᠤᠤᠷᠠᠬᠢ ᠬᠡᠷᠡᠭᠯᠡᠭᠡᠨ ᠤ ᠤᠰᠤᠨ ᠤ ᠦᠪᠡᠷ ᠤᠨ ᠦᠷᠲᠡᠭ ᠢ ᠲᠤᠰ ᠭᠠᠵᠠᠷ | ᠤᠷᠤᠨ ᠤ ᠭᠠᠵᠠᠷ ᠤᠨ ᠭᠠᠳᠠᠷᠭᠤ ᠶᠢᠨ ᠤᠰᠤ ᠠᠴᠠ ᠦᠨᠳᠦᠷ ᠪᠠᠶᠢᠯᠭᠠᠵᠤ ᠭᠠᠵᠠᠷ ᠳᠤᠤᠷᠠᠬᠢ ᠤᠰᠤ ᠶᠢ | ᠨᠦᠬᠦᠪᠦᠷᠢᠯᠡᠵᠤ ᠲᠡᠩᠴᠡᠭᠦᠷᠢᠰᠢᠬᠦᠯᠬᠦ ᠪᠠ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠭᠤᠯᠬᠤ ᠶᠢ | ᠠᠬᠢᠭᠤᠯᠤᠨ᠎ᠠ᠃ | ⒊ᠦᠨ᠎ᠡ ᠬᠠᠩᠰᠢ ᠶᠢ ᠲᠤᠬᠢᠷᠠᠭᠤᠯᠤᠨ ᠡᠵᠡᠮᠳᠡᠬᠦ ᠶᠢ ᠦᠨᠡᠨᠬᠦ ᠴᠢᠩᠭᠠᠳᠬᠠᠨ᠎ᠠ᠃ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠳᠦᠭᠦᠭᠡᠷᠦᠮᠵᠢ ᠶᠢᠨ ᠰᠠᠶᠢᠨ ᠠᠵᠢᠯᠯᠠᠬᠤ ᠶᠢ ᠪᠠᠲᠤᠯᠠᠬᠤ ᠪᠠᠷ ᠤᠷᠢᠳᠠᠯ ᠪᠤᠯᠭᠠᠵᠤ ᠤᠰᠤ | ᠬᠠᠩᠭᠠᠬᠤ ᠦᠨ᠎ᠡ ᠬᠠᠩᠰᠢ ᠶᠢᠨ ᠲᠤᠭᠲᠠᠭᠰᠠᠨ ᠦᠨ᠎ᠡ ᠶᠢᠨ ᠲᠦᠪᠰᠢᠨ ᠢ ᠨᠢᠭᠡᠲᠦᠯᠲᠠᠢ ᠲᠦᠯᠦᠪᠯᠡᠵᠤ ᠲᠤᠭᠲᠠᠭᠠᠨ᠎ᠠ | ᠃ ᠪᠦᠬᠦ ᠬᠤᠰᠢᠭᠤᠨ ᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢ ᠪᠦᠬᠦᠯᠢ ᠴᠤᠭᠴᠠ ᠳᠡᠭᠡᠷ᠎ᠡ ᠪᠠᠨ | ᠠᠵᠢᠯᠯᠠᠬᠤ ᠪᠠ ᠰᠡᠯᠪᠢᠨ ᠬᠠᠮᠠᠭᠠᠯᠠᠬᠤ ᠦᠪᠡᠷ ᠤᠨ ᠦᠷᠲᠡᠭ ᠤᠨ ᠬᠢᠷᠢ ᠳᠦᠪᠰᠢᠨ ᠳᠤ ᠬᠦᠷᠭᠡᠵᠤ ᠭᠠᠵᠠᠷ ᠲᠤᠤᠷᠠᠬᠢ | ᠤᠰᠤ ᠶᠢ ᠬᠡᠳᠦᠷᠡᠳᠡᠯ᠎ᠡ ᠳᠠᠲᠠᠵᠤ ᠠᠪᠬᠤ ᠤᠷᠤᠨ ᠢ ᠦᠪᠡᠷ ᠤᠨ ᠦᠷᠲᠡᠭ ᠤᠨ ᠬᠢᠷᠢ ᠲᠦᠪᠰᠢᠨ ᠳᠤ ᠬᠦᠷᠭᠡᠨ᠎ᠡ᠃ | ᠨᠡᠮᠡᠯᠲᠡ ᠦᠷᠲᠡᠭ ᠦᠨᠳᠦᠷ ᠠᠵᠤ ᠠᠬᠤᠢ ᠶᠢᠨ ᠲᠠᠷᠢᠮᠠᠯ᠂ ᠲᠠᠷᠢᠶᠠᠯᠠᠩ ᠪᠠ ᠮᠠᠯ ᠲᠡᠵᠢᠭᠡᠪᠦᠷᠢ ᠶᠢᠨ ᠦᠢᠯᠡᠰ ᠤᠨ | ᠲᠦᠪᠯᠡᠷᠡᠭᠰᠡᠨ ᠤᠷᠤᠨ ᠳᠤ ᠦᠴᠦᠬᠡᠨ ᠠᠰᠢᠭ ᠤᠨ ᠬᠢᠷᠢ ᠬᠡᠮᠵᠢᠶᠠᠨ ᠳᠤ ᠬᠦᠷᠭᠡᠨ᠎ᠡ᠃ ᠪᠤᠳᠠᠰ ᠤᠨ ᠦᠨ᠎ᠡ ᠶᠢᠨ | ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠠᠷᠢᠶᠠᠯᠠᠩ ᠳᠤ ᠬᠡᠷᠡᠭᠯᠡᠬᠦ ᠤᠰᠤ ᠬᠠᠩᠭᠠᠬᠤ ᠦᠨ᠎ᠡ ᠬᠠᠩᠰᠢ ᠶᠢᠨ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠦᠨ ᠨᠡᠶᠢᠳᠡᠯᠡᠬᠦ ᠪᠤᠶᠤ ᠵᠠᠰᠠᠪᠤᠷᠢ ᠤᠷᠤᠭᠤᠯᠵᠤ᠂ ᠦᠨ᠎ᠡ ᠶᠢ | ᠲᠤᠬᠢᠷᠠᠭᠤᠯᠬᠤ᠂ ᠠᠰᠢᠭ ᠲᠤᠰᠠ ᠶᠢ ᠵᠤᠬᠢᠴᠠᠭᠤᠯᠬᠤ᠂ ᠵᠤᠬᠢᠰᠲᠠᠢ ᠨᠦᠬᠦᠪᠦᠷᠢᠯᠡᠬᠦ ᠲᠠᠢ ᠬᠠᠷᠢᠯᠴᠠᠨ ᠤᠶᠠᠯᠳᠤᠭᠤᠯᠬᠤ | ᠶᠢ ᠪᠠᠷᠢᠮᠲᠠᠯᠠᠵᠤ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢᠨ ᠦᠭᠡᠷᠡᠴᠢᠯᠡᠯᠲᠡ᠂ ᠲᠠᠷᠢᠶᠠᠯᠠᠩ ᠤᠨ | ᠶᠡᠷᠦᠩᠭᠡᠶᠢᠯᠡᠭᠰᠡᠨ ᠦᠭᠡᠷᠡᠴᠢᠯᠡᠯᠲᠡ᠂ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠦᠭᠡᠷᠡᠴᠢᠯᠡᠯᠲᠡ ᠲᠠᠢ ᠬᠠᠷᠢᠯᠴᠠᠨ ᠵᠤᠬᠢᠴᠠᠯᠳᠤᠭᠤᠯᠵᠤ ᠦᠨ᠎ᠡ ᠶᠢ ᠲᠤᠬᠢᠷᠠᠭᠤᠯᠬᠤ ᠠᠵᠠ ᠲᠤᠬᠢᠶᠠᠯ᠂ ᠬᠦᠴᠦᠯᠡᠴᠡ | ᠪᠠ ᠬᠤᠷᠳᠤᠴᠠ ᠶᠢ ᠠᠳᠬᠤᠨ ᠢᠵᠢ ᠪᠦᠷᠢᠳᠦᠭᠰᠡᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢ ᠲᠤᠭᠲᠠᠭᠠᠬᠤ | ᠪᠠ ᠲᠤᠬᠢᠷᠠᠭᠤᠯᠬᠤ ᠲᠤᠭᠲᠠᠯᠴᠠᠭ᠎ᠠ ᠶᠢ ᠪᠠᠶᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢ | ᠲᠤᠭᠲᠠᠭᠠᠬᠤ ᠪᠠ ᠲᠤᠬᠢᠷᠠᠭᠤᠯᠬᠤ ᠲᠤᠭᠲᠠᠯᠴᠠᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠲᠦᠷᠢᠮᠴᠢ ᠴᠢᠨᠠᠷ ᠪᠠ | ᠢᠯᠡ ᠲᠤᠲᠤ ᠴᠢᠨᠠᠷ ᠢ ᠪᠤᠲᠠᠳᠠᠢ ᠨᠡᠮᠡᠭᠳᠡᠬᠦᠯᠵᠤ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠤᠨᠤᠰᠬᠤ | ᠪᠤᠶᠤ ᠰᠢᠩᠭᠡᠭᠡᠨ ᠠᠪᠴᠤ ᠲᠠᠷᠢᠶᠠᠯᠠᠩ ᠳᠤ ᠬᠡᠷᠡᠭᠯᠡᠬᠦ ᠤᠰᠤ ᠬᠠᠩᠭᠠᠬᠤ ᠦᠨ᠎ᠡ ᠬᠠᠩᠰᠢ ᠶᠢ ᠰᠢᠨᠵᠢᠯᠡᠬᠦ ᠤᠬᠠᠭᠠᠨᠴᠢ | ᠵᠦᠢ ᠵᠤᠬᠢᠰᠲᠠᠢ ᠪᠠᠷ ᠲᠤᠭᠲᠠᠭᠠᠬᠤ ᠪᠠ ᠲᠤᠬᠢᠷᠠᠭᠤᠯᠤᠨ᠎ᠠ᠃ ᠤᠰᠤᠨ ᠤ ᠦᠨ᠎ᠡ ᠶᠢ ᠲᠤᠬᠢᠷᠠᠭᠤᠯᠬᠤ ᠳᠤ | ᠦᠭᠡᠷᠡᠴᠢᠯᠡᠯᠲᠡ ᠶᠢᠨ ᠠᠬᠢᠴᠠ ᠶᠢᠨ ᠱᠠᠭᠠᠷᠳᠠᠯᠭ᠎ᠠ ᠲᠠᠢ ᠴᠢᠩᠭ᠎ᠠ ᠤᠶᠠᠯᠳᠤᠭᠤᠯᠵᠤ ᠨᠢᠭᠡ ᠯᠠ ᠠᠯᠬᠤᠮ ᠳᠡᠭᠡᠷ᠎ᠡ | ᠭᠦᠢᠴᠡᠳᠬᠡᠬᠦ ᠪᠤᠶᠤ ᠠᠯᠬᠤᠮ ᠬᠤᠪᠢᠶᠠᠨ ᠭᠦᠢᠴᠡᠳᠬᠡᠵᠤ ᠪᠤᠯᠤᠨ᠎ᠠ᠃ | ⒋ᠬᠡᠷᠡᠭᠯᠡᠬᠦ ᠤᠰᠤ ᠲᠤᠭᠲᠠᠭᠰᠠᠨ ᠨᠤᠷᠮ᠎ᠠ ᠠᠴᠠ ᠳᠠᠪᠠᠪᠠᠯ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ | ᠠᠯᠬᠤᠮ ᠳᠠᠷᠠᠭᠠᠯᠠᠨ ᠶᠠᠪᠤᠭᠳᠠᠭᠤᠯᠤᠨ᠎ᠠ᠃ ᠬᠡᠮᠵᠢᠯᠲᠡ ᠶᠢᠨ ᠲᠦᠬᠦᠭᠡᠷᠦᠮᠵᠢ ᠶᠢᠨ ᠢᠵᠢ ᠪᠦᠷᠢᠳᠦᠬᠦᠯᠬᠦ ᠪᠠ | ᠲᠠᠷᠢᠶᠠᠯᠠᠩ ᠳᠤ ᠤᠰᠤ ᠬᠡᠷᠡᠭᠯᠡᠬᠦ ᠲᠤᠭᠲᠠᠭᠰᠠᠨ ᠨᠤᠷᠮ᠎ᠠ ︵ᠲᠦᠯᠦᠪᠯᠡᠭᠡ︶ ᠶᠢ ᠵᠤᠬᠢᠰᠲᠠᠢ ᠲᠤᠭᠲᠠᠭᠠᠭᠰᠠᠨ ᠤ | ᠰᠠᠭᠤᠷᠢᠨ ᠳᠡᠭᠡᠷ᠎ᠡ ᠬᠡᠷᠡᠭᠯᠡᠭᠰᠡᠨ ᠬᠡᠮᠵᠢᠶ᠎ᠡ ᠶᠢ ᠬᠡᠮᠵᠢᠵᠤ ᠰᠦᠢᠳᠬᠡᠯ ᠬᠤᠷᠢᠶᠠᠬᠤ ᠪᠤᠯᠤᠨ ᠤᠰᠤ ᠬᠡᠷᠡᠭᠯᠡᠬᠦ | ᠲᠤᠭᠲᠠᠭᠰᠠᠨ ᠨᠤᠷᠮ᠎ᠠ ︵ᠲᠦᠯᠦᠪᠯᠡᠭᠡ︶ ᠠᠴᠠ ᠳᠠᠪᠠᠪᠠᠯ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ | ᠬᠠᠷᠢᠯᠴᠠᠨ ᠤᠶᠠᠯᠳᠤᠭᠤᠯᠵᠤ ᠤᠰᠤ ᠬᠡᠷᠡᠭᠯᠡᠬᠦ ᠲᠦᠷᠢᠮ ᠢ ᠳᠡᠯᠭᠡᠷᠡᠭᠦᠯᠦᠨ᠎ᠡ᠃ ᠲᠤᠭᠲᠠᠭᠰᠠᠨ ᠨᠤᠷᠮ᠎ᠠ ︵ | ᠲᠦᠯᠦᠪᠯᠡᠭᠡ︶ ᠠᠴᠠ ᠳᠠᠪᠠᠪᠠᠯ ᠤᠰᠤ ᠬᠡᠷᠡᠭᠯᠡᠬᠦ ᠬᠠᠷᠢᠴᠠᠯ ᠪᠤᠯᠤᠨ ᠦᠨ᠎ᠡ ᠨᠡᠮᠡᠬᠦ ᠬᠡᠮᠵᠢᠶ᠎ᠡ ᠶᠢᠨ ᠲᠤᠬᠢᠷᠠᠭᠤᠯᠤᠯᠲᠠ | ᠶᠢ ᠦᠪᠡᠷᠳᠡᠭᠡᠨ ᠵᠠᠰᠠᠬᠤ ᠤᠷᠤᠨ ᠤ ᠦᠨ᠎ᠡ ᠬᠠᠩᠰᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠦᠪᠡᠷᠳᠡᠭᠡᠨ | ᠵᠠᠰᠠᠬᠤ ᠤᠷᠤᠨ ᠤ ᠣᠰᠤᠨ ᠠᠰᠢᠭᠯᠠᠯᠲᠠ ᠶᠢᠨ ᠲᠢᠩᠭᠢᠮ ᠤᠨ ᠲᠤᠭᠲᠠᠭᠠᠭᠰᠠᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | ︵ᠨᠠᠢᠮᠠ︶ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠳᠤ ᠤᠨᠤᠪᠴᠢᠲᠠᠢ ᠨᠦᠬᠦᠪᠦᠷᠢ ᠤᠯᠭᠤᠬᠤ ᠪᠠ | ᠤᠰᠤ ᠠᠷᠪᠢᠯᠠᠬᠤ ᠶᠢ ᠱᠠᠩᠨᠠᠨ ᠬᠦᠬᠢᠬᠦᠯᠬᠦ ᠲᠤᠭᠲᠠᠴᠠ ᠶᠢ ᠪᠠᠶᠢᠭᠤᠯᠤᠨ᠎ᠠ᠃ | ⒈ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠳᠤ ᠤᠨᠤᠪᠴᠢᠲᠠᠢ ᠨᠦᠬᠦᠪᠦᠷᠢ ᠤᠯᠭᠤᠬᠤ ᠲᠤᠭᠲᠠᠴᠠ | ᠶᠢ ᠪᠠᠶᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠪᠦᠷᠢᠯᠳᠦᠯ ᠤᠨ ᠲᠤᠭᠲᠠᠴᠠ ᠶᠢ | ᠲᠡᠭᠦᠯᠳᠡᠷᠵᠢᠬᠦᠯᠦᠭᠰᠡᠨ ᠰᠠᠭᠤᠷᠢᠨ ᠳᠡᠭᠡᠷ᠎ᠡ ᠤᠰᠤ ᠠᠷᠪᠢᠯᠠᠭᠰᠠᠨ ᠦᠷ᠎ᠡ ᠪᠦᠲᠦᠮᠵᠢ᠂ ᠦᠨ᠎ᠡ ᠲᠤᠬᠢᠷᠠᠭᠤᠯᠬᠤ | ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ ᠵᠢᠴᠢ ᠤᠰᠤᠨ ᠤ ᠬᠠᠮᠢᠶᠠᠷᠤᠯᠲᠠ ᠶᠢᠨ ᠪᠠᠶᠢᠭᠤᠯᠭ᠎ᠠ ᠶᠢᠨ ᠠᠵᠢᠯᠯᠠᠵᠤ | ᠪᠠᠶᠢᠭ᠎ᠠ ᠪᠠᠶᠢᠳᠠᠯ ᠲᠠᠢ ᠬᠠᠷᠢᠯᠴᠠᠨ ᠲᠤᠬᠢᠷᠠᠯᠴᠠᠭᠰᠠᠨ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠳᠤ | ᠤᠨᠤᠪᠴᠢᠲᠠᠢ ᠨᠦᠬᠦᠪᠦᠷᠢ ᠤᠯᠭᠤᠬᠤ ᠲᠤᠭᠲᠠᠴᠠ ᠶᠢ ᠪᠠᠶᠢᠭᠤᠯᠤᠨ᠎ᠠ᠃ ᠤᠰᠤᠨ ᠦᠨ᠎ᠡ ᠶᠢᠨ ᠤᠰᠤ ᠠᠷᠪᠢᠯᠠᠬᠤ | ᠭᠦᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠶᠢᠨ ᠵᠡᠷᠭᠡ ᠳᠤ ᠶᠡᠷᠦᠩᠬᠡᠢ ᠳᠤ ᠨᠢ ᠲᠠᠷᠢᠶᠠᠴᠢᠨ ᠡᠷᠦᠬᠡ | ᠲᠤᠭᠲᠠᠭᠰᠠᠨ ᠨᠤᠷᠮ᠎ᠠ ᠶᠢᠨ ᠲᠤᠲᠤᠷ᠎ᠠ ᠤᠰᠤ ᠬᠡᠷᠡᠭᠯᠡᠬᠦ ᠤᠰᠤᠨ ᠰᠦᠢᠳᠬᠡᠯ ᠤᠨ ᠵᠠᠷᠤᠯᠭ᠎ᠠ ᠶᠢ ᠨᠡᠮᠡᠭᠳᠡᠬᠦᠯᠬᠦ ᠦᠭᠡᠢ | ᠪᠠᠶᠢᠬᠤ ᠶᠢ ᠪᠠᠲᠤᠯᠠᠵᠤ᠂ ᠲᠠᠷᠢᠶᠠᠴᠢᠨ ᠡᠷᠦᠬᠡ ᠶᠢᠨ ᠵᠦᠢ ᠵᠤᠬᠢᠰᠲᠠᠢ ᠤᠰᠤ ᠬᠡᠷᠡᠭᠯᠡᠬᠦ ᠡᠷᠬᠡ ᠠᠰᠢᠭ ᠢ ᠪᠠᠲᠤᠯᠠᠨ᠂ | ᠲᠠᠷᠢᠶᠠᠴᠢᠨ ᠤ ᠠᠮᠤ ᠪᠤᠳᠠᠭ᠎ᠠ ᠲᠠᠷᠢᠬᠤ ᠢᠳᠡᠪᠬᠢᠲᠤ ᠴᠢᠨᠠᠷ ᠢ ᠬᠠᠮᠠᠭᠠᠯᠠᠨ᠎ᠠ᠃ ᠤᠨᠤᠪᠴᠢᠲᠠᠢ ᠨᠦᠬᠦᠪᠦᠷᠢ ᠤᠯᠭᠤᠬᠤ | ᠨᠢ ᠤᠰᠤᠨ ᠤ ᠦᠨ᠎ᠡ ᠶᠢᠨ ᠲᠤᠬᠢᠷᠠᠭᠤᠯᠤᠯᠲᠠ ᠪᠠᠷ ᠤᠷᠢᠳᠠᠯ ᠪᠤᠯᠭᠠᠨ ᠲᠠᠷᠢᠶᠠᠴᠢᠨ ᠤ ᠤᠰᠤᠯᠠᠯᠲᠠ ᠳᠤ ᠤᠰᠤ | ᠬᠡᠷᠡᠭᠯᠡᠬᠦ ᠬᠡᠮᠵᠢᠶ᠎ᠡ ᠶᠢᠨ ᠬᠦᠯᠢᠶᠡᠵᠤ ᠠᠪᠴᠤ ᠳᠡᠶᠢᠯᠬᠦ ᠴᠢᠳᠠᠪᠤᠷᠢ ᠲᠠᠢ ᠲᠤᠬᠢᠷᠠᠯᠴᠠᠭᠤᠯᠵᠤ᠂ ᠪᠤᠳᠠᠲᠠᠢ ᠤᠰᠤᠯᠠᠵᠤ | ᠦᠭᠡᠢ᠂ ᠲᠠᠷᠢᠶᠠᠯᠠᠩ ᠳᠤ ᠬᠡᠷᠡᠭᠯᠡᠬᠦ ᠤᠰᠤ ᠨᠢ ᠲᠤᠭᠲᠠᠭᠰᠠᠨ ᠨᠤᠷᠮ᠎ᠠ ᠠᠴᠠ ᠳᠠᠪᠠᠵᠤ ᠲᠠᠷᠢᠶᠠᠯᠠᠩ ᠳᠤ ᠬᠡᠷᠡᠭᠯᠡᠬᠦ | ᠤᠰᠤᠨ ᠦᠨ᠎ᠡ ᠶᠢᠨ ᠲᠤᠬᠢᠷᠠᠭᠤᠯᠤᠯᠲᠠ ᠨᠢ ᠱᠠᠭᠠᠷᠳᠠᠯᠭ᠎ᠠ ᠳᠤ ᠬᠦᠷᠦᠭᠰᠡᠨ ᠦᠭᠡᠢ ᠪᠤᠶᠤ ᠲᠠᠷᠢᠶᠠᠴᠢᠨ ᠡᠷᠦᠬᠡ ᠶᠢᠨ | ᠬᠦᠯᠢᠶᠡᠵᠤ ᠠᠪᠴᠤ ᠳᠡᠶᠢᠯᠬᠦ ᠴᠢᠳᠠᠪᠦᠷᠢ ᠠᠴᠠ ᠬᠡᠲᠦᠷᠡᠭᠰᠡᠨ ᠦᠭᠡᠢ ᠪᠠᠶᠢᠪᠠᠯ ᠨᠦᠬᠦᠪᠦᠷᠢ ᠤᠯᠭᠤᠬᠤ ᠦᠭᠡᠢ᠃ | ᠤᠨᠤᠪᠴᠢᠲᠠᠢ ᠨᠦᠬᠦᠪᠦᠷᠢ ᠤᠯᠭᠤᠬᠤ ᠡᠳᠡᠭᠡᠳ ᠨᠢ ᠭᠤᠤᠯᠳᠠᠭᠤ ᠲᠤᠭᠲᠠᠭᠰᠠᠨ ᠨᠤᠷᠮ᠎ᠠ ᠶᠢᠨ ᠲᠤᠲᠤᠷ᠎ᠠ ᠤᠰᠤ | ᠬᠡᠷᠡᠭᠯᠡᠵᠤ ᠠᠮᠤ ᠪᠤᠳᠠᠭ᠎ᠠ ᠲᠠᠷᠢᠬᠤ ᠳᠤ ᠤᠰᠤ ᠬᠡᠷᠡᠭᠯᠡᠬᠦ ᠪᠡᠶᠡᠴᠢ ᠴᠤᠭᠴᠠ ᠪᠠᠶᠢᠵᠤ ᠠᠳᠠᠯᠢ ᠪᠤᠰᠤ ᠬᠡᠪᠴᠢᠶᠡᠵᠢᠯ | ᠤᠨ ᠤᠰᠤ ᠬᠡᠷᠡᠭᠯᠡᠬᠦ ᠲᠠᠷᠢᠶᠠᠴᠢᠨ ᠡᠷᠦᠬᠡ᠂ ᠵᠢᠩᠭᠢᠨᠢ ᠪᠠᠷ ᠳᠠᠩᠰᠠᠯᠠᠭᠤᠯᠤᠭᠰᠠᠨ ᠲᠠᠷᠢᠶᠠᠴᠢᠨ ᠤ ᠤᠰᠤ ᠬᠡᠷᠡᠭᠯᠡᠬᠦ | ᠬᠤᠷᠰᠢᠭᠰᠠᠨ ᠵᠤᠬᠢᠶᠠᠨ ᠪᠠᠶᠢᠭᠤᠯᠤᠯᠲᠠ᠂ ᠬᠠᠤᠯᠢ ᠶᠤᠰᠤᠭᠠᠷ ᠪᠠᠶᠢᠭᠤᠯᠤᠭᠰᠠᠨ ᠲᠤᠰᠬᠠᠶᠢᠵᠢᠭᠰᠠᠨ ᠲᠤᠮᠤ ᠡᠷᠦᠬᠡ᠂ | ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠦᠢᠯᠡᠴᠢᠯᠡᠭᠡᠨ ᠤ ᠲᠤᠰᠬᠠᠶᠢᠵᠢᠭᠰᠠᠨ ᠺᠤᠮᠫᠠᠨᠢ᠂ ᠲᠠᠷᠢᠶᠠᠴᠢᠳ ᠤᠨ | ᠬᠤᠷᠰᠢᠶᠠᠵᠢᠯ ᠪᠠ ᠲᠠᠷᠢᠶᠠᠯᠠᠩ ᠤᠨ ᠦᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠵᠤᠬᠢᠶᠠᠨ ᠪᠠᠶᠢᠭᠤᠯᠤᠯᠲᠠ ᠵᠢᠴᠢ ᠵᠢᠵᠢᠭ ᠬᠡᠯᠪᠡᠷᠢ ᠶᠢᠨ ᠤᠰᠤᠯᠠᠯᠲᠠ ᠶᠢᠨ | ᠲᠦᠬᠦᠭᠡᠷᠦᠮᠵᠢ ᠪᠠ ᠢᠵᠢ ᠪᠦᠷᠢᠳᠦᠭᠰᠡᠨ ᠬᠡᠮᠵᠢᠯᠲᠡ ᠶᠢᠨ ᠳᠦᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠭᠤᠤᠯ | ᠴᠤᠭᠴᠠ ᠶᠢ ᠪᠠᠭᠲᠠᠭᠠᠨ᠎ᠠ᠃ ᠨᠦᠬᠦᠪᠦᠷᠢᠯᠡᠬᠦ ᠪᠠᠷᠢᠮᠵᠢᠶ᠎ᠠ ᠶᠢ ᠭᠤᠤᠯᠳᠠᠭᠤ ᠲᠤᠭᠲᠠᠭᠰᠠᠨ ᠨᠤᠷᠮ᠎ᠠ ᠶᠢᠨ ᠲᠤᠲᠤᠷ᠎ᠠ | ᠤᠰᠤ ᠬᠡᠷᠡᠭᠯᠡᠬᠦ ᠦᠪᠡᠷ ᠤᠨ ᠦᠷᠳᠡᠭ ᠪᠤᠯᠤᠨ ᠠᠵᠢᠯᠯᠠᠵᠤ ᠰᠡᠯᠪᠢᠨ ᠬᠠᠮᠠᠭᠠᠯᠠᠬᠤ ᠦᠪᠡᠷ ᠤᠨ ᠦᠷᠲᠡᠭ ᠤᠨ | ᠬᠤᠭᠤᠷᠤᠨᠳᠠᠬᠢ ᠵᠦᠷᠢᠶ᠎ᠡ ᠶᠢ ᠦᠨᠳᠦᠰᠦᠯᠡᠵᠤ ᠨᠦᠬᠦᠪᠦᠷᠢ ᠤᠯᠭᠤᠵᠤ᠂ ᠪᠤᠳᠠᠲᠠᠢ ᠨᠦᠬᠦᠪᠦᠷᠢ ᠤᠯᠭᠤᠬᠤ ᠪᠠᠷᠢᠮᠵᠢᠶ᠎ᠠ | ᠶᠢ ᠮᠠᠨ ᠤ ᠬᠤᠰᠢᠭᠤᠨ ᠤ ᠤᠰᠤᠨ ᠤ ᠶᠠᠪᠤᠳᠠᠯ᠂ ᠡᠳ᠋ ᠤᠨ ᠵᠠᠰᠠᠭ᠂ ᠬᠦᠭᠵᠢᠭᠦᠯᠦᠯᠲᠡ ᠦᠭᠡᠷᠡᠴᠢᠯᠡᠯᠲᠡ᠂ | ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ ᠰᠢᠷᠤᠢ ᠵᠡᠷᠭᠡ ᠲᠠᠪᠤᠨ ᠰᠠᠯᠠᠭ᠎ᠠ ᠮᠦᠴᠢᠷ ᠤᠨ ᠰᠢᠯᠭᠠᠨ | ᠪᠤᠳᠤᠭᠰᠠᠨ ᠦᠷ᠎ᠡ ᠳ᠋ᠦᠩ ᠢᠶᠠᠷ ᠪᠠᠷᠢᠮᠲᠠ ᠪᠤᠯᠭᠠᠨ ᠲᠤᠭᠲᠠᠭᠠᠨ᠎ᠠ᠃ ᠪᠤᠲᠠᠲᠠᠢ ᠨᠦᠬᠦᠪᠦᠷᠢ ᠤᠯᠭᠤᠬᠤ ᠶᠠᠪᠤᠴᠠ᠂ | ᠠᠷᠭ᠎ᠠ ᠪᠠᠷᠢᠯ ᠪᠤᠯᠤᠨ ᠪᠡᠯᠡ ᠮᠦᠩᠭᠦᠨ ᠬᠡᠷᠡᠭᠯᠡᠯᠲᠡ ᠶᠢᠨ ᠬᠠᠮᠢᠶᠠᠷᠤᠯᠲᠠ ᠵᠡᠷᠭᠡ ᠶᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠤᠭᠲᠠᠭᠠᠨ᠎ᠠ᠃ | ⒉ ᠲᠠᠷᠢᠶᠠᠯᠠᠩ ᠤᠨ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠲᠤᠭᠲᠠᠴᠠ ᠶᠢ ᠪᠠᠶᠢᠭᠤᠯᠤᠨ᠎ᠠ᠃ | ᠠᠵᠢᠯᠯᠠᠭᠤᠯᠬᠤ ᠳᠤ ᠳᠦᠬᠦᠮ᠂ ᠬᠡᠷᠡᠭᠯᠡᠭᠴᠢᠳ ᠨᠡᠶᠢᠳᠡᠮ ᠬᠦᠯᠢᠶᠠᠨ ᠠᠪᠳᠠᠭ ᠱᠠᠩᠨᠠᠨ ᠬᠦᠬᠢᠬᠦᠯᠬᠦ ᠲᠤᠭᠲᠠᠴᠠ ᠶᠢ | ᠪᠠᠶᠢᠭᠤᠯᠵᠤ᠂ ᠱᠠᠩᠨᠠᠨ ᠬᠦᠬᠢᠬᠦᠯᠬᠦ ᠪᠠᠷᠢᠮᠵᠢᠶ᠎ᠠ ᠶᠢ ᠬᠤᠰᠢᠭᠤ ᠤᠰᠤᠨ ᠠᠰᠢᠭᠯᠠᠯᠲᠠ ᠶᠢᠨ ᠶᠠᠪᠤᠳᠠᠯ ᠤᠨ ᠲᠤᠪᠴᠢᠶ᠎ᠠ | ᠪᠤᠯᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠲᠤᠪᠴᠢᠶ᠎ᠠ ᠠᠴᠠ ᠲᠤᠭᠲᠠᠭᠠᠵᠤ ᠬᠤᠰᠢᠭᠤ ᠠᠷᠠᠳ ᠤᠨ | ᠵᠠᠰᠠᠭ ᠤᠨ ᠤᠷᠳᠤᠨ ᠠᠴᠠ ᠵᠦᠪᠰᠢᠶᠡᠷᠡᠨ᠂ ᠤᠰᠤ ᠠᠷᠪᠢᠯᠠᠭᠰᠠᠨ ᠬᠡᠮᠵᠢᠶ᠎ᠡ ᠶᠢ ᠦᠨᠳᠦᠰᠦᠯᠡᠨ ᠤᠰᠤ ᠠᠷᠪᠢᠯᠠᠬᠤ | ᠳᠦᠬᠦᠭᠡᠷᠦᠮᠵᠢ᠂ ᠲᠠᠷᠢᠮᠠᠯ ᠤᠨ ᠪᠦᠲᠦᠴᠡ ᠶᠢ ᠲᠤᠬᠢᠷᠠᠭᠤᠯᠬᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ | ᠶᠢᠨ ᠭᠤᠤᠯ ᠴᠤᠭᠴᠠ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ | ᠲᠠᠷᠢᠶᠠᠴᠢᠨ ᠤ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ ᠪᠤᠯᠤᠨ ᠲᠠᠷᠢᠶᠠᠴᠢᠨ ᠡᠷᠦᠬᠡ ᠶᠢ ᠱᠠᠩᠨᠠᠨ | ᠬᠦᠬᠢᠬᠦᠯᠵᠤ ᠤᠰᠤ ᠬᠡᠷᠡᠭᠯᠡᠭᠴᠢᠳ ᠤᠨ ᠰᠠᠨᠠᠭᠠᠴᠢᠯᠠᠭ᠎ᠠ ᠠᠴᠠ ᠪᠠᠨ ᠤᠰᠤ ᠠᠷᠪᠢᠯᠠᠬᠤ ᠤᠬᠠᠮᠰᠠᠷ ᠪᠠ ᠢᠳᠡᠪᠬᠢᠲᠤ | ᠴᠢᠨᠠᠷ ᠢ ᠳᠡᠭᠡᠭᠰᠢᠯᠡᠬᠦᠯᠦᠨ᠎ᠡ᠃ | ⒊ᠤᠯᠠᠨ ᠵᠦᠢᠯ ᠤᠨ ᠠᠷᠭ᠎ᠠ ᠵᠠᠮ ᠢᠶᠠᠷ ᠲᠠᠷᠢᠶᠠᠯᠠᠩ ᠤᠨ ᠤᠰᠤ ᠠᠷᠪᠢᠯᠠᠭᠰᠠᠨ ᠳᠤ ᠤᠨᠤᠪᠴᠢᠲᠠᠢ | ᠨᠦᠬᠦᠪᠦᠷᠢ ᠤᠯᠭᠤᠬᠤ ᠪᠠ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠪᠡᠯᠡ ᠮᠦᠩᠭᠦ ᠶᠢ ᠬᠤᠷᠠᠮᠳᠤᠭᠤᠯᠤᠨ᠎ᠠ᠃ | ᠤᠯᠤᠰ ᠤᠨ ᠡᠯ᠎ᠡ ᠲᠦᠷᠦᠯ ᠤᠨ ᠪᠡᠯᠡ ᠮᠦᠩᠭᠦ ᠶᠢᠨ ᠲᠦᠷᠦ ᠶᠢᠨ ᠪᠤᠳᠤᠯᠭ᠎ᠠ ᠶᠢ ᠢᠳᠡᠪᠬᠢᠲᠠᠢ ᠲᠡᠮᠡᠴᠡᠨ ᠤᠯᠬᠤ | ᠶᠢᠨ ᠬᠠᠮᠲᠤ ᠮᠠᠨ ᠤ ᠬᠤᠰᠢᠭᠤ ᠡᠯ᠎ᠡ ᠱᠠᠲᠤᠨ ᠤ ᠡᠳ᠋ ᠤᠨ ᠵᠠᠰᠠᠭ ᠢ ᠲᠠᠷᠢᠶᠠᠯᠠᠩ ᠤᠨ ᠤᠰᠤᠯᠠᠯᠲᠠ ᠶᠢᠨ | ᠢᠨᠵᠧᠨᠧᠷᠢᠩ ᠤᠨ ᠠᠵᠢᠯ ᠤᠨ ᠬᠠᠮᠢᠶᠠᠷᠤᠯᠲᠠ ᠶᠢᠨ ᠰᠦᠢᠳᠬᠡᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠳᠦᠬᠦᠭᠡᠷᠦᠮᠵᠢ ᠶᠢ ᠵᠠᠰᠠᠨ ᠬᠠᠮᠠᠭᠠᠯᠠᠬᠤ ᠨᠦᠬᠦᠪᠦᠷᠢ ᠶᠢᠨ ᠪᠡᠯᠡ ᠮᠦᠩᠭᠦ᠂ ᠬᠠᠮᠢᠶ᠎ᠠ ᠪᠦᠬᠦᠢ | ᠲᠠᠷᠢᠶᠠᠯᠠᠩ ᠤᠨ ᠱᠠᠩᠨᠠᠨ ᠨᠦᠬᠦᠬᠦ ᠪᠡᠯᠡ ᠮᠦᠩᠭᠦ᠂ ᠤᠰᠤᠨ ᠤ ᠡᠬᠢ ᠪᠠᠶᠠᠯᠢᠭ ᠤᠨ ᠰᠦᠢᠳᠬᠡᠯ ᠵᠡᠷᠭᠡ ᠶᠢ | ᠨᠢᠭᠡᠳᠦᠯᠲᠠᠢ ᠲᠦᠯᠦᠪᠵᠢᠭᠦᠯᠵᠤ ᠤᠨᠤᠪᠴᠢᠲᠠᠢ ᠨᠦᠬᠦᠪᠦᠷᠢ ᠤᠯᠭᠤᠬᠤ ᠪᠠ ᠤᠰᠤ ᠭᠠᠮᠨᠠᠭᠰᠠᠨ ᠢ ᠱᠠᠩᠨᠠᠨ | ᠬᠦᠬᠢᠬᠦᠯᠬᠦ ᠪᠡᠯᠡ ᠮᠦᠩᠭᠦᠨ ᠢᠷᠡᠯᠲᠡ ᠪᠤᠯᠭᠠᠨ᠎ᠠ᠃ | ᠲᠠᠪᠤ᠂ ᠬᠡᠷᠡᠭᠵᠢᠬᠦᠯᠬᠦ ᠠᠯᠬᠤᠮ ᠳᠠᠷᠠᠭ᠎ᠠ | ︵ᠨᠢᠭᠡ︶ ᠲᠤᠷᠰᠢᠯᠲᠠ ᠶᠢᠨ ᠴᠡᠭ ᠢ ᠤᠷᠢᠳ ᠢᠶᠠᠷ ᠬᠢᠵᠤ ᠴᠡᠭ ᠢᠶᠠᠷ ᠪᠦᠬᠦᠨ ᠢ ᠳᠠᠶᠢᠴᠢᠯᠠᠬᠤ ᠶᠢ ᠪᠦᠬᠦ | ᠲᠠᠯ᠎ᠠ ᠪᠠᠷ ᠳᠦᠯᠬᠢᠨ ᠠᠬᠢᠭᠤᠯᠤᠨ᠎ᠠ ︵2018 —2020︶᠃ ᠮᠠᠨ ᠤ ᠬᠤᠰᠢᠭᠤ 1 ᠠᠴᠠ 2 ᠰᠤᠮᠤ | ᠪᠠᠯᠭᠠᠰᠤᠨ ᠳᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠢ ᠦᠷᠨᠢᠬᠦᠯᠬᠦ ᠪᠠᠷ ᠲᠤᠭᠲᠠᠵᠤ ᠪᠡᠯᠡ ᠤᠷᠤᠭᠤᠯᠤᠯᠲᠠ ᠪᠠᠨ ᠨᠡᠮᠡᠭᠳᠡᠬᠦᠯᠦᠨ᠂ ᠲᠦᠷᠦᠯ ᠵᠦᠢᠯ | ᠢ ᠬᠡᠷᠡᠭᠵᠢᠬᠦᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠵᠢᠴᠢ ᠤᠰᠤᠨ ᠤ ᠬᠠᠩᠭᠠᠯᠲᠠ | ᠶᠢ ᠬᠡᠮᠵᠢᠬᠦ ᠳᠦᠬᠦᠭᠡᠷᠦᠮᠵᠢ ᠶᠢ ᠰᠠᠶᠢᠵᠢᠷᠠᠭᠤᠯᠤᠨ ᠡᠳ᠋ ᠤᠨ ᠵᠠᠰᠠᠭ ᠤᠨ ᠤᠨᠤᠪᠴᠢᠲᠠᠢ ᠨᠦᠬᠦᠪᠦᠷᠢ ᠤᠯᠭᠤᠬᠤ | ᠲᠤᠭᠲᠠᠴᠠ ᠪᠠ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠲᠤᠭᠲᠠᠴᠠ ᠶᠢ ᠪᠠᠶᠢᠭᠤᠯᠵᠤ᠂ ᠲᠠᠷᠢᠶ᠋ᠯᠠᠩ ᠤᠨ | ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ ᠠᠬᠢᠭᠤᠯᠤᠨ᠎ᠠ᠃ ᠲᠤᠷᠰᠢᠯᠲᠠ | ᠶᠢᠨ ᠴᠡᠭ ᠤᠨ ᠰᠤᠮᠤ ᠪᠠᠯᠭᠠᠰᠤ ᠨᠢ 2020 ᠤ ᠵᠢᠯ ᠤᠨ ᠡᠴᠦᠰ ᠪᠤᠯᠬᠤ ᠳᠤ ᠦᠭᠡᠷᠡᠴᠢᠯᠡᠯᠲᠡ ᠶᠢᠨ ᠵᠤᠷᠢᠯᠭ᠎ᠠ ᠶᠢ | ᠬᠠᠮᠤᠭ ᠤᠨ ᠲᠦᠷᠦᠭᠦᠨ ᠳᠤ ᠦᠨᠳᠦᠰᠦᠨ ᠳᠤ ᠪᠠᠨ ᠪᠡᠶᠡᠯᠡᠬᠦᠯᠦᠨ ᠮᠠᠨ ᠤ ᠬᠤᠰᠢᠭᠤᠨ ᠳᠤ ᠲᠤᠬᠢᠷᠠᠬᠤ ᠪᠤᠲᠠᠲᠠᠢ | ᠳᠡᠯᠭᠡᠷᠡᠬᠦᠯᠵᠤ ᠪᠤᠯᠬᠤ ᠲᠤᠷᠰᠢᠯᠭ᠎ᠠ ᠪᠠ ᠠᠷᠭ᠎ᠠ ᠶᠢ ᠬᠤᠷᠢᠶᠠᠩᠭᠤᠶᠢᠯᠠᠵᠤ ᠦᠭᠡᠷᠡᠴᠢᠯᠡᠯᠲᠡ ᠶᠢ ᠪᠦᠬᠦ ᠲᠠᠯ᠎ᠠ ᠪᠠᠷ | ᠲᠦᠯᠬᠢᠨ ᠨᠡᠭᠡᠭᠡᠬᠦ ᠳᠤ ᠤᠳᠤᠷᠢᠳᠤᠮᠵᠢ ᠶᠢᠨ ᠦᠢᠯᠡᠳᠦᠯ ᠦᠵᠡᠭᠦᠯᠦᠨ᠎ᠡ᠃ | ︵ᠬᠤᠶᠠᠷ︶ ᠢᠵᠢ ᠪᠦᠷᠢᠳᠦᠭᠰᠡᠨ ᠤᠰᠤᠯᠠᠨ ᠭᠠᠳᠠᠭᠰᠢᠯᠠᠭᠤᠯᠬᠤ ᠢᠨᠵᠧᠨᠧᠷᠢᠩ ᠪᠠ ᠤᠰᠤ ᠬᠠᠩᠭᠠᠬᠤ | ᠬᠡᠮᠵᠢᠯᠲᠡ ᠶᠢᠨ ᠳᠦᠬᠦᠭᠡᠷᠦᠮᠵᠢ ᠶᠢ ᠬᠦᠴᠦᠯᠡᠨ ᠲᠡᠭᠦᠯᠳᠡᠷᠵᠢᠬᠦᠯᠦᠨ᠎ᠡ ︵2018 —2025 ᠤᠨ︶᠃ ᠢᠵᠢ | ᠪᠦᠷᠢᠳᠦᠭᠰᠡᠨ ᠲᠠᠷᠢᠶᠠᠨ ᠭᠠᠵᠠᠷ ᠤᠨ ᠤᠰᠤᠯᠠᠨ ᠭᠠᠳᠠᠭᠰᠢᠯᠠᠭᠤᠯᠬᠤ ᠢᠨᠵᠧᠨᠧᠷᠢᠩ ᠤᠨ ᠰᠢᠰᠲ᠋ᠧᠮ ᠪᠠ ᠤᠰᠤ | ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢ ᠪᠦᠲᠦᠭᠡᠨ ᠪᠠᠶᠢᠭᠤᠯᠬᠤ ᠪᠤᠯ ᠲᠠᠷᠢᠶᠠᠯᠠᠩ ᠳᠤ ᠬᠡᠷᠡᠭᠯᠡᠬᠦ ᠤᠰᠤᠨ | ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠬᠡᠷᠡᠭᠵᠢᠬᠦᠯᠬᠦ ᠶᠢᠨ ᠰᠠᠭᠤᠷᠢ ᠪᠠᠶᠢᠵᠤ ᠮᠠᠨ ᠤ ᠬᠤᠰᠢᠭᠤ | ᠡᠷᠬᠡᠪᠰᠢ ᠴᠢᠩᠭ᠎ᠠ ᠠᠳᠬᠤᠬᠤ ᠬᠡᠷᠡᠭᠲᠠᠢ᠃ ᠮᠠᠨ ᠤ ᠬᠤᠰᠢᠭᠤᠨ ᠤ ᠤᠰᠤᠨ ᠠᠰᠢᠭᠯᠠᠯᠲᠠ ᠶᠢᠨ ᠬᠦᠭᠵᠢᠯᠲᠡ ᠶᠢᠨ | ᠲᠦᠯᠦᠪᠵᠢᠭᠦᠯᠭᠡ ᠶᠢ ᠦᠨᠳᠦᠰᠦᠯᠡᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠶᠢᠭᠤᠯᠤᠯᠲᠠ ᠶᠢᠨ ᠪᠡᠯᠡ | ᠮᠦᠩᠭᠦ ᠶᠢ ᠬᠦᠢᠴᠡᠳ ᠠᠰᠢᠭᠯᠠᠵᠣ᠂ ᠡᠯ᠎ᠡ ᠲᠦᠷᠦᠯ ᠤᠨ ᠲᠠᠷᠢᠶᠠᠯᠠᠯ ᠮᠠᠯᠵᠢᠯ ᠤᠰᠤᠨ ᠳᠤ ᠬᠤᠯᠪᠤᠭᠳᠠᠭᠰᠠᠨ ᠪᠡᠯᠡ | ᠮᠦᠩᠭᠦ ᠶᠢ ᠨᠢᠭᠡᠳᠦᠬᠦᠯᠦᠨ ᠡᠯ᠎ᠡ ᠵᠦᠢᠯ ᠤᠨ ᠤᠰᠤᠯᠠᠯᠲᠠ ᠶᠢᠨ ᠤᠷᠤᠨ ᠤ ᠢᠨᠵᠧᠨᠧᠷᠢᠩ ᠤᠨ ᠢᠵᠢ ᠦᠭᠡᠷᠡᠴᠢᠯᠡᠬᠦ | ᠶᠢ ᠲᠦᠷᠭᠡᠳᠬᠡᠵᠤ ᠤᠰᠤᠯᠠᠨ ᠭᠠᠳᠠᠭᠰᠢᠯᠠᠭᠤᠯᠬᠤ ᠰᠢᠰᠲ᠋ᠧᠮ ᠢ ᠲᠡᠭᠦᠯᠳᠡᠷᠵᠢᠬᠦᠯᠦᠨ ᠢᠵᠢ ᠪᠦᠷᠢᠳᠦᠭᠰᠡᠨ ᠤᠰᠤ | ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢ ᠪᠠᠶᠢᠭᠤᠯᠵᠤ ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠠᠯᠬᠤᠮ | ᠳᠠᠷᠠᠭᠠᠯᠠᠨ ᠪᠡᠶᠡᠯᠡᠬᠦᠯᠦᠨ᠎ᠡ ᠃ | ︵ᠭᠤᠷᠪᠠ︶ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ ︵2020 —2025 ᠤᠨ︶᠃ ᠤᠯᠤᠰ᠂ ᠦᠪᠡᠷᠳᠡᠭᠡᠨ ᠵᠠᠰᠠᠬᠤ ᠤᠷᠤᠨ | ᠪᠤᠯᠤᠨ ᠬᠤᠲᠠ ᠶᠢᠨ ᠡᠯ᠎ᠡ ᠲᠦᠷᠦᠯ ᠤᠨ ᠲᠠᠷᠢᠶᠠᠯᠠᠩ ᠤᠨ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ | ᠶᠢᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠬᠡᠮᠵᠢᠯᠲᠡ ᠶᠢᠨ ᠳᠦᠬᠦᠭᠡᠷᠦᠮᠵᠢ | ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠦᠷᠢᠨ ᠲᠦᠬᠦᠷ ᠲᠠᠷᠢᠶᠠᠯᠠᠩ ᠤᠨ ᠤᠰᠤ | ᠬᠡᠷᠡᠭᠯᠡᠬᠦ ᠦᠨ᠎ᠡ ᠬᠠᠩᠰᠢ ᠶᠢᠨ ᠪᠦᠷᠢᠯᠳᠦᠯ ᠤᠨ ᠲᠤᠭᠲᠠᠴᠠ ᠶᠢ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯᠲᠠᠨ ᠤ ᠵᠠᠷᠤᠳᠠᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ ᠵᠠᠷᠤᠳᠠᠯ ᠵᠢᠴᠢ ᠡᠳ᠋ ᠤᠨ ᠵᠠᠰᠠᠭ ᠤᠨ ᠨᠦᠬᠦᠪᠦᠷᠢ ᠪᠡᠯᠡ ᠮᠦᠩᠭᠦ ᠶᠢ ᠨᠠᠶᠢᠳᠠᠪᠤᠷᠢᠵᠢᠭᠤᠯᠵᠤ᠂ | ᠦᠨᠳᠦᠰᠦᠨ ᠲᠠᠷᠢᠶᠠᠯᠠᠩ ᠳᠤ ᠬᠡᠷᠡᠭᠯᠡᠬᠦ ᠤᠰᠤ ᠶᠢ ᠬᠠᠮᠢᠶᠠᠷᠴᠤ ᠬᠠᠮᠠᠭᠠᠯᠠᠬᠤ ᠭᠤᠤᠯ ᠴᠤᠭᠴᠠ ᠶᠢ ᠲᠤᠳᠤᠷᠬᠠᠶᠢᠯᠠᠵᠤ | ᠂ ᠭᠠᠵᠠᠷ ᠰᠢᠷᠤᠢ ᠶᠢ ᠵᠤᠬᠢᠬᠤ ᠬᠡᠮᠵᠢᠶᠠᠨ ᠳᠤ ᠲᠦᠪᠯᠡᠷᠡᠭᠦᠯᠦᠨ ᠡᠵᠡᠩᠨᠡᠬᠦ ᠶᠢ ᠳᠦᠯᠬᠢᠨ ᠠᠬᠢᠭᠤᠯᠬᠤ ᠪᠠ | ᠤᠳᠤᠷᠢᠳᠴᠤ᠂ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠦᠭᠡᠷᠡᠴᠢᠯᠡᠯᠲᠡ ᠶᠢᠨ ᠶᠡᠷᠦᠩᠭᠡᠶᠢᠯᠡᠭᠰᠡᠨ ᠬᠠᠷᠠᠯᠲᠠ | ᠶᠢ ᠴᠢᠷᠮᠠᠶᠢᠨ ᠪᠡᠶᠡᠯᠡᠭᠦᠯᠦᠨ᠎ᠡ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠷᠤᠨ ᠡᠯ᠎ᠡ | ᠰᠠᠯᠠᠭ᠎ᠠ ᠮᠦᠴᠢᠷ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠠᠵᠢᠯ | ᠢ ᠳᠡᠭᠡᠲᠤ ᠬᠡᠮᠵᠢᠶ᠎ᠡ ᠪᠠᠷ ᠴᠢᠬᠤᠯᠠᠴᠢᠯᠠᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠠᠵᠢᠯ ᠤᠨ | ᠭᠤᠤᠯᠳᠠᠯᠭᠠᠲᠤ ᠡᠭᠦᠷᠭᠡ ᠪᠤᠯᠭᠠᠵᠤ᠂ ᠤᠳᠤᠷᠢᠳᠤᠯᠭ᠎ᠠ ᠶᠢ ᠴᠢᠩᠭᠠᠳᠬᠠᠨ ᠲᠤᠭᠲᠠᠯᠴᠠᠭ᠎ᠠ ᠶᠢ ᠲᠡᠭᠦᠯᠳᠡᠷᠵᠢᠬᠦᠯᠵᠤ | ᠠᠯᠬᠤᠮ ᠳᠠᠷᠠᠭ᠎ᠠ ᠲᠠᠢ ᠠᠬᠢᠭᠤᠯᠤᠨ᠎ᠠ᠃ ᠬᠤᠪᠢᠶᠠᠷᠢᠯᠠᠨ ᠬᠠᠮᠢᠶᠠᠷᠬᠤ ᠬᠤᠰᠢᠭᠤ ᠲᠡᠳ᠋ ᠳᠠᠷᠤᠭ᠎ᠠ ᠶᠢ ᠲᠤᠭᠤᠶᠢᠯᠠᠩ | ᠤᠨ ᠳᠠᠷᠤᠭ᠎ᠠ ᠪᠠᠷ ᠲᠤᠮᠢᠯᠠᠵᠤ᠂ ᠬᠤᠰᠢᠭᠤ ᠵᠠᠰᠠᠭ ᠤᠨ ᠤᠷᠳᠤᠨ ᠤ ᠲᠡᠳ᠋ ᠡᠷᠬᠢᠯᠡᠭᠴᠢ ᠪᠠ ᠬᠤᠰᠢᠭᠤ ᠤᠰᠤᠨ ᠤ | ᠶᠠᠪᠤᠳᠠᠯ ᠤᠨ ᠲᠤᠪᠴᠢᠶ᠎ᠠ ᠪᠤᠯᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠲᠤᠪᠴᠢᠶᠠᠨ ᠤ ᠭᠤᠤᠯ | ᠬᠠᠷᠢᠭᠤᠴᠠᠯᠭᠠᠲᠠᠨ ᠢ ᠲᠡᠳ᠋ ᠲᠤᠭᠤᠶᠢᠯᠠᠩ ᠤᠨ ᠳᠠᠷᠤᠭ᠎ᠠ ᠪᠠᠷ ᠲᠤᠮᠢᠯᠠᠵᠤ ᠬᠤᠰᠢᠭᠤ ᠬᠦᠭᠵᠢᠭᠦᠯᠦᠯᠲᠡ | ᠦᠭᠡᠷᠡᠴᠢᠯᠡᠯᠲᠡ᠂ ᠡᠳ᠋ ᠤᠨ ᠵᠠᠰᠠᠭ᠂ ᠤᠰᠤᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ | ᠰᠢᠷᠤᠢ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠭᠡᠰᠢᠭᠦᠨ ᠪᠤᠯᠭᠠᠭᠰᠠᠨ ᠬᠤᠰᠢᠭᠤ | ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠤᠳᠤᠷᠢᠳᠬᠤ | ᠲᠤᠭᠤᠶᠢᠯᠠᠩ ︵ᠲᠤᠤᠷ᠎ᠠ ᠤᠳᠤᠷᠢᠳᠬᠤ ᠲᠤᠭᠤᠶᠢᠯᠠᠩ ᠭᠡᠵᠤ ᠳᠦᠬᠦᠮᠴᠢᠯᠡᠪᠡ︶ ᠢ ᠪᠠᠶᠢᠭᠤᠯᠤᠨ᠂ ᠬᠤᠯᠪᠤᠭᠳᠠᠯ | ᠪᠦᠬᠦᠢ ᠠᠵᠢᠯ ᠢ ᠨᠢᠭᠡᠳᠦᠯᠲᠠᠢ ᠲᠦᠯᠦᠪᠵᠢᠭᠦᠯᠦᠨ ᠵᠤᠬᠢᠴᠠᠭᠤᠯᠬᠤ ᠪᠠ ᠵᠤᠬᠢᠶᠠᠨ ᠪᠠᠶᠢᠭᠤᠯᠵᠤ ᠠᠬᠢᠭᠤᠯᠬᠤ ᠶᠢ | ᠭᠤᠣᠯ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤ ᠤᠰᠤᠨ ᠤ ᠶᠠᠪᠤᠳᠠᠯ ᠤᠨ | ᠲᠤᠪᠴᠢᠶ᠎ᠠ ᠪᠤᠯᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠲᠤᠪᠴᠢᠶ᠎ᠠ ᠳᠤ ᠲᠤᠬᠢᠷᠠᠭᠤᠯᠵᠤ᠂ ᠪᠤᠲᠠᠳᠤ | ᠪᠠᠶᠢᠳᠠᠯ ᠲᠠᠢ ᠪᠠᠨ ᠤᠶᠠᠯᠳᠤᠭᠤᠯᠤᠨ ᠪᠤᠲᠠᠲᠠᠢ ᠬᠡᠷᠡᠭᠵᠢᠬᠦᠯᠬᠦ ᠲᠦᠰᠦᠯ ᠢ ᠲᠤᠭᠲᠠᠭᠠᠵᠤ᠂ ᠡᠯ᠎ᠡ ᠲᠦᠷᠦᠯ ᠤᠨ | ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠡᠯ᠎ᠡ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ | ᠂ ᠠᠵᠢᠯ ᠤᠨ ᠬᠤᠪᠢᠶᠠᠷᠢᠯᠠᠯ ᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠠᠵᠢᠯ ᠪᠤᠯᠭᠠᠨ ᠢ ᠬᠠᠮᠢᠶᠠᠷᠬᠤ ᠬᠦᠮᠦᠨ | ᠲᠠᠢ ᠪᠠᠶᠢᠬᠤ ᠶᠢ ᠪᠠᠲᠤᠯᠠᠨ ᠦᠭᠡᠷᠡᠴᠢᠯᠡᠯᠲᠡ ᠶᠢ ᠬᠡᠷᠡᠭᠵᠢᠬᠦᠯᠵᠤ ᠪᠠᠶᠢᠭ᠎ᠠ ᠶᠠᠪᠤᠴᠠ ᠲᠤᠮᠳᠠ ᠲᠤᠬᠢᠶᠠᠯᠳᠤᠭᠰᠠᠨ | ᠬᠦᠴᠢᠷ ᠲᠠᠢ ᠠᠰᠠᠭᠤᠳᠠᠯ ᠢ ᠴᠠᠭ ᠲᠤᠬᠠᠢ ᠳᠤ ᠨᠢ ᠵᠤᠬᠢᠴᠠᠭᠤᠯᠤᠨ ᠰᠢᠢᠳᠪᠦᠷᠢᠯᠡᠵᠤ ᠲᠠᠷᠢᠶᠠᠯᠠᠩ ᠳᠤ ᠬᠡᠷᠡᠭᠯᠡᠬᠦ | ᠤᠰᠤᠨ ᠦᠨ᠎ᠡ ᠶᠢᠨ ᠦᠭᠡᠷᠡᠴᠢᠯᠡᠯᠲᠡ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ︵ᠬᠤᠶᠠᠷ︶ ᠬᠠᠷᠢᠭᠤᠴᠯᠭ᠎ᠠ ᠪᠠ ᠠᠵᠢᠯ ᠤᠨ ᠬᠤᠪᠢᠶᠠᠷᠢᠯᠠᠯ ᠢ ᠲᠤᠲᠤᠷᠬᠠᠢ ᠪᠤᠯᠭᠠᠨ᠎ᠠ᠃ ᠬᠤᠰᠢᠭᠤ ᠤᠰᠤᠨ | ᠤ ᠶᠠᠪᠤᠳᠠᠯ ᠪᠠ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠬᠦᠭᠵᠢᠬᠦᠯᠦᠯᠲᠡ ᠦᠭᠡᠷᠡᠴᠢᠯᠡᠯᠲᠡ ᠶᠢᠨ | ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠨᠢ ᠦᠪᠡᠷ ᠦᠪᠡᠷ ᠤᠨ ᠢᠶᠠᠨ ᠠᠵᠢᠯ ᠢ | ᠬᠠᠷᠢᠭᠤᠴᠠᠨ ᠬᠤᠪᠢᠶᠠᠷᠢᠯᠠᠨ ᠬᠤᠷᠰᠢᠯᠴᠠᠵᠤ ᠬᠠᠷᠢᠯᠴᠠᠨ ᠬᠠᠪᠰᠤᠷᠤᠯᠴᠠᠨ ᠨᠠᠷᠢᠯᠢᠭ ᠵᠤᠬᠢᠶᠠᠨ ᠪᠠᠶᠢᠭᠤᠯᠵᠤ᠂ | ᠵᠢᠯᠤᠭᠤᠳᠤᠯᠭ᠎ᠠ ᠶᠢ ᠴᠢᠩᠭᠠᠳᠬᠠᠨ᠂ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ | ᠦᠭᠡᠷᠡᠴᠢᠯᠡᠯᠲᠡ ᠶᠢ ᠬᠠᠮᠲᠤᠷᠠᠨ ᠲᠦᠯᠬᠢᠨ ᠠᠬᠢᠭᠤᠯᠤᠨ᠎ᠠ᠃ ᠬᠤᠰᠢᠭᠤ ᠤᠰᠤᠨ ᠠᠰᠢᠭᠯᠠᠯᠲᠠ ᠶᠢᠨ ᠶᠠᠪᠤᠳᠠᠯ ᠤᠨ | ᠰᠠᠯᠠᠭ᠎ᠠ ᠮᠦᠴᠢᠷ ᠨᠢᠭᠡᠳᠦᠯᠲᠠᠢ ᠲᠦᠯᠦᠪᠯᠡᠨ ᠲᠤᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠶᠠᠨ | ᠪᠠᠶᠢᠭᠤᠯᠤᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠡᠮᠦᠨᠡᠬᠢ | ᠭᠤᠭᠴᠤᠭᠠᠨ ᠤ ᠪᠡᠯᠡᠳᠬᠡᠯ ᠠᠵᠢᠯ᠂ ᠲᠦᠰᠦᠯ ᠨᠠᠶᠢᠷᠠᠭᠤᠯᠤᠨ ᠵᠤᠬᠢᠶᠠᠬᠤ᠂ ᠬᠢᠨᠠᠨ ᠮᠡᠳᠡᠭᠦᠯᠵᠤ ᠵᠦᠪᠰᠢᠶᠡᠷᠡᠭᠦᠯᠬᠦ᠂ | ᠬᠡᠷᠡᠭᠵᠢᠬᠦᠯᠦᠨ ᠪᠠᠶᠢᠴᠠᠭᠠᠬᠤ᠂ ᠬᠢᠨᠠᠨ ᠰᠢᠯᠭᠠᠵᠤ ᠪᠠᠶᠢᠴᠠᠭᠠᠨ ᠬᠤᠷᠢᠶᠠᠬᠤ ᠵᠡᠷᠭᠡ ᠠᠵᠢᠯ ᠢ ᠰᠠᠶᠢᠲᠤᠷ ᠬᠢᠬᠦ ᠶᠢᠨ | ᠬᠠᠮᠲᠤ ᠤᠰᠤ ᠠᠷᠪᠢᠯᠠᠬᠤ ᠪᠠᠷ ᠭᠤᠤᠯᠳᠠᠯᠭ᠎ᠠ ᠪᠤᠯᠭᠠᠭᠰᠠᠨ ᠲᠠᠷᠢᠶᠠᠨ ᠭᠠᠵᠠᠷ ᠤᠨ ᠤᠰᠤᠯᠠᠨ ᠭᠠᠳᠠᠭᠰᠢᠯᠠᠭᠤᠯᠬᠤ | ᠢᠨᠵᠧᠨᠧᠷᠢᠩ ᠤᠨ ᠰᠢᠰᠲ᠋ᠧᠮ ᠪᠠ ᠤᠰᠤ ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠭᠠᠵᠠᠷ ᠤᠷᠤᠨ ᠤ ᠲᠠᠷᠢᠶᠠᠯᠠᠩ ᠳᠤ ᠬᠡᠷᠡᠭᠯᠡᠬᠦ ᠤᠰᠤᠨ ᠤ | ᠶᠡᠷᠦᠩᠭᠡᠢ ᠬᠡᠮᠵᠢᠶ᠎ᠡ ᠵᠢᠴᠢ ᠬᠦᠢᠴᠡᠳᠬᠡᠯ ᠲᠤᠭ᠎ᠠ ᠶᠢ ᠵᠠᠳᠠᠯᠬᠤ ᠶᠢ ᠲᠤᠭᠲᠠᠭᠠᠵᠤ᠂ ᠤᠰᠤᠯᠠᠯᠲᠠ ᠶᠢᠨ ᠤᠷᠤᠨ ᠠᠴᠠ | ᠤᠰᠤ ᠳᠠᠲᠠᠵᠤ ᠠᠪᠬᠤ ᠵᠦᠪᠰᠢᠶᠡᠷᠡᠯ ᠤᠨ ᠦᠨᠡᠮᠯᠡᠯ ᠢ ᠬᠢᠨᠠᠵᠤ ᠲᠠᠷᠬᠠᠭᠠᠬᠤ᠂ ᠤᠰᠤ ᠬᠡᠷᠡᠭᠯᠡᠭᠴᠢᠳ ᠤᠨ ᠤᠰᠤᠨ ᠤ | ᠡᠷᠬᠡ ᠶᠢ ᠲᠤᠳᠤᠳᠬᠠᠨ᠂ ᠤᠰᠤᠨ ᠤ ᠡᠷᠬᠡ ᠶᠢᠨ ᠰᠤᠯᠢᠯᠴᠠᠭᠠᠨ ᠤ ᠳᠦᠷᠢᠮ ᠢ ᠪᠠᠶᠢᠭᠤᠯᠵᠤ᠂ ᠤᠰᠤᠨ ᠰᠦᠢᠳᠬᠡᠯ | ᠢ ᠬᠤᠷᠢᠶᠠᠨ ᠠᠪᠬᠤ ᠪᠠ ᠬᠡᠷᠡᠭᠯᠡᠬᠦ ᠶᠢ ᠬᠢᠨᠠᠨ ᠬᠠᠮᠢᠶᠠᠷᠬᠤ ᠠᠵᠢᠯ ᠢ ᠰᠠᠶᠢᠨ ᠬᠢᠵᠤ ᠲᠠᠷᠢᠶᠠᠯᠠᠩ ᠳᠤ ᠬᠡᠷᠡᠭᠯᠡᠬᠦ ᠤᠰᠤ | ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠨ ᠤᠰᠤᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠬᠦ | ᠶᠢᠨ ᠬᠠᠮᠲᠤ ᠤᠰᠤᠨ ᠤ ᠬᠠᠩᠭᠠᠯᠲᠠ ᠶᠢᠨ ᠦᠪᠡᠷ ᠤᠨ ᠦᠷᠲᠡᠭ ᠤᠨ ᠬᠡᠮᠵᠢᠨ ᠪᠤᠳᠤᠯᠲᠠ ᠪᠠ ᠬᠢᠵᠠᠭᠠᠷᠯᠠᠯ ᠢ | ᠴᠢᠩᠭᠠᠳᠬᠠᠨ᠎ᠠ᠃ ᠬᠤᠰᠢᠭᠤ ᠬᠦᠭᠵᠢᠭᠦᠯᠦᠯᠲᠡ ᠦᠭᠡᠷᠡᠴᠢᠯᠡᠯᠲᠡ ᠲᠤᠪᠴᠢᠶ᠎ᠠ ᠤᠰᠤᠨ ᠤ ᠦᠨ᠎ᠡ ᠶᠢᠨ ᠪᠦᠷᠢᠯᠳᠦᠯ | ᠤᠨ ᠲᠤᠭᠲᠠᠴᠠ ᠶᠢ ᠵᠤᠬᠢᠴᠠᠭᠤᠯᠤᠨ ᠵᠢᠯᠤᠭᠤᠳᠴᠤ ᠲᠤᠰ ᠱᠠᠲᠤᠨ ᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ | ᠶᠢᠨ ᠦᠪᠡᠷ ᠤᠨ ᠦᠷᠲᠡᠭ ᠤᠨ ᠬᠡᠮᠵᠢᠨ ᠪᠤᠲᠤᠯᠲᠠ᠂ ᠪᠠᠶᠢᠴᠠᠭᠠᠨ ᠰᠢᠬᠦᠯᠲᠡ᠂ ᠬᠢᠨᠠᠨ ᠲᠤᠭᠲᠠᠭᠠᠯᠲᠠ᠂ | ᠲᠤᠭᠲᠠᠭᠰᠠᠨ ᠨᠤᠷᠮ᠎ᠠ ᠠᠴᠠ ᠳᠠᠪᠠᠪᠠᠯ ᠠᠬᠢᠭᠤᠯᠤᠨ ᠪᠤᠳᠤᠵᠤ ᠦᠨ᠎ᠡ ᠨᠡᠮᠡᠬᠦ ᠪᠠ ᠲᠦᠷᠦᠯ ᠬᠤᠪᠢᠶᠠᠨ ᠤᠰᠤᠨ | ᠦᠨ᠎ᠡ ᠶᠢ ᠲᠤᠭᠲᠠᠭᠠᠬᠤ ᠵᠡᠷᠭᠡ ᠠᠵᠢᠯ ᠢ ᠰᠠᠶᠢᠳᠤᠷ ᠬᠢᠵᠤ ᠤᠰᠤᠨ ᠦᠨ᠎ᠡ ᠬᠡᠷᠡᠭᠵᠢᠬᠦᠯᠬᠦ ᠶᠢ ᠬᠢᠨᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠷᠢᠶᠠᠯᠠᠯ ᠮᠠᠯᠵᠢᠯ ᠤᠰᠤᠨ | ᠤ ᠲᠦᠷᠦᠯ ᠵᠦᠢᠯ ᠤᠨ ᠪᠡᠯᠡ ᠮᠦᠩᠭᠦ ᠶᠢ ᠴᠤᠮᠬᠤᠳᠬᠠᠬᠤ ᠶᠢ ᠬᠠᠷᠢᠭᠤᠴᠠᠨ᠂ ᠤᠰᠤᠯᠠᠨ ᠭᠠᠳᠠᠭᠰᠢᠯᠠᠭᠤᠯᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠤᠰᠤ ᠬᠠᠩᠭᠠᠬᠤ ᠬᠡᠮᠵᠢᠯᠲᠡ ᠶᠢᠨ | ᠳᠦᠬᠦᠭᠡᠷᠦᠮᠵᠢ ᠶᠢᠨ ᠪᠡᠯᠡ ᠮᠦᠩᠭᠦ ᠶᠢ ᠬᠡᠷᠡᠭᠯᠡᠬᠦ ᠲᠦᠯᠦᠪᠵᠢᠭᠦᠯᠭᠡ ᠳᠤ ᠪᠤᠳᠠᠲᠤ ᠰᠠᠨᠠᠯ ᠢᠶᠠᠨ ᠲᠤᠷᠠᠳᠤᠨ | ᠤᠨᠤᠪᠴᠢᠲᠠᠢ ᠪᠠᠷ ᠨᠦᠬᠦᠪᠦᠷᠢ ᠤᠯᠭᠤᠬᠤ ᠪᠠ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠪᠡᠯᠡ ᠮᠦᠩᠭᠦ ᠶᠢᠨ | ᠢᠷᠡᠯᠲᠡ ᠶᠢ ᠨᠠᠶᠢᠳᠠᠪᠤᠷᠢᠵᠢᠭᠤᠯᠤᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠨᠢ | ᠰᠢᠯᠢᠳᠡᠭᠵᠢᠭᠰᠡᠨ ᠲᠠᠷᠢᠮᠠᠯ ᠤᠨ ᠪᠦᠲᠦᠴᠡ ᠶᠢᠨ ᠠᠵᠢᠯ ᠳᠤ ᠲᠤᠬᠢᠷᠠᠭᠤᠯᠤᠯᠲᠠ ᠬᠢᠬᠦ ᠶᠢ ᠭᠦᠴᠦᠯᠡᠨ ᠬᠦᠢᠴᠡᠳᠬᠡᠵᠤ᠂ | ᠤᠰᠤ ᠪᠤᠷᠳᠤᠭᠤᠷ ᠢ ᠴᠤᠭᠴᠠᠵᠢᠭᠤᠯᠤᠭᠰᠠᠨ᠂ ᠲᠠᠷᠢᠶᠠᠯᠠᠬᠤ ᠮᠡᠷᠭᠡᠵᠢᠯ ᠲᠠᠷᠢᠶᠠᠯᠠᠩ ᠤᠨ ᠮᠠᠰᠢᠨ ᠤᠰᠤ ᠠᠷᠪᠢᠯᠠᠬᠤ | ᠵᠢᠴᠢ ᠬᠠᠭᠤᠷᠠᠢ ᠭᠠᠵᠠᠷ ᠲᠤ ᠲᠠᠷᠢᠬᠤ ᠮᠡᠷᠭᠡᠵᠢᠯ ᠢ ᠢᠳᠡᠪᠬᠢᠲᠠᠢ ᠳᠡᠯᠭᠡᠷᠡᠬᠦᠯᠦᠨ ᠲᠠᠷᠢᠶᠠᠯᠠᠩ ᠳᠤ ᠬᠡᠷᠡᠭᠯᠡᠬᠦ ᠤᠰᠤ ᠶᠢ | ᠠᠷᠪᠢᠯᠠᠬᠤ ᠮᠡᠷᠭᠡᠵᠢᠯ ᠢ ᠤᠬᠠᠭᠤᠯᠤᠨ ᠪᠤᠯᠪᠠᠰᠤᠷᠠᠭᠤᠯᠬᠤ ᠪᠠ ᠮᠡᠷᠭᠡᠵᠢᠯ ᠤᠨ ᠵᠢᠯᠤᠭᠤᠳᠤᠯᠭ᠎ᠠ ᠬᠢᠬᠦ ᠶᠢ | ᠴᠢᠩᠭᠠᠳᠬᠠᠵᠤ᠂ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠤᠨ ᠲᠤᠷᠰᠢᠯᠲᠠ ᠪᠠᠷ ᠵᠢᠱᠢᠶ᠎ᠡ ᠦᠵᠡᠬᠦᠯᠬᠦ ᠴᠡᠭ | ᠪᠠᠶᠢᠭᠤᠯᠬᠤ ᠶᠢ ᠦᠷᠨᠢᠬᠦᠯᠵᠤ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ᠂ ᠤᠰᠤ ᠶᠢ | ᠠᠷᠪᠢᠯᠠᠵᠤ ᠬᠡᠷᠡᠭᠯᠡᠬᠦ ᠦᠵᠡᠯ ᠤᠬᠠᠮᠰᠠᠷ ᠪᠠ ᠮᠡᠷᠭᠡᠵᠢᠯ ᠤᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ | ︵ᠭᠤᠷᠪᠠ︶ ᠪᠡᠯᠡ ᠮᠦᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠪᠡᠯᠡ ᠮᠦᠩᠭᠦ | ᠶᠢᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠳᠤ ᠦᠵᠡᠬᠦᠯᠬᠦ | ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠠᠢ ᠲᠦᠯᠦᠪᠯᠡᠬᠦ ᠨᠡᠶᠢᠲᠡ ᠶᠢᠨ ᠡᠳ᠋ ᠤᠨ | ᠵᠠᠰᠠᠭ ᠤᠨ ᠡᠩ ᠤᠨ ᠲᠦᠰᠦᠪ᠂ ᠤᠷᠤᠨ ᠨᠤᠲᠤᠭ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠰᠠᠭᠤᠷᠢ ᠮᠦᠩᠭᠦ᠂ ᠤᠯᠤᠰ ᠤᠨ ᠦᠮᠴᠢᠯᠡᠯᠲᠦ ᠭᠠᠵᠠᠷ ᠰᠢᠷᠤᠢ ᠶᠢ ᠬᠤᠳᠠᠯᠳᠤᠭᠰᠠᠨ ᠠᠰᠢᠭ ᠤᠷᠤᠯᠭ᠎ᠠ ᠪᠠ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠵᠡᠷᠭᠡ ᠶᠢ ᠨᠢᠭᠡᠳᠦᠯᠲᠠᠢ | ᠲᠦᠯᠦᠪᠵᠢᠬᠦᠯᠵᠤ ᠡᠳ᠋ ᠤᠨ ᠵᠠᠰᠠᠭ ᠤᠨ ᠲᠠᠷᠢᠶᠠᠯᠠᠩ ᠢ ᠲᠤᠰᠠᠯᠠᠬᠤ ᠪᠡᠯᠡ ᠮᠦᠩᠭᠦ ᠶᠢᠨ ᠵᠠᠷᠤᠯᠭ᠎ᠠ ᠶᠢᠨ ᠪᠦᠲᠦᠴᠡ | ᠶᠢ ᠲᠤᠬᠢᠷᠠᠭᠤᠯᠤᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠳᠤ | ᠤᠷᠤᠭᠤᠯᠬᠤ ᠬᠦᠴᠦᠯᠡᠴᠡ ᠪᠠᠨ ᠳᠠᠰᠤᠷᠠᠯᠲᠠ ᠦᠭᠡᠢ ᠨᠡᠮᠡᠭᠳᠡᠭᠦᠯᠦᠨ᠎ᠡ᠃ ᠡᠭᠦᠨ ᠤ ᠬᠠᠮᠲᠤ ᠱᠠᠩᠨᠠᠯ ᠢᠶᠠᠷ | ᠨᠦᠬᠦᠪᠦᠷᠢᠯᠡᠬᠦ᠂ ᠤᠷᠢᠳ ᠢᠶᠠᠷ ᠪᠠᠶᠢᠭᠤᠯᠤᠨ ᠰᠡᠭᠦᠯᠡᠷ ᠨᠦᠬᠦᠪᠦᠷᠢᠯᠡᠬᠦ᠂ ᠠᠷᠠᠳ ᠠᠴᠠ ᠡᠷᠬᠢᠯᠡᠵᠤ ᠠᠯᠪᠠᠨ ᠠᠴᠠ | ᠲᠤᠰᠠᠯᠠᠨ ᠳᠡᠮᠵᠢᠬᠦ ᠠᠰᠢᠭ ᠤᠷᠤᠯᠭ᠎ᠠ ᠶᠢ ᠬᠤᠪᠢᠶᠠᠬᠤ ᠵᠡᠷᠭᠡ ᠪᠦᠲᠦᠮᠵᠢᠲᠠᠢ ᠠᠷᠭ᠎ᠠ ᠶᠢ ᠬᠡᠷᠡᠭᠯᠡᠵᠤ ᠲᠠᠷᠢᠶᠠᠴᠢᠨ ᠪᠠ | ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠤᠷᠤᠯᠴᠠᠬᠤ ᠢᠳᠡᠪᠬᠢᠵᠢᠯ ᠢ | ᠳᠠᠶᠢᠴᠢᠯᠠᠨ ᠨᠡᠶᠢᠬᠡᠮ ᠤᠨ ᠬᠦᠷᠦᠩᠭᠡ ᠪᠠ ᠦᠪᠡᠷ ᠢᠶᠠᠨ ᠪᠡᠯᠡᠳᠬᠡᠬᠦ ᠪᠡᠯᠡ ᠮᠦᠩᠭᠦ ᠶᠢ ᠤᠳᠤᠷᠢᠳᠤᠨ ᠲᠠᠷᠢᠶᠠᠨ | ᠭᠠᠵᠠᠷ ᠤᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠵᠤ ᠪᠡᠯᠡ ᠮᠦᠩᠭᠦ ᠶᠢᠨ | ᠢᠷᠡᠯᠲᠡ ᠶᠢ ᠳᠠᠰᠤᠷᠠᠯᠲᠠ ᠦᠭᠡᠢ ᠦᠷᠭᠡᠳᠬᠡᠨ᠎ᠡ᠃ ᠢᠨᠵᠧᠨᠧᠷᠢᠩ ᠤᠨ ᠦᠮᠴᠢᠯᠡᠬᠦ ᠡᠷᠬᠡ ᠶᠢᠨ ᠲᠤᠮᠢᠶᠠᠯᠠᠯ ᠢᠶᠠᠷ | ᠰᠠᠭᠤᠷᠢ ᠪᠤᠯᠭᠠᠵᠤ᠂ ᠤᠰᠤᠨ ᠡᠷᠬᠡ ᠶᠢᠨ ᠲᠦᠯᠦᠪᠦᠷᠢᠲᠤ ᠰᠤᠯᠢᠯᠴᠠᠭ᠎ᠠ ᠪᠠᠷ ᠪᠦᠰᠡ ᠪᠤᠯᠭᠠᠨ᠂ ᠵᠤᠬᠢᠰᠲᠠᠢ ᠪᠡᠯᠡ | ᠤᠷᠤᠭᠤᠯᠤᠯᠲᠠ ᠶᠢᠨ ᠠᠰᠢᠭ ᠲᠤᠰᠠ ᠪᠠᠷ ᠳᠠᠲᠠᠬᠤ᠂ ᠨᠡᠶᠢᠬᠡᠮ ᠤᠨ ᠬᠦᠷᠦᠩᠭᠡ ᠶᠢ ppp ︵ᠵᠠᠰᠠᠭ ᠤᠨ ᠤᠷᠳᠤᠨ | ᠪᠠ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭ᠎ᠠ︶ ᠵᠡᠷᠭᠡ ᠤᠯᠠᠨ ᠵᠦᠢᠯ ᠤᠨ ᠬᠡᠯᠪᠡᠷᠢ ᠪᠠᠷ ᠲᠠᠷᠢᠶᠠᠯᠠᠩ ᠳᠤ | ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠳᠤ ᠤᠷᠤᠯᠴᠠᠬᠤ ᠶᠢ ᠵᠤᠷᠢᠭᠵᠢᠭᠤᠯᠤᠨ᠎ᠠ᠃ | ︵ᠳᠦᠷᠪᠡ︶ ᠤᠷᠮᠠᠰᠢᠭᠤᠯᠬᠤ ᠲᠤᠭᠲᠠᠴᠠ ᠶᠢ ᠪᠠᠶᠢᠭᠤᠯᠤᠨ᠎ᠠ᠃ ᠬᠤᠰᠢᠭᠤ ᠰᠢᠯᠭᠠᠨ ᠬᠢᠨᠠᠬᠤ ᠠᠯᠪᠠᠨ ᠭᠡᠷ | ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠠᠵᠢᠯ ᠢ ᠤᠨ ᠤ | ᠭᠤᠤᠯᠳᠠᠯᠭᠠᠲᠤ ᠠᠵᠢᠯ ᠤᠨ ᠱᠠᠭᠠᠷᠳᠠᠨ ᠪᠠᠶᠢᠴᠠᠭᠠᠬᠤ ᠠᠭᠤᠯᠭ᠎ᠠ ᠳᠤ ᠤᠷᠤᠭᠤᠯᠵᠤ ᠡᠯ᠎ᠡ ᠰᠤᠮᠤ ᠪᠠᠯᠭᠠᠰᠤᠨ ᠤ | ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠤᠨ ᠠᠵᠢᠯ ᠤᠨ ᠬᠢᠨᠠᠨ | ᠪᠠᠶᠢᠴᠠᠭᠠᠯᠲᠠ ᠪᠠ ᠰᠢᠯᠭᠠᠨ ᠬᠢᠨᠠᠯᠲᠠ ᠶᠢ ᠴᠢᠩᠭᠠᠳᠬᠠᠬᠤ ᠶᠢᠨ ᠬᠠᠮᠲᠤ ᠬᠢᠨᠠᠨ ᠰᠢᠯᠭᠠᠯᠲᠠ ᠶᠢᠨ ᠦᠷ᠎ᠡ ᠳ᠋ᠦᠩ ᠢ | ᠬᠤᠰᠢᠭᠤᠨ ᠠᠴᠠ ᠳᠡᠭᠡᠭᠰᠢᠬᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠦᠩᠭᠦ ᠪᠠ ᠱᠠᠩᠨᠠᠵᠤ ᠨᠦᠬᠦᠪᠦᠷᠢ ᠤᠯᠭᠤᠬᠤ ᠪᠡᠯᠡ ᠮᠦᠩᠭᠦ ᠶᠢᠨ ᠬᠤᠪᠢᠶᠠᠷᠢᠯᠠᠯᠲᠠ ᠲᠠᠢ | ᠬᠤᠯᠪᠤᠭᠳᠠᠭᠤᠯᠤᠨ᠎ᠠ᠃ ᠦᠭᠡᠷᠡᠴᠢᠯᠡᠯᠲᠡ ᠶᠢᠨ ᠠᠬᠢᠴᠠ ᠶᠢᠨ ᠬᠠᠷᠢᠭᠤ ᠮᠡᠳᠡᠭᠦᠯᠦᠯᠲᠡ᠂ ᠮᠡᠳᠡᠭᠳᠡᠯ ᠪᠠ ᠨᠢᠭᠤᠷᠳᠠᠨ | ᠶᠠᠷᠢᠯᠴᠠᠬᠤ᠂ ᠴᠡᠭᠴᠡᠯᠡᠨ ᠦᠭᠡᠷᠡᠴᠢᠯᠡᠬᠦ ᠵᠡᠷᠭᠡ ᠲᠦᠷᠢᠮ ᠢ ᠪᠠᠶᠢᠭᠤᠯᠤᠨ ᠡᠯ᠎ᠡ ᠭᠠᠵᠠᠷ ᠤᠨ ᠠᠵᠢᠯᠯᠠᠬᠤ ᠠᠬᠢᠴᠠ ᠶᠢᠨ | ᠪᠠᠶᠢᠳᠠᠯ ᠢ ᠲᠤᠭᠲᠠᠭᠰᠠᠨ ᠬᠤᠭᠤᠴᠠᠭ᠎ᠠ ᠲᠠᠢ ᠪᠠᠷ ᠨᠡᠶᠢᠬᠡᠮ ᠳᠤ ᠢᠯᠡ ᠨᠡᠶᠢᠲᠡᠯᠡᠵᠤ ᠬᠠᠷᠢᠭᠤᠴᠠᠯᠭ᠎ᠠ ᠶᠢ ᠨᠡᠬᠡᠮᠵᠢᠯᠡᠬᠦ | ᠲᠤᠭᠲᠠᠴᠠ ᠶᠢ ᠪᠦᠷᠢᠨᠰᠢᠭᠦᠯᠦᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ | ᠦᠭᠡᠷᠡᠴᠢᠯᠡᠯᠲᠡ ᠶᠢᠨ ᠡᠭᠦᠷᠭᠡ ᠶᠢ ᠰᠠᠶᠢᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ︵ᠲᠠᠪᠤ︶ ᠤᠬᠠᠭᠤᠯᠵᠤ ᠵᠢᠯᠤᠭᠤᠳᠬᠤ ᠠᠵᠢᠯ ᠢ ᠰᠠᠶᠢᠲᠤᠷ ᠠᠳᠬᠤᠨ᠎ᠠ᠃ ᠡᠯ᠎ᠡ ᠰᠤᠮᠤ ᠪᠠᠯᠭᠠᠰᠤ᠂ | ᠬᠤᠰᠢᠭᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠤᠰᠤᠯᠠᠯᠲᠠ ᠶᠢᠨ ᠤᠷᠤᠨ ᠤ ᠬᠠᠮᠢᠶᠠᠷᠤᠯᠲᠠ ᠶᠢᠨ | ᠪᠠᠶᠢᠭᠤᠯᠭ᠎ᠠ ᠨᠢᠭᠡᠴᠢ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ | ᠲᠦᠷᠦ ᠶᠢᠨ ᠪᠤᠳᠤᠯᠭ᠎ᠠ ᠳᠤ ᠲᠠᠶᠢᠯᠤᠮᠵᠢ ᠬᠢᠬᠦ ᠠᠵᠢᠯ ᠢ ᠰᠠᠶᠢᠨ ᠬᠢᠵᠤ ᠦᠷᠭᠡᠨ ᠤᠯᠠᠨ ᠲᠠᠷᠢᠶᠠᠴᠢᠳ ᠲᠤ | ᠦᠭᠡᠷᠡᠴᠢᠯᠡᠯᠲᠡ ᠶᠢᠨ ᠡᠬᠢᠯᠡᠯᠲᠡ ᠶᠢᠨ ᠴᠡᠭ᠂ ᠲᠡᠭᠦᠰᠭᠡᠯ ᠤᠨ ᠴᠡᠭ ᠪᠠ ᠪᠤᠳᠠᠲᠠᠢ ᠠᠷᠭ᠎ᠠ ᠪᠠᠷᠢᠯ ᠢ ᠬᠦᠢᠴᠡᠳ | ᠤᠶᠢᠯᠠᠭᠠᠭᠤᠯᠤᠨ᠎ᠠ᠃ ᠪᠤᠯᠪᠠᠰᠤᠷᠠᠯ ᠤᠨ ᠠᠵᠢᠯ ᠢ ᠴᠢᠩᠭᠠᠳᠬᠠᠵᠤ ᠬᠤᠯᠪᠤᠭᠳᠠᠯ ᠪᠦᠬᠦᠢ ᠠᠵᠢᠯᠲᠠᠨ ᠤ ᠦᠵᠡᠯ | ᠤᠬᠠᠮᠰᠠᠷ ᠤᠨ ᠲᠠᠨᠢᠯᠲᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠷᠠᠳᠢᠤ᠋᠂ | ᠲᠧᠯᠸᠢᠰ᠂ ᠰᠤᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠨ ᠨᠡᠶᠢᠬᠡᠮ ᠤᠯᠠᠨ ᠨᠡᠶᠢᠲᠡ ᠳᠤ ᠤᠬᠠᠭᠤᠯᠬᠤ | ᠠᠵᠢᠯ ᠢ ᠦᠷᠨᠢᠬᠦᠯᠵᠤ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠨ ᠤᠰᠤᠨ ᠤ ᠶᠠᠪᠤᠳᠠᠯ ᠤᠨ ᠲᠤᠬᠠᠢ | ᠬᠦᠮᠦᠵᠢᠯ ᠢ ᠴᠢᠩᠭᠠᠷᠠᠭᠤᠯᠵᠤ ᠲᠠᠷᠢᠶᠠᠴᠢᠳ ᠴᠢᠨᠠᠭᠰᠢᠯᠠᠪᠠᠯ ᠪᠦᠬᠦ ᠨᠡᠶᠢᠬᠡᠮ ᠢᠶᠠᠷ ᠢᠶᠠᠨ ᠤᠰᠤ ᠬᠡᠷᠡᠭᠯᠡᠬᠦ ᠳᠤ | ᠰᠦᠢᠳᠬᠡᠯ ᠲᠤᠰᠢᠶᠠᠬᠤ᠂ ᠤᠰᠤ ᠶᠢ ᠠᠷᠪᠢᠯᠠᠵᠤ ᠬᠡᠷᠡᠭᠯᠡᠬᠦ ᠤᠬᠠᠮᠰᠠᠷ ᠪᠠ ᠤᠰᠤ ᠶᠢ ᠠᠷᠪᠢᠯᠠᠬᠤ ᠤᠬᠠᠮᠰᠠᠷᠲᠤ ᠴᠢᠨᠠᠷ | ᠢ ᠨᠡᠮᠡᠭᠳᠡᠬᠦᠯᠦᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠪᠦᠷᠢᠯᠳᠦᠯ ᠤᠨ ᠲᠤᠭᠲᠠᠴᠠ᠂ ᠲᠠᠷᠢᠶᠠᠯᠠᠩ ᠤᠨ | ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠲᠦᠷᠭᠡᠳᠬᠡᠨ ᠰᠠᠶᠢᠵᠢᠷᠠᠭᠤᠯᠬᠤ ᠳᠤ ᠠᠰᠢᠭᠲᠠᠢ | ᠰᠢᠯᠢᠳᠡᠭ ᠰᠠᠶᠢᠨ ᠶᠠᠷᠢᠶ᠎ᠠ ᠬᠡᠯᠡᠯᠴᠡᠭᠡᠨ ᠤ ᠤᠷᠴᠢᠨ ᠠᠬᠤᠢ ᠶᠢ ᠪᠤᠢ ᠪᠤᠯᠭᠠᠨ᠎ᠠ᠃ | | | | | | | | | | | | | | | | |