ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ᠪᠠ ᠨᠠᠷᠢᠠᠭᠤᠤᠯ ᠠᠵᠤ ᠥᠢᠯᠠᠳᠪᠤᠷᠢ ᠶᠢᠨ ᠬᠦᠷᠢᠶᠡᠯᠡᠩ ᠲᠤᠭᠤᠷᠢᠭ ᠲᠤ ᠬᠦᠷᠴᠤ ᠴᠢᠬᠤᠯᠠ ᠲᠤᠮᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-09-17
     9 ᠰᠠᠷ᠎ᠠ ᠶᠢᠨ13 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ᠪᠠ ᠨᠠᠷᠢᠠᠭᠤᠤᠯ ᠠᠵᠤ ᠥᠢᠯᠠᠳᠪᠤᠷᠢ ᠶᠢᠨ ᠬᠦᠷᠢᠶᠡᠯᠡᠩ ᠲᠤᠭᠤᠷᠢᠭ ᠲᠤ ᠬᠦᠷᠴᠤ ᠴᠢᠬᠤᠯᠠ ᠲᠤᠮᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠳᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃ ᠬᠤᠰᠢᠭᠤ ᠤᠳᠤᠷᠢᠳᠤᠯᠭ᠎ᠠ ᠰᠤᠷᠭᠠᠯᠳᠤ᠂ ᠸᠠᠩ ᠯᠢ ᠫᠢᠩ᠂ ᠯᠠᠨ ᠲᠢᠶᠠᠨ᠂ ᠵᠠᠩ ᡁᠢ ᠰᠢᠦ᠋ᠩ᠂ ᠹᠧᠩ ᡁᠢ ᠮᠢᠩ᠂ ᠡᠾᠧ ᠤᠯᠠᠭᠠᠨ᠂ ᠯᠸᠢ ᠬᠠᠰ᠂ ᠼᠤᠤ ᠶᠢᠨ ᠱᠠᠨ᠂ ᠳ᠋ᠧᠤ ᡁᠢ ᠴᠢᠶᠠᠩ᠂ ᠶᠠᠩ ᠵᠦᠩ ᠬᠤᠩ᠂ ᠰᠢᠶᠤᠤ ᡁᠢ ᠺᠤᠸᠠᠨ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠭᠥᠭᠵᠢᠭᠦᠯᠥᠯᠳᠠ ᠥᠭᠡᠷᠡᠴᠢᠯᠡᠯᠳᠠ ᠶᠢᠨ ᠲᠤᠪᠴᠢᠶ᠎ᠠ᠂ ᠠᠵᠤ ᠠᠬᠤᠢ ᠠᠷᠠᠯᠵᠢᠶᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
           ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠤᠷᠢᠳ ᠬᠤᠵᠢᠳ ᠤᠯᠠᠭᠠᠨᠲᠤᠯᠤᠭᠠᠢ ᠪᠠᠯᠭᠠᠰᠤᠨ ᠤ   ᠲᠡᠭᠡᠭᠡᠪᠦᠷᠢ ᠶᠢᠨ ᠭᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠰᠤᠪᠤᠷᠭ᠎ᠠ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ᠂ ᠵᠢᠶᠧ ᠯᠢᠨ ᠰᠦᠯᠢᠶᠤᠤ ᠶᠢᠨ ᠰᠢᠨᠵᠢᠯᠡᠭᠡ ᠮᠡᠷᠭᠡᠵᠢᠯ ᠤᠨ ᠭᠢᠵᠠᠭᠠᠷᠳᠤ ᠺᠤᠮᠫᠠᠨᠢ᠂ ᠵᠢᠶᠠᠨ ᠹᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠰᠢᠩ ᠰᠢᠩ ᠡᠨᠧᠷᠬᠢ ᠶᠢᠨ ᠭᠢᠵᠠᠭᠠᠷᠳᠤ ᠺᠤᠮᠫᠠᠨᠢ᠂  ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ᠂ ᠪᠥᠸᠧ ᠳ᠋ᠠ ᠱᠢ ᠳ᠋ᠢ ᠭᠢᠮᠢ ᠶᠢᠨ ᠭᠢᠵᠠᠭᠠᠷᠳᠤ ᠺᠤᠮᠫᠠᠨᠢ᠂ ᠮᠧᠩ ᠳ᠋ᠠ ᠠᠭᠤᠷᠬᠠᠢ ᠶᠢᠨ ᠦᠢᠯᠡᠰ ᠤᠨ ᠭᠢᠵᠠᠭᠠᠷᠳᠤ ᠺᠤᠮᠫᠠᠨᠢ᠂ ᠵᠥᠩ ᠮᠸᠢ ᠶᠤᠸᠠᠨ ᠰᠢᠩ ᠡᠨᠧᠷᠬᠢ ᠭᠢᠮᠢ ᠶᠢᠨ ᠠᠵᠤ ᠦᠢᠯᠡᠳᠪᠦᠷᠢ ᠶᠢᠨ ᠭᠢᠵᠠᠭᠠᠷᠳᠤ ᠺᠤᠮᠫᠠᠨᠢ ᠶᠢᠨ ᠶᠠᠷᠤᠩᠭᠡᠶᠢᠯᠡᠭᠰᠠᠨ ᠤᠰᠤ ᠰᠢᠢᠳᠪᠦᠷᠢᠯᠡᠬᠦ ᠥᠢᠯᠡᠳᠪᠤᠷᠢ ᠵᠡᠷᠭᠡ ᠳᠤ ᠪᠠᠶᠢᠴᠠᠭᠠᠨ ᠰᠤᠳᠤᠯᠤᠯᠳᠠ ᠭᠢᠵᠤ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ ᠶᠠᠷᠢᠯᠴᠠᠨ ᠠᠵᠤ ᠠᠬᠤᠶᠢᠯᠠᠯ ᠤᠨ ᠪᠥᠳᠥᠭᠡᠨ ᠪᠠᠶᠢᠭᠤᠯᠤᠯᠳᠠ᠂ ᠡᠷᠭᠢᠯᠳᠠ᠂ ᠭᠥᠭᠵᠢᠯᠳᠠ ᠪᠤᠯᠤᠨ ᠠᠵᠤ ᠥᠢᠯᠡᠰ ᠤᠨ ᠭᠡᠯᠭᠢᠶᠠᠵᠢᠯ ᠢ ᠤᠷᠳᠤᠳᠬᠠᠭᠰᠠᠨ ᠪᠠᠶᠢᠳᠠᠯ ᠢ ᠨᠠᠷᠢᠨ ᠤᠶᠢᠯᠠᠭᠠᠵᠤ᠂ ᠠᠵᠤ ᠥᠢᠯᠡᠳᠪᠤᠷᠢ ᠶᠢᠨ ᠪᠥᠳᠥᠭᠡᠭᠳᠡᠭᠦᠨ ᠢ ᠪᠠᠶᠢᠴᠠᠭᠠᠨ ᠥᠵᠠᠭᠦ ᠶᠢᠨ ᠬᠠᠮᠳᠤ ᠠᠵᠤ ᠠᠬᠤᠶᠢᠯᠠᠯ  ᠤᠨ ᠬᠠᠷᠢᠭᠤᠴᠠᠯᠭᠠᠳᠠᠨ ᠲᠠᠢ ᠲᠥᠷᠥᠯ ᠵᠥᠢᠯ ᠤᠨ ᠡᠷᠭᠢᠯᠳᠠ᠂ ᠠᠭᠢᠭᠤᠯᠤᠯᠳᠠ ᠲᠤᠮᠳᠠ ᠲᠤᠯᠭᠠᠷᠠᠵᠤ ᠪᠠᠶᠢᠭ᠎ᠠ ᠭᠥᠴᠢᠷᠳᠠᠯ ᠪᠤᠯᠤᠨ ᠠᠰᠠᠭᠤᠳᠠᠯ   ᠤᠨ ᠲᠤᠬᠠᠢ ᠨᠠᠷᠢᠨ ᠶᠠᠷᠢᠯᠴᠠᠪᠠ᠃
         ᠪᠠᠶᠢᠴᠠᠭᠠᠨ ᠰᠤᠳᠤᠯᠤᠯᠳᠠ ᠶᠢᠨ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠵᠤ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ᠪᠠ ᠨᠠᠷᠢᠠᠭᠤᠤᠯ ᠭᠢᠮᠢ ᠶᠢᠨ ᠠᠵᠤ ᠦᠢᠯᠡᠳᠪᠦᠷᠢ ᠶᠢᠨ ᠭᠥᠷᠢᠶᠠᠯᠠᠩ ᠲᠤᠭᠤᠷᠢᠭ  ᠠᠴᠠ ᠭᠥᠷᠢᠶᠠᠯᠠᠩ ᠲᠤᠭᠤᠷᠢᠭ ᠤᠨ ᠥᠨᠳᠤᠰᠤᠨ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠵᠤ᠂ ᠡᠯ᠎ᠠ ᠠᠵᠤ ᠠᠬᠤᠶᠢᠯᠠᠯ ᠤᠨ ᠬᠠᠷᠢᠭᠤᠴᠠᠯᠭᠠᠳᠠᠨ ᠠᠴᠠ ᠲᠤᠰ ᠪᠠᠶᠢᠭᠤᠯᠭ᠎ᠠ ᠶᠢᠨ ᠥᠢᠯᠡᠳᠪᠤᠷᠢᠯᠠᠯ ᠤᠨ ᠡᠷᠭᠢᠯᠳᠠ ᠶᠢᠨ ᠪᠠᠶᠢᠳᠠᠯ ᠪᠠ ᠠᠵᠢᠯ ᠤᠨ ᠠᠭᠢᠭᠤᠯᠤᠯᠳᠠ ᠲᠤᠮᠳᠠ ᠤᠷᠤᠰᠢᠵᠤ ᠪᠠᠶᠢᠭ᠎ᠠ ᠭᠥᠴᠢᠷᠳᠠᠯ ᠪᠤᠯᠤᠨ ᠠᠰᠠᠭᠤᠳᠠᠯ ᠳᠤ ᠬᠠᠷᠢᠭᠤ ᠮᠡᠳᠡᠭᠦᠯᠦᠯᠲᠡ ᠭᠢᠪᠠ᠃
         ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ᠪᠤᠯᠤᠨ ᠨᠠᠷᠢᠠᠭᠤᠤᠯ ᠠᠵᠤ ᠥᠢᠯᠠᠳᠪᠤᠷᠢ ᠶᠢᠨ ᠬᠦᠷᠢᠶᠡᠯᠡᠩ ᠲᠤᠭᠤᠷᠢᠭ ᠤᠨ ᠠᠵᠢᠯ ᠤᠨ ᠰᠠᠳᠭᠢᠴᠠ ᠨᠢ ᠲᠤᠳᠤ᠂ ᠠᠵᠤ ᠥᠢᠯᠡᠰ ᠤᠨ ᠭᠥᠭᠵᠢᠯᠳᠠ ᠶᠢᠨ ᠪᠠᠶᠢᠷᠢ ᠨᠢ ᠤᠨᠤᠪᠴᠢᠳᠠᠢ ᠪᠠᠶᠢᠵᠤ ᠤᠳᠠᠭᠠᠨ ᠵᠢᠯ ᠤᠨ ᠴᠢᠷᠮᠠᠶᠢᠯᠭ᠎ᠠ ᠪᠤᠯᠤᠨ ᠭᠥᠭᠵᠢᠯᠳᠠ ᠪᠠᠷ ᠲᠠᠮᠵᠢᠭᠠᠳ ᠡᠯ᠎ᠠ ᠭᠥᠷᠢᠶᠠᠯᠠᠩ ᠲᠤᠭᠤᠷᠢᠭ ᠤᠨ ᠪᠡᠯᠡᠳᠭᠡᠯ ᠲᠥᠭᠦᠭᠡᠷᠤᠮᠵᠢ ᠲᠠᠰᠤᠷᠠᠯᠲᠠ ᠥᠭᠡᠢ ᠲᠡᠭᠦᠯᠳᠡᠷᠵᠢᠨ ᠠᠵᠤ ᠥᠢᠯᠡᠰ ᠤᠨ ᠰᠠᠭᠤᠷᠢ ᠨᠢ ᠪᠠᠭᠢᠵᠢᠵᠤ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠭᠥᠭᠵᠢᠯᠳᠠ ᠳᠤ ᠢᠳᠡᠪᠬᠢᠲᠠᠢ ᠬᠤᠪᠢ ᠨᠠᠮᠠᠷᠢ ᠪᠠᠨ ᠡᠷᠭᠦᠭᠰᠠᠨ ᠪᠠᠶᠢᠨ᠎ᠠ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠠ ᠭᠥᠷᠢᠶᠠᠯᠠᠩ ᠲᠤᠭᠤᠷᠢᠭ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠵᠤ ᠰᠢᠨ᠎ᠠ ᠲᠥᠷᠥᠯ ᠵᠥᠢᠯ ᠤᠨ ᠪᠠᠷᠢᠯᠭ᠎ᠠ ᠪᠠᠨ ᠡᠭᠢᠯᠠᠭᠦᠯᠭᠦ᠂ ᠲᠥᠷᠤᠯ ᠵᠥᠢᠯ  ᠢ ᠠᠰᠢᠭᠯᠠᠯᠳᠠ ᠳᠤ ᠤᠷᠤᠭᠤᠯᠬᠤ ᠶᠢ ᠠᠭᠢᠭᠤᠯᠬᠤ᠂ ᠲᠥᠷᠤᠯ ᠵᠥᠢᠯ ᠤᠨ ᠲᠥᠭᠦᠷᠴᠢᠯᠠᠯᠳᠠ ᠶᠢ ᠪᠠᠶᠠᠯᠠᠭᠦᠯᠭᠦ ᠶᠢ ᠠᠳᠬᠤᠬᠤ ᠶᠢ ᠲᠥᠷᠥᠯ ᠵᠥᠢᠯ ᠤᠨ ᠠᠭᠢᠭᠤᠯᠤᠯᠳᠠ ᠶᠢᠨ ᠭᠥᠴᠥᠯᠠᠭᠦ ᠴᠡᠭ ᠪᠤᠯᠭᠠᠨ ᠴᠢᠬᠤᠯᠠ ᠲᠤᠮᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠠᠭᠢᠴᠠ ᠶᠢ ᠦᠷᠭᠦᠯᠵᠢᠯᠡᠨ ᠲᠥᠷᠭᠡᠳᠭᠡᠭᠦ ᠭᠡᠷᠡᠭᠳᠠᠢ᠃ ᠠᠵᠤ ᠠᠬᠤᠢ  ᠶᠢᠨ ᠴᠢᠨᠠᠷ ᠰᠠᠶᠢᠳᠠᠢ ᠭᠥᠭᠵᠢᠯᠳᠠ ᠶᠢ ᠯᠠᠪᠳᠠᠭᠤᠨ ᠠᠭᠢᠭᠤᠯᠬᠤ ᠱᠠᠭᠠᠷᠳᠠᠯᠭ᠎ᠠ ᠶᠢᠨ ᠲᠤᠭᠤᠷᠢᠨ ᠳᠤ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠶᠢ ᠬᠦᠷᠢᠶᠡᠯᠡᠩ ᠲᠤᠭᠤᠷᠢᠭ ᠤᠨ ᠪᠥᠳᠥᠭᠡᠨ ᠪᠠᠶᠢᠭᠤᠯᠤᠯᠳᠠ ᠶᠢᠨ ᠭᠤᠤᠯᠳᠠᠯᠭ᠎ᠠ ᠪᠤᠯᠭᠠᠨ᠂ ᠠᠷᠭ᠎ᠠ ᠭᠡᠯᠪᠠᠷᠢ ᠪᠠᠨ ᠦᠭᠡᠷᠡᠴᠢᠯᠡᠵᠤ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠵᠠᠮ ᠰᠤᠪᠠᠭ ᠢ ᠥᠷᠭᠡᠳᠭᠡᠨ᠂ ᠨᠠᠭᠦᠷᠠᠰᠤ ᠭᠢᠮᠢ ᠶᠢᠨ ᠠᠵᠤ ᠦᠢᠯᠡᠳᠪᠦᠷᠢ ᠵᠡᠷᠭᠡ ᠭᠤᠤᠯᠯᠠᠬᠤ ᠲᠠᠪᠠᠭᠤᠯᠢᠭ ᠠᠵᠤ ᠥᠢᠯᠡᠰ ᠲᠤ ᠲᠥᠰᠢᠭᠯᠡᠨ ᠭᠥᠷᠢᠶᠠᠯᠠᠩ ᠲᠤᠭᠤᠷᠢᠭ ᠤᠨ ᠠᠵᠤ ᠥᠢᠯᠡᠰ ᠢ ᠰᠦᠷᠦᠭᠵᠢᠬᠦᠯᠦᠨ ᠬᠦᠭᠵᠢᠬᠦᠯᠬᠦ ᠭᠡᠷᠡᠭᠳᠠᠢ᠃ ᠭᠥᠷᠢᠶᠠᠯᠠᠩ ᠲᠤᠭᠤᠷᠢᠭ ᠤᠨ ᠤᠯᠠᠨ ᠨᠠᠶᠢᠳᠠ ᠶᠢᠨ ᠥᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ ᠶᠢ ᠰᠠᠶᠢᠵᠢᠷᠠᠭᠤᠯᠵᠤ᠂ ᠡᠵᠡᠩᠨᠠᠯᠳᠠ ᠬᠤᠳᠠᠯᠳᠤᠭᠠᠨ ᠤ ᠤᠷᠴᠢᠨ ᠢ ᠰᠢᠯᠢᠳᠡᠭᠵᠢᠬᠦᠯᠦᠨ᠂ ᠠᠵᠤ ᠠᠬᠤᠶᠢᠯᠠᠯ ᠳᠤ ᠥᠢᠯᠡᠴᠢᠯᠠᠭᠦ ᠴᠢᠳᠠᠪᠤᠷᠢ ᠪᠤᠯᠤᠨ ᠭᠢᠷᠢ ᠲᠥᠪᠰᠢᠨ ᠢᠶᠠᠨ ᠲᠡᠭᠡᠭᠰᠢᠯᠠᠭᠦᠯᠵᠤ᠂ ᠠᠵᠤ ᠠᠬᠤᠶᠢᠯᠠᠯ ᠳᠤ ᠰᠠᠶᠢᠨ ᠰᠠᠶᠢᠬᠠᠨ ᠪᠡᠯᠡ ᠤᠷᠤᠭᠤᠯᠬᠤ ᠤᠷᠴᠢᠨ ᠢ ᠴᠢᠷᠮᠠᠶᠢᠨ ᠡᠭᠦᠳᠭᠦ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠥᠢᠯᠡᠴᠢᠯᠠᠨ᠂ ᠠᠵᠤ ᠠᠬᠤᠶᠢᠯᠠᠯ ᠤᠨ ᠪᠥᠳᠥᠭᠡᠨ ᠪᠠᠶᠢᠭᠤᠯᠤᠯᠳᠠ ᠪᠤᠯᠤᠨ ᠭᠥᠭᠵᠢᠯᠳᠠ ᠲᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ ᠵᠤᠭᠢᠰᠳᠠᠢ ᠰᠢᠢᠳᠪᠦᠷᠢᠯᠡᠵᠤ᠂ ᠠᠵᠤ ᠠᠬᠤᠶᠢᠯᠠᠯ ᠤᠨ ᠰᠠᠨᠠᠭ᠎ᠠ ᠠᠮᠤᠷ ᠪᠡᠯᠡ ᠤᠷᠤᠭᠤᠯᠤᠨ ᠪᠥᠳᠥᠭᠡᠨ ᠪᠠᠶᠢᠭᠤᠯᠤᠯᠳᠠ ᠭᠢᠭᠦ ᠶᠢ ᠲᠠᠮᠵᠢᠭᠦ ᠭᠡᠷᠡᠭᠳᠠᠢ᠃ ᠠᠶᠤᠯᠭᠦᠢ ᠥᠢᠯᠡᠳᠪᠤᠷᠢᠯᠠᠯ ᠪᠤᠯᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠨ ᠭᠢᠵᠤ᠂ ᠠᠵᠤ ᠠᠬᠤᠶᠢᠯᠠᠯ ᠤᠨ ᠠᠶᠤᠯᠭᠦᠢ ᠥᠢᠯᠡᠳᠪᠤᠷᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ  ᠪᠤᠯᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠤᠨ ᠠᠶᠤᠯᠭᠦᠢ ᠥᠢᠯᠠᠳᠪᠤᠷᠢᠯᠠᠯ ᠤᠨ ᠲᠠᠯᠳᠠ ᠭᠡᠮ ᠢ ᠪᠠᠶᠢᠩᠭᠤ ᠪᠠᠶᠢᠴᠠᠭᠠᠨ ᠴᠡᠭᠴᠡᠯᠡᠵᠤ᠂ ᠤᠬᠠᠭᠤᠯᠭ᠎ᠠ ᠭᠥᠮᠤᠵᠢᠯ ᠪᠤᠯᠪᠠᠰᠤᠷᠠᠯ ᠤᠨ ᠭᠥᠴᠥᠯᠠᠴᠠ ᠪᠠᠨ ᠨᠡᠮᠡᠭᠳᠡᠭᠦᠯᠵᠤ᠂ ᠭᠥᠮᠤᠨ ᠪᠤᠯᠭᠠᠨ ᠠᠮᠤᠷ ᠲᠥᠪᠰᠢᠨ ᠢ ᠠᠳᠬᠤᠭᠰᠠᠨ᠂ ᠭᠥᠮᠤᠨ ᠪᠥᠭᠦᠨ ᠤᠷᠴᠢᠨ ᠲᠤᠭᠤᠷᠢᠨ ᠢ ᠬᠠᠮᠠᠭᠠᠯᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠥᠷᠢᠯᠳᠤᠭᠦᠯᠵᠤ ᠠᠶᠤᠯᠭᠦᠢ ᠥᠢᠯᠡᠳᠪᠤᠷᠢᠯᠠᠯ ᠤᠨ ᠪᠠᠶᠢᠳᠠᠯ ᠤᠨ ᠦᠷᠭᠦᠯᠵᠢᠯᠡᠬᠦᠶᠢᠴᠡ ᠲᠤᠭᠳᠠᠭᠤᠨ᠂ ᠠᠮᠢ ᠠᠬᠤᠢ ᠤᠷᠴᠢᠨ ᠲᠤᠭᠤᠷᠢᠨ ᠤ ᠴᠢᠨᠠᠷ ᠴᠢᠨᠰᠠᠭ᠎ᠠ ᠥᠷᠭᠦᠯᠵᠢᠯᠠᠨ ᠰᠠᠶᠢᠵᠢᠷᠠᠬᠤ ᠶᠢ ᠪᠠᠳᠤᠯᠠᠬᠤ ᠭᠡᠷᠡᠭᠳᠠᠢ ᠭᠡᠵᠡᠢ᠃      ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠪᠠᠰᠠ ᠰᠤᠪᠤᠷᠭ᠎ᠠ ᠠᠵᠤ ᠠᠬᠤᠢ ᠶᠢᠨ ᠨᠡᠭᠡᠭᠡᠯᠳᠠ  ᠶᠢᠨ ᠤᠷᠤᠨ ᠤ ᠴᠢᠭᠡᠴᠢ ᠵᠠᠰᠠᠭ ᠤᠨ ᠭᠥᠮᠤᠵᠢᠯ ᠤᠨ ᠰᠠᠭᠤᠷᠢᠨ ᠭᠠᠵᠠᠷ ᠢᠶᠠᠷ ᠲᠤᠭᠤᠷᠢᠨ ᠥᠵᠡᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号