ᠤᠯᠠᠭᠠᠨᠳᠤᠯᠤᠭᠠᠢ ᠪᠠᠯᠭᠠᠰᠤ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠠᠮᠠᠴᠠᠯ ᠢ ᠰᠠᠶᠢᠳᠤᠷ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-09-18
     ᠡᠨᠡ ᠵᠢᠯ ᠠᠴᠠ ᠤᠯᠠᠭᠠᠨᠳᠤᠯᠤᠭᠠᠢ ᠪᠠᠯᠭᠠᠰᠤ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠠᠮᠠᠴᠠᠯ ᠢ ᠨᠠᠷᠢᠨ ᠬᠢᠨᠠᠮᠠᠭᠠᠢ ᠪᠠᠶᠢᠷᠢᠰᠢᠭᠤᠯᠤᠨ ᠴᠢᠩᠭ᠎ᠠ ᠪᠠᠶᠢᠴᠠᠭᠠᠨ ᠰᠠᠶᠢᠳᠤᠷ ᠦᠷᠨᠢᠭᠦᠯᠵᠦ ᠪᠠᠶᠢᠨ᠎ᠠ᠃      ᠨᠢᠭᠡ ᠳᠤ᠂ ᠦᠵᠡᠯ ᠰᠠᠨᠠᠭᠠᠨ ᠤ ᠲᠠᠨᠢᠯᠳᠡ ᠪᠠᠨ ᠲᠡᠭᠡᠭᠰᠢᠯᠡᠭᠦᠯᠵᠦ᠂ ᠪᠠᠴᠢᠮ ᠲᠤᠯᠭᠠᠮ᠎ᠠ ᠰᠡᠳᠬᠢᠯᠭᠡ ᠪᠡ ᠬᠠᠷᠢᠭᠤᠴᠠᠯᠭᠠᠳᠤ ᠤᠪᠤᠷ ᠢᠶᠠᠨ ᠴᠢᠩᠭᠠᠳᠬᠠᠵᠦ ᠪᠠᠶᠢᠨ᠎ᠠ᠃ ᠤᠯᠠᠨ ᠤᠳᠠᠭ᠎ᠠ ᠲᠤᠰᠬᠠᠢ ᠰᠡᠳᠦᠪᠳᠦ ᠬᠤᠷᠠᠯ ᠬᠤᠷᠠᠯᠳᠤᠨ᠂ ᠬᠠᠷ᠎ᠠ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠲᠤᠰᠬᠠᠢ ᠲᠠᠮᠠᠴᠠᠯ ᠢ ᠪᠠᠶᠢᠷᠢᠰᠢᠭᠤᠯᠤᠨ ᠲᠤᠭᠢᠷᠠᠭᠤᠯᠵᠤ᠂ ᠪᠦᠭᠦ ᠪᠠᠯᠭᠠᠰᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠡ ᠨᠢ ᠤᠯᠤᠰ ᠲᠦᠷᠦ ᠶᠢᠨ ᠵᠤᠬᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ︽ᠬᠠᠷ᠎ᠠ ᠪᠦᠯᠦᠭᠳᠡᠨ ᠬᠠᠷᠬᠢᠰ ᠭᠦᠴᠦᠨ ᠢ ᠡᠷᠭᠡᠪᠰᠢ ᠠᠷᠢᠯᠭᠠᠨ᠂ ᠬᠤᠤᠷᠳᠡᠨ ᠢ ᠬᠤᠭ ᠦᠭᠡᠢ ᠠᠷᠢᠯᠭᠠᠬᠤ︾ ᠪᠠ ᠬᠠᠤᠯᠢ ᠶᠤᠰᠤᠭᠠᠷ ᠭᠤᠶᠢᠪᠠᠰᠢ ᠦᠬᠡᠢ ᠴᠤᠬᠢᠯᠳᠡ ᠦᠭᠭᠦ ᠴᠢᠭᠯᠡᠯ ᠢᠶᠠᠷ ᠰᠢᠪᠳᠤᠯᠤᠯᠳᠡ ᠶᠢᠨ ᠲᠠᠶᠢᠨ ᠤ ᠢᠯᠡᠯᠳᠡ ᠶᠢ ᠤᠯᠬᠤ ᠪᠠᠷ ᠴᠢᠷᠮᠡᠶᠢᠵᠤ ᠪᠠᠶᠢᠨ᠎ᠠ᠃ ᠬᠤᠶᠠᠷ ᠲᠤ᠂ ᠦᠨᠳᠤᠰᠤᠨ ᠱᠠᠳᠤᠨ ᠤ ᠨᠠᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠠᠷ᠎ᠠ ᠪᠦᠯᠦᠭᠳᠡᠨ ᠬᠠᠷᠬᠢᠰ ᠭᠦᠴᠦᠨ ᠡᠬᠢᠯᠡᠵᠤ ᠡᠭᠦᠰᠭᠦ ᠠᠴᠠ ᠨᠢ ᠡᠮᠤᠨ᠎ᠠ ᠠᠷᠢᠯᠭᠠᠵᠤ ᠪᠠᠶᠢᠨ᠎ᠠ᠃ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠪᠠ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠡ ᠶᠢ ᠪᠦᠳᠦᠭᠡᠨ ᠪᠠᠶᠢᠭᠤᠯᠬᠤ ᠶᠢ ᠨᠢᠬᠳᠡ ᠤᠶᠠᠯᠳᠤᠭᠤᠯᠵᠤ᠂ ᠦᠨᠢ ᠡᠭᠦᠷᠢᠳᠡ ᠡᠷᠡᠰ ᠠᠷᠢᠯᠭᠠᠬᠤ ᠵᠤᠷᠢᠭ ᠰᠠᠨᠠᠭ᠎ᠠ ᠪᠠᠷ ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠡ ᠶᠢ ᠴᠢᠩᠭ᠎ᠠ ᠠᠳᠬᠤᠵᠤ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶ᠎ᠠ ᠨᠢ ᠡᠯ᠎ᠠ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ᠨᠠᠮ ᠤᠨ ᠡᠬᠦᠷ ᠤᠨ ᠱᠦᠵᠢ ᠲᠠᠢ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠶᠠᠷᠢᠯᠴᠠᠭ᠎ᠠ ᠦᠷᠨᠢᠭᠦᠯᠵᠦ᠂ ᠲᠤᠰᠬᠤᠨ ᠲᠠᠷᠠᠭᠠᠯᠠᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠡ ᠶᠢᠨ ᠪᠦᠳᠦᠭᠡᠨ ᠪᠠᠶᠢᠭᠤᠯᠤᠯᠳᠡ ᠶᠢᠨ ᠪᠠᠶᠢᠳᠠᠯ ᠵᠢᠴᠢ ᠤᠷᠤᠰᠢᠵᠤ ᠪᠠᠶᠢᠭ᠎ᠠ ᠠᠰᠠᠭᠤᠳᠠᠯ ᠢ ᠤᠶᠢᠯᠡᠭᠠᠨ ᠂ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠠᠵᠢᠯ ᠳᠤ ᠱᠠᠭᠠᠷᠳᠠᠯᠭ᠎ᠠ ᠲᠤᠷᠠᠳᠤᠨ ᠵᠤᠬᠢᠰᠳᠡᠢ ᠪᠠᠶᠢᠷᠢᠰᠢᠭᠤᠯᠤᠨ ᠲᠤᠬᠢᠷᠠᠭᠤᠯᠵᠤ᠂ ᠱᠠᠳᠤ ᠱᠠᠳᠤ ᠪᠠᠷ ᠲᠠᠷᠤᠯᠳᠡ ᠦᠭᠭᠦᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠬᠠᠷ᠎ᠠ ᠪᠦᠯᠦᠭᠳᠡᠨ ᠬᠠᠷᠬᠢᠰ ᠭᠦᠴᠦᠨ ᠢ ᠡᠬᠢ ᠡᠭᠦᠰᠦᠯ ᠠᠴᠠ ᠨᠢ ᠪᠦᠳᠦᠮᠵᠢ ᠲᠠᠢ ᠠᠷᠢᠯᠭᠠᠵᠤ ᠪᠠᠶᠢᠨ᠎ᠠ᠃ ᠭᠤᠷᠪᠠ ᠳᠤ᠂ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠰᠠᠶᠢᠲᠤᠷ ᠬᠢᠵᠤ ᠪᠠᠶᠢᠨ᠎ᠠ᠃ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠮᠠᠯᠴᠢᠨ ᠲᠠᠷᠢᠶᠠᠴᠢᠨ ᠳᠤ ᠤᠶᠢᠯᠠᠭᠠᠭᠤᠯᠵᠤ ᠭᠦᠮᠦᠨ ᠪᠦᠭᠦᠨ ᠤᠷᠤᠯᠴᠠᠬᠤ ᠶᠢ ᠤᠷᠢᠶᠠᠯᠠᠨ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠲᠠᠭᠠᠭᠤᠯᠤᠨ ᠪᠠᠯᠭᠠᠰᠤᠨ ᠤ ᠶᠡᠷᠦᠩᠭᠡᠶᠢᠯᠡᠨ ᠵᠠᠰᠠᠬᠤ ᠠᠯᠪᠠᠨ ᠭᠡᠷ᠂ ᠬᠠᠤᠯᠢ ᠴᠠᠭᠠᠵᠠ ᠶᠢᠨ ᠰᠠᠯᠪᠤᠷᠢ ᠪᠠ ᠲᠤᠮᠢᠯᠠᠬᠰᠠᠨ ᠰᠠᠯᠪᠤᠷᠢ ᠬᠤᠯᠪᠤᠭᠠᠯᠠᠨ ᠭᠦᠳᠡᠯᠤᠯᠴᠡᠵᠤ᠂ ᠭᠠᠴᠠᠭ᠎ᠠ ᠲᠤᠰᠬᠤᠨ ᠨᠠᠶᠢᠭᠡᠮ ᠲᠤᠭᠤᠷᠢᠭ ᠢᠶᠠᠷ ᠬᠦᠷᠴᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠭᠦᠷ᠂ ᠮᠠᠯᠴᠢᠨ ᠲᠠᠷᠢᠶᠠᠴᠢᠨ ᠤ ᠨᠠᠭᠠᠳᠤᠮ᠂ ᠡᠳ᠋ ᠪᠤᠳᠠᠰ ᠤᠨ ᠰᠤᠯᠢᠯᠴᠠᠭᠠᠨ ᠤ ᠴᠤᠬᠯᠠᠭᠠᠨ ᠵᠡᠷᠭᠡ ᠭᠦᠮᠦᠨ ᠤᠯᠠᠨ ᠴᠤᠬᠯᠠᠷᠠᠬᠤ ᠴᠤᠬᠯᠠᠭᠠᠨ ᠤ ᠬᠤᠭᠤᠴᠠᠭᠠᠨ ᠳᠤ ᠬᠠᠷ᠎ᠠ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠭᠦᠨᠳᠡᠯᠡᠨ ᠪᠢᠴᠢᠬᠡᠰᠦ ᠡᠯᠭᠦᠭᠦ᠂ ᠤᠬᠠᠭᠤᠯᠭ᠎ᠠ ᠶᠢᠨ ᠬᠠᠭᠤᠳᠠᠰᠤ ᠲᠡᠷᠬᠠᠭᠠᠬᠤ᠂ ᠲᠤᠬᠠᠢ ᠶᠢᠨ ᠲᠠᠯᠠᠪᠠᠢ ᠳᠤ ᠠᠰᠠᠭᠤᠨ ᠯᠠᠪᠯᠠᠬᠤ ᠵᠡᠷᠭᠡ ᠭᠡᠯᠪᠡᠷᠢ ᠪᠠᠷ ᠲᠤᠰᠬᠠᠢ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠪᠦᠭᠦ ᠪᠠᠯᠭᠠᠰᠤ ᠪᠠᠷ ᠢᠶᠠᠨ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠠᠵᠢᠯᠯᠠᠭ᠎ᠠ ᠶᠢ ᠰᠠᠶᠢᠳᠤᠷ ᠦᠷᠨᠢᠭᠦᠯᠵᠦ᠂ ᠭᠦᠮᠦᠨ ᠪᠦᠭᠦᠨ ᠠᠩᠬᠠᠷᠤᠨ ᠬᠠᠮᠳᠤ ᠪᠠᠷ ᠤᠷᠤᠯᠴᠠᠬᠰᠠᠨ ᠰᠠᠶᠢᠨ ᠰᠠᠶᠢᠬᠠᠨ ᠨᠠᠶᠢᠭᠡᠮ ᠤᠨ ᠤᠷᠴᠢᠨ ᠢ ᠪᠦᠷᠢᠯᠳᠦᠬᠦᠯᠵᠤ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号