ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ ᠠᠴᠠ ᠨᠠᠮ ᠤᠨ ᠲᠦᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 10 ᠤ ᠡᠳᠦᠷ ᠪᠦᠬᠦ ᠤᠯᠤᠰ ᠤᠨ ᠰᠤᠷᠭᠠᠨ ᠬᠦᠮᠦᠵᠢᠯ ᠤᠨ ᠶᠡᠭᠡ ᠬᠤᠷᠠᠯ ᠳᠤ | ᠤᠷᠤᠯᠴᠠᠬᠤ ᠶᠢᠨ ᠬᠠᠮᠳᠤ ᠴᠢᠬᠤᠯᠠ ᠶᠠᠷᠢᠶ᠎ᠠ ᠲᠠᠯᠪᠢᠵᠤ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠪᠠᠭᠰᠢ ᠶᠢ | ᠬᠦᠨᠲᠦᠯᠡᠵᠦ ᠰᠤᠷᠭᠠᠠ ᠬᠦᠮᠦᠵᠢᠯ ᠢ ᠬᠦᠨᠳᠦᠳᠭᠡᠬᠦ ᠨᠡᠶᠢᠭᠡᠮ ᠤᠨ ᠬᠡᠪ ᠰᠤᠷᠲᠠᠯ ᠢ ᠪᠠᠲᠠᠷᠠᠭᠤᠯᠤᠠ᠂ ᠪᠠᠭᠰᠢ ᠨᠠᠷ ᠤᠨ | ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠲᠤᠬᠠᠶᠢᠯᠠᠭᠰᠠᠠ ᠠᠵᠢᠯ ᠤᠨ ᠪᠠᠶᠢᠷᠢ | ᠰᠠᠭᠤᠷᠢ ᠶᠢ ᠴᠢᠷᠮᠠᠶᠢᠨ ᠲᠡᠭᠡᠭᠰᠢᠯᠡᠭᠦᠯᠵᠦ᠂ ᠦᠷᠭᠡᠡ ᠤᠯᠠᠠ ᠪᠠᠭᠰᠢ ᠨᠠᠷ ᠲᠤ ᠡᠳ᠋ᠯᠡᠪᠡᠰᠦ ᠵᠤᠬᠢᠬᠤ ᠨᠡᠶᠢᠭᠡᠮ ᠤᠨ | ᠨᠡᠷ᠎ᠡ ᠬᠦᠨᠳᠦ ᠶᠢ ᠡᠳ᠋ᠯᠡᠭᠦᠯᠵᠦ᠂ ᠪᠢᠴᠢᠭ ᠵᠢᠭᠠᠵᠦ ᠬᠦᠮᠦᠨ ᠢ ᠬᠦᠮᠦᠵᠢᠭᠦᠯᠬᠦ ᠪᠠᠶᠢᠷᠢᠨ ᠲᠡᠭᠡᠷ᠎ᠠ ᠨᠠᠮ ᠪᠠ ᠠᠷᠠᠳ | ᠲᠦᠮᠡᠡ ᠤ ᠦᠢᠯᠡᠰ ᠲᠤ ᠰᠢᠨ᠎ᠠ ᠨᠡᠩ ᠶᠡᠭᠡ ᠬᠤᠪᠢ ᠨᠡᠮᠡᠷᠢ ᠦᠵᠡᠭᠦᠯᠬᠦ ᠪᠤᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | | ᠭᠠᠳᠠᠭᠠᠳᠤ ᠶᠢᠨ ᠰᠤᠷᠭᠠᠨ ᠬᠦᠮᠦᠵᠢᠯ ᠤᠨ ᠠᠵᠢᠯᠲᠠᠳ ᠰᠢ ᠶᠢᠨ ᠫᠢᠩ ᠤᠨ ᠴᠢᠬᠤᠯᠠ ᠶᠠᠷᠢᠶ᠎ᠠ ᠶᠢ ᠳᠡᠭᠡᠳᠦ | ᠬᠡᠮᠵᠢᠶ᠎ᠡ ᠪᠠᠷ ᠦᠨᠡᠯᠡᠵᠦ᠂ ᠪᠠᠭᠰᠢ ᠶᠢ ᠬᠦᠨᠲᠦᠯᠡᠵᠦ ᠰᠤᠷᠭᠠᠠ ᠬᠦᠮᠦᠵᠢᠯ ᠢ ᠬᠦᠨᠳᠦᠳᠭᠡᠬᠦ ᠨᠡᠶᠢᠭᠡᠮ ᠤᠨ ᠬᠡᠪ | ᠰᠤᠷᠲᠠᠯ ᠢ ᠪᠠᠲᠠᠷᠠᠭᠤᠯᠤᠨ᠂ ᠪᠠᠭᠰᠢ ᠨᠠᠷ ᠤᠨ ᠪᠠᠶᠢᠷᠢ ᠰᠠᠭᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠬᠦ ᠨᠢ ᠯᠠᠪᠳᠠᠶ | ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠦᠢᠯᠡᠰ ᠤᠨ ᠦᠷᠨᠢᠬᠦᠨ ᠬᠦᠭᠵᠢᠯᠲᠡ ᠶᠢ ᠦᠷᠬᠦᠯᠵᠢᠯᠡᠨ | ᠠᠬᠢᠭᠤᠯᠬᠤ ᠪᠤᠯᠤᠨ᠎ᠠ ᠭᠡᠵᠦ ᠬᠡᠯᠡᠵᠦ ᠪᠠᠶᠢᠯ᠎ᠠ᠃ | ᠭᠠᠳᠠᠭᠠᠳᠤ ᠳᠤ ᠬᠡᠳᠦᠨ ᠠᠷᠪᠠᠨ ᠵᠢᠯ ᠰᠤᠷᠭᠠᠨ ᠬᠦᠮᠦᠵᠢᠯ ᠤᠨ ᠠᠵᠢᠯ ᠡᠷᠬᠢᠯᠡᠭᠰᠡᠨ ᠠᠩᠭ᠍ᠯᠢ ᠶᠢᠨ ᠯᠠᠶᠢᠰᠲᠧ | ᠶᠡᠭᠡ ᠰᠤᠷᠭᠠᠭᠤᠯᠢ ᠶᠢᠨ ᠳᠡᠳ᠋ ᠵᠠᠬᠢᠷᠤᠯ ᠼᠤᠤ ᠴᠢᠶᠦ᠋ᠨ᠄ ︽ᠪᠠᠭᠰᠢ ᠶᠢ ᠬᠦᠨᠲᠦᠯᠡᠵᠦ ᠰᠤᠷᠭᠠᠠ ᠬᠦᠮᠦᠵᠢᠯ ᠢ | ᠬᠦᠨᠳᠦᠳᠭᠡᠬᠦ ᠪᠤᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠡᠷᠬᠢᠮ ᠰᠤᠷᠲᠠᠯ ᠮᠦᠨ᠂ ᠳᠤᠮᠳᠠᠳᠤ | ᠤᠯᠤᠰ ᠤᠨ ᠭᠠᠳᠠᠭᠠᠳᠤ ᠳᠤ ᠰᠤᠷᠤᠯᠴᠠᠬᠤ ᠰᠤᠷᠤᠬᠴᠢᠳ ᠴᠤ ᠡᠶᠢᠨ ᠬᠦ ᠡᠷᠬᠢᠮ ᠰᠤᠷᠲᠠᠯ ᠢ ᠭᠠᠳᠠᠭᠠᠳᠤ ᠳᠤ | ᠠᠪᠴᠢᠷᠠᠵᠤ᠂ ᠭᠠᠳᠠᠭᠠᠳᠤ ᠶᠢᠨ ᠰᠤᠷᠤᠬᠴᠢᠳ ᠢ ᠨᠦᠯᠦᠭᠡᠯᠡᠵᠤ ᠪᠠᠶᠢᠨ᠎ᠠ︾ ᠭᠡᠯ᠎ᠠ᠃ | ᠺᠧᠨᠢᠶᠠ ᠶᠢᠨ ᠨᠠᠶᠢᠷᠤᠪᠢ ᠶᠡᠭᠡ ᠰᠤᠷᠭᠠᠭᠤᠯᠢ ᠶᠢᠨ ᠭᠠᠵᠠᠷ ᠵᠦᠢ ᠪᠠ ᠤᠷᠴᠢᠨ ᠲᠤᠭᠤᠷᠢᠨ ᠤ ᠤᠬᠠᠭᠠᠨ ᠤ | ᠰᠠᠯᠪᠤᠷᠢ ᠶᠢᠨ ᠳᠡᠳ᠋ ᠫᠷᠤᠹᠧᠰᠰᠤᠷ ᠢᠯᠠᠨᠳᠦ᠋᠂ ᠪᠠᠭᠰᠢ ᠬᠦᠮᠦᠨ ᠪᠤᠯ ᠬᠦᠮᠦᠨ ᠲᠦᠷᠦᠯᠬᠢᠲᠠᠠ ᠤ ᠤᠶᠤᠠ ᠤ | ᠢᠨᠵᠧᠨᠧᠷ ᠮᠦᠨ᠂ ᠪᠠᠭᠰᠢ ᠬᠦᠮᠦᠨ ᠮᠡᠲᠡᠯᠭᠡ ᠤᠯᠠᠮᠵᠢᠯᠠᠬᠤ᠂ ᠦᠵᠡᠯ ᠰᠠᠨᠠᠭ᠎ᠠ ᠤᠯᠠᠮᠵᠢᠯᠠᠬᠤ᠂ ᠬᠦᠮᠦᠨ ᠤ ᠵᠠᠩ | ᠴᠢᠨᠠᠷ ᠢ ᠱᠤᠭᠤᠬᠤ ᠬᠦᠨᠲᠦ ᠡᠬᠦᠷᠭᠡ ᠶᠢ ᠡᠭᠦᠷᠭᠡᠯᠡᠵᠦ᠂ ᠤᠯᠤᠰ ᠤᠨ ᠢᠷᠡᠭᠡᠳᠦᠢ ᠳᠤ ᠴᠢᠬᠤᠯᠠ ᠨᠦᠯᠦᠭᠡ ᠲᠠᠢ᠃ | ᠰᠢ ᠶᠢᠨ ᠫᠢᠩ ᠤᠨ ᠶᠠᠷᠢᠶ᠎ᠠ ᠨᠢ ᠳᠤᠮᠳᠠᠳᠤ ᠤᠯᠤᠰ ᠪᠠᠭᠰᠢ ᠪᠤᠯᠤᠨ ᠰᠤᠷᠭᠠᠨ ᠬᠦᠮᠦᠵᠢᠯ ᠤᠨ ᠦᠢᠯᠡᠰ ᠢ | ᠬᠦᠨᠳᠦᠳᠭᠡᠨ ᠬᠠᠯᠠᠮᠵᠢᠯᠠᠵᠤ ᠪᠠᠶᠢᠬᠤ ᠶᠢ ᠢᠯᠡᠳᠬᠡᠵᠡᠢ ᠭᠡᠪᠡ᠃ | ᠫᠠᠺᠢᠰᠲ᠋ᠠᠨ ᠤ ᠠᠯᠠᠮᠠ · ᠢᠺᠧᠪᠠᠯ ᠨᠡᠭᠡᠭᠡᠯᠳᠡᠳᠦ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ | ᠳᠠᠮᠵᠢᠭᠤᠯᠭ᠎ᠠ ᠶᠢᠨ ᠰᠠᠯᠪᠤᠷᠢ ᠶᠢᠨ ᠡᠷᠬᠢᠯᠡᠭᠴᠢ ᠯᠢᠶᠠᠽᠢ᠂ ᠪᠠᠭᠰᠢ ᠪᠤᠯ ᠮᠠᠰᠢ ᠴᠢᠬᠤᠯᠠ ᠠᠵᠢᠯ ᠮᠦᠨ᠃ ᠰᠢ ᠶᠢᠨ | ᠫᠢᠩ ᠶᠠᠷᠢᠶᠠᠨ ᠳᠠᠭᠠᠨ ᠪᠠᠭᠰᠢ ᠨᠠᠷ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠬᠦ ᠶᠢ ᠳᠤᠷᠠᠳᠤᠬᠰᠠᠨ ᠨᠢ ᠴᠢᠬᠤᠯᠠ ᠠᠴᠢ | ᠬᠤᠯᠪᠤᠬᠳᠠᠯ ᠲᠠᠢ ᠶᠤᠮ᠃ ᠪᠠᠭᠰᠢ ᠬᠦᠮᠦᠨ ᠨᠡᠩ ᠢᠯᠡᠭᠦᠦ ᠬᠦᠨᠳᠤ ᠲᠠᠢ ᠪᠤᠯᠪᠠᠯ ᠨᠡᠩ ᠤᠯᠠᠨ ᠬᠦᠮᠦᠰ ᠪᠠᠭᠰᠢ | ᠪᠤᠯᠵᠤ᠂ ᠤᠯᠤᠰ ᠤᠷᠤᠨ ᠳᠤ ᠨᠡᠩ ᠤᠯᠠᠨ ᠴᠢᠳᠠᠪᠤᠷᠢᠲᠡᠨ ᠬᠦᠮᠦᠵᠢᠬᠦᠯᠦᠨ ᠦᠭᠴᠤ᠂ ᠤᠯᠤᠰ ᠤᠷᠤᠨ ᠤ | ᠬᠦᠭᠵᠢᠯᠳᠡ ᠳᠠᠪᠰᠢᠯᠳᠠ ᠶᠢ ᠦᠷᠭᠦᠯᠵᠢᠯᠡᠨ ᠠᠬᠢᠭᠤᠯᠬᠤ ᠪᠤᠯᠤᠨ᠎ᠠ ᠭᠡᠪᠡ᠃ | ᠰᠢᠩᠭᠠᠫᠤᠷ ᠤᠨ ᠨᠠᠨᠶᠠᠩ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠠᠵᠤ ᠠᠬᠤᠢ ᠶᠢᠨ | ᠰᠠᠯᠪᠤᠷᠢ ᠶᠢᠨ ᠲᠡᠳ᠋ ᠫᠷᠤᠹᠧᠰᠰᠤᠷ ᠶᠧ ᠰᠢᠤ ᠯᠢᠶᠠᠩ᠂ ᠰᠤᠷᠭᠠᠨ ᠬᠦᠮᠦᠵᠢᠯ ᠨᠢᠭᠡ ᠤᠯᠤᠰ ᠤᠨ ᠬᠦᠭᠵᠢᠯᠳᠠ ᠶᠢ | ᠨᠦᠯᠦᠭᠡᠯᠡᠳᠡᠭ᠃ ᠪᠠᠭᠰᠢ ᠨᠠᠷ ᠤᠨ ᠬᠦᠯᠦᠰᠤ ᠤᠯᠭᠤᠮᠵᠢ ᠪᠠ ᠪᠠᠶᠢᠷᠢ ᠰᠠᠭᠤᠷᠢ ᠶᠢ ᠲᠡᠭᠡᠭᠰᠢᠯᠡᠬᠦᠯᠬᠦ ᠠᠴᠠ ᠭᠠᠳᠠᠨ᠎ᠡ | ᠨᠡᠶᠢᠭᠡᠮ ᠲᠡᠭᠡᠷ᠎ᠡ ᠪᠠᠭᠰᠢ ᠶᠢ ᠬᠦᠨᠳᠦᠯᠡᠵᠤ ᠰᠤᠷᠭᠠᠨ ᠬᠦᠮᠤᠵᠢᠯ ᠢ ᠬᠦᠨᠳᠦᠳᠭᠡᠬᠦ ᠰᠤᠶᠤᠯ ᠢ ᠳᠡᠯᠭᠡᠷᠡᠭᠦᠯᠵᠦ᠂ ᠪᠠᠭᠰᠢ | ᠨᠠᠷ ᠢ ᠢᠷᠠᠭᠤ ᠠᠯᠳᠠᠷᠳᠤ ᠰᠡᠳᠬᠢᠯᠭᠡ ᠪᠠ ᠠᠮᠵᠢᠯᠳᠠ ᠪᠦᠳᠦᠮᠵᠢᠳᠤ ᠰᠡᠳᠬᠢᠯᠭᠡ ᠲᠠᠢ ᠪᠠᠶᠢᠯᠭᠠᠬᠤ ᠭᠡᠷᠡᠭᠲᠠᠢ ᠭᠡᠵᠤ | ᠭᠡᠯᠡᠪᠠ᠃ | ᠹᠷᠠᠨᠼᠢ ᠲᠤᠮᠳᠠᠳᠤ ᠶᠢᠨ ᠰᠤᠷᠭᠠᠨ ᠬᠦᠮᠦᠵᠢᠯ ᠤᠨ ᠰᠤᠯᠢᠯᠴᠠᠭᠠᠨ ᠤ ᠨᠡᠶᠢᠭᠡᠮᠯᠢᠭ ᠤᠨ ᠲᠡᠷᠢᠬᠦᠯᠡᠭᠴᠢ ᠯᠢ | ᠰᠢᠶᠤᠤ ᠲᠦᠩ᠂ ᠪᠠᠭᠰᠢ ᠬᠦᠮᠦᠨ ᠮᠡᠳᠡᠯᠭᠡ ᠵᠢᠭᠠᠬᠤ ᠪᠠᠷ ᠪᠠᠷᠠᠬᠤ ᠦᠭᠡᠢ ᠰᠤᠷᠤᠬᠴᠢᠳ ᠢ ᠬᠠᠪᠰᠤᠷᠴᠤ ᠬᠠᠮᠳᠤ | ᠨᠡᠶᠢᠳᠠ ᠵᠢᠴᠢ ᠨᠡᠶᠢᠭᠡᠮ ᠳᠤ ᠬᠠᠨᠳᠤᠬᠤ ᠵᠦᠪ ᠦᠷᠳᠡᠭ ᠤᠨ ᠦᠵᠡᠯᠳᠠ ᠶᠢ ᠪᠤᠢ ᠪᠤᠯᠭᠠᠳᠠᠭ᠃ ᠰᠢ ᠶᠢᠨ ᠫᠢᠩ | ᠶᠠᠷᠢᠶᠠᠨ ᠳᠠᠭᠠᠨ ᠪᠠᠭᠰᠢ ᠨᠠᠷ ᠤᠨ ᠨᠡᠶᠢᠭᠡᠮ ᠳᠤ ᠦᠵᠡᠬᠦᠯᠦᠭᠰᠡᠨ ᠬᠤᠪᠢ ᠨᠠᠮᠠᠷᠢ ᠶᠢ ᠨᠤᠳᠠᠯᠠᠵᠤ᠂ ᠡᠨᠡ ᠨᠢ ᠰᠤᠷᠭᠠᠨ | ᠬᠦᠮᠦᠵᠢᠯ ᠤᠨ ᠠᠵᠢᠯᠳᠠᠨ ᠳᠤ ᠯᠤᠳᠤ ᠶᠡᠭᠡ ᠵᠤᠷᠢᠬᠵᠢᠭᠤᠯᠤᠯ ᠪᠤᠯᠪᠠ᠃ ︽ᠪᠦᠬᠦ ᠨᠡᠶᠢᠭᠡᠮ ᠢᠶᠠᠷ ᠢᠶᠠᠨ ᠰᠤᠷᠭᠠᠨ | ᠬᠦᠮᠤᠵᠢᠯ ᠢ ᠨᠡᠩ ᠢᠯᠡᠬᠦᠤ ᠬᠦᠨᠳᠦᠳᠭᠡᠵᠦ ᠪᠠᠭᠰᠢ ᠶᠢ ᠨᠡᠩ ᠢᠯᠡᠬᠦᠤ ᠬᠦᠨᠳᠦᠯᠡᠬᠦ ᠦᠶᠡᠰ ᠲᠤ ᠪᠠᠭᠰᠢ ᠨᠠᠷ ᠴᠤ | ᠦᠪᠡᠷ ᠤᠨ ᠠᠵᠢᠯ ᠢᠶᠠᠨ ᠨᠡᠩ ᠢᠯᠡᠬᠦᠤ ᠨᠠᠨᠳᠢᠩᠨᠠᠵᠤ᠂ ᠰᠤᠷᠤᠬᠴᠢᠳ ᠤᠨ ᠡᠷᠡᠬᠦᠯ ᠢᠶᠠᠷ ᠦᠰᠤᠨ ᠪᠤᠶᠢᠵᠢᠬᠤ ᠪᠠ | ᠡᠶ᠎ᠡ ᠵᠤᠬᠢᠴᠠᠩᠭᠤᠢ ᠨᠡᠶᠢᠭᠡᠮ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠡ︾ | ᠭᠡᠵᠤ ᠢᠯᠡᠳᠭᠡᠪᠡ᠃ | ᠤᠷᠤᠰ ᠤᠨ ᠮᠤᠰᠺᠧᠨ ᠶᠢᠨ ᠤᠯᠤᠰ ᠠᠴᠠ ᠡᠷᠬᠢᠯᠡᠭᠰᠡᠨ ᠬᠡᠯᠡᠨ ᠤ ᠶᠡᠭᠡ ᠰᠤᠷᠭᠠᠭᠤᠯᠢ ᠶᠢᠨ ᠺᠦᠡᠭᠽᠢ ᠲᠡᠭᠡᠳᠤ | ᠰᠤᠷᠭᠠᠭᠤᠯᠢ ᠶᠢᠨ ᠲᠤᠮᠳᠠᠳᠤ ᠤᠯᠤᠰ ᠤᠨ ᠲᠠᠯ᠎ᠡ ᠶᠢᠨ ᠵᠠᠬᠢᠷᠤᠯ ᠸᠠᠩ ᠸᠧᠢ᠂ ᠰᠢ ᠶᠢᠨ ᠫᠢᠩ ᠤᠨ ᠶᠠᠷᠢᠶ᠎ᠡ ᠨᠢ | ᠲᠤᠮᠳᠠᠳᠤ ᠤᠯᠤᠰ ᠠᠴᠠ ᠪᠠᠭᠰᠢ ᠨᠠᠷ ᠤᠨ ᠤᠯᠤᠰ ᠤᠨ ᠬᠦᠭᠵᠢᠯᠳᠠ ᠳᠠᠬᠢ ᠴᠢᠬᠤᠯᠠ ᠦᠢᠯᠡᠳᠦᠯ ᠢ ᠬᠦᠢᠴᠡᠳ | ᠮᠡᠳᠡᠷᠡᠵᠦ ᠪᠠᠶᠢᠭ᠎ᠠ ᠶᠢ ᠬᠠᠷᠠᠭᠤᠯᠵᠤ᠂ ᠪᠠᠭᠰᠢ ᠶᠢᠨ ᠠᠵᠢᠯ ᠨᠢ ᠲᠤᠮᠳᠠᠳᠤ ᠤᠯᠤᠰ ᠲᠤ ᠬᠠᠮᠤᠭ ᠠᠴᠠ ᠬᠦᠨᠳᠤ ᠲᠠᠢ᠂ | ᠬᠦᠮᠦᠰ ᠤᠨ ᠬᠠᠮᠤᠭ ᠠᠴᠠ ᠪᠠᠭ᠋ᠠᠷᠬᠠᠳᠠᠭ ᠠᠵᠢᠯ ᠤᠨ ᠨᠢᠭᠡ ᠪᠤᠯᠬᠤ ᠶᠢ ᠢᠳᠡᠭᠡᠵᠤ ᠪᠠᠶᠢᠨ᠎ᠡ ᠭᠡᠯ᠎ᠠ᠃ | ᠮᠠᠯᠠᠶᠢᠰᠢᠶ᠎ᠡ ᠶᠢᠨ ᠬᠢᠳᠡᠳ ᠢᠶᠠᠷ ᠰᠤᠷᠭᠠᠬᠤ ᠲᠡᠭᠡᠳᠤ ᠰᠤᠷᠭᠠᠭᠤᠯᠢ ᠶᠢᠨ ᠵᠦᠪᠯᠡᠭᠴᠢ ᠡᠤ ᠳ᠋ᠧ ᠹᠠᠩ᠂ ᠰᠢ ᠶᠢᠨ | ᠫᠢᠩ ᠤᠨ ᠶᠠᠷᠢᠶ᠎ᠡ ᠨᠢ ᠲᠤᠮᠳᠠᠳᠤ ᠤᠯᠤᠰ ᠤᠨ ᠤᠳᠤᠷᠢᠳᠬᠤ ᠬᠦᠮᠦᠰ ᠰᠤᠷᠭᠠᠨ ᠬᠦᠮᠦᠵᠢᠯ ᠢ ᠬᠦᠨᠳᠤᠳᠭᠡᠵᠦ᠂ | ᠪᠠᠭᠰᠢ ᠶᠢᠨ ᠠᠵᠢᠯ ᠢ ᠬᠦᠨᠳᠤᠳᠭᠡᠵᠦ ᠪᠠᠶᠢᠬᠤ ᠶᠢ ᠬᠠᠷᠠᠭᠤᠯᠪᠠ᠃ ᠰᠤᠷᠭᠠᠨ ᠬᠦᠮᠤᠵᠢᠯ ᠪᠤᠯ ᠦᠨᠳᠦᠰᠦᠳᠡᠨ ᠤ | ᠭᠦᠭᠵᠢᠯᠳᠠ ᠶᠢᠨ ᠰᠠᠭᠤᠷᠢ ᠮᠦᠨ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ | ᠪᠠᠶᠠᠯᠡᠬᠦᠯᠬᠦ ᠪᠤᠯ ᠪᠦᠬᠦ᠋ᠢᠯᠡ ᠳᠤᠮᠳᠠᠳᠤᠴᠤᠳ ᠤᠨ ᠬᠠᠮᠳᠤ ᠶᠢᠨ ᠬᠦᠰᠡᠯ ᠡᠷᠡᠮᠡᠯᠵᠡᠯ ᠮᠦᠨ᠂ ︽ᠬᠤᠵᠢᠮ ᠬᠤᠶᠠᠷ | ᠤᠯᠤᠰ ᠤᠨ ᠰᠤᠷᠭᠠᠨ ᠬᠦᠮᠦᠵᠢᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠳᠤ ᠨᠡᠩ ᠢᠯᠡᠭᠦᠦ ᠬᠤᠪᠢ | ᠨᠠᠮᠠᠷᠢ ᠦᠵᠡᠬᠦᠯᠬᠦ ᠶᠢ ᠬᠦᠰᠡᠵᠤ ᠪᠠᠶᠢᠨ᠎ᠡ︾ ᠭᠡᠵᠤ ᠬᠡᠯᠡᠪᠠ᠃ |