9 ᠰᠠᠷ᠎ᠠ ᠶᠢᠨ 11 ᠤ ᠡᠳᠦᠷ᠂ ᠬᠤᠳᠠ ᠶᠢᠨ ᠮᠠᠨ ᠤ ᠬᠤᠰᠢᠭᠤᠨ ᠤ ᠨᠠᠷᠢᠯᠢᠭ ᠤᠨᠤᠪᠴᠢᠳᠠᠢ ᠪᠠᠷ ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠰᠬᠠᠢ ᠲᠥᠷᠥᠯ ᠤᠨ ᠱᠠᠭᠠᠷᠳᠠᠨ ᠪᠠᠶᠢᠴᠠᠭᠠᠯᠳᠠ ᠳᠤ | ᠬᠠᠷᠢᠭᠤ ᠮᠡᠳᠡᠭᠦᠯᠭᠦ ᠬᠤᠷᠠᠯ ᠬᠤᠷᠠᠯᠳᠤᠭᠰᠠᠨ ᠪᠠᠶᠢᠨ᠎ᠠ᠃ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠤᠨ ᠱᠠᠭᠠᠷᠳᠠᠨ ᠪᠠᠶᠢᠴᠠᠭᠠᠯᠳᠠ ᠶᠢᠨ ᠭᠤᠷᠪᠠᠳᠤᠭᠠᠷ ᠲᠤᠭᠤᠶᠢᠯᠠᠩ ᠤᠨ ᠲᠠᠷᠤᠭ᠎ᠠ᠂ ᠬᠤᠳᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠲᠠᠷᠤᠭ᠎ᠠ ᠴᠧᠨ ᠯᠥᠩ ᠵᠢᠴᠢ ᠱᠠᠭᠠᠷᠳᠠᠨ | ᠪᠠᠶᠢᠴᠠᠭᠠᠬᠤ ᠲᠤᠭᠤᠶᠢᠯᠠᠩ ᠤᠨ ᠭᠡᠰᠢᠬᠦᠨ ᠬᠤᠷᠠᠯ ᠳᠤ ᠰᠠᠭᠠᠲᠠᠪᠠ᠃ ᠬᠤᠳᠠ ᠶᠢᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠱᠠᠭᠠᠷᠳᠠᠨ ᠪᠠᠶᠢᠴᠠᠭᠠᠯᠳᠠ ᠶᠢᠨ ᠠᠭᠢᠭᠤᠯᠤᠯᠳᠠ ᠶᠢᠨ | ᠲᠠᠪᠤᠳᠤᠭᠠᠷ ᠲᠤᠭᠤᠶᠢᠯᠠᠩ ᠤᠨ ᠲᠡᠳ᠋ ᠲᠠᠷᠤᠭ᠎ᠠ᠂ ᠬᠤᠳᠠ ᠶᠢᠨ ᠪᠥᠳᠥᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ | ᠵᠥᠪᠯᠠᠯ ᠤᠨ ᠲᠡᠳ᠋ ᠪᠠᠶᠢᠴᠠᠭᠠᠨ ᠰᠤᠳᠤᠯᠤᠭᠴᠢ ᠸᠧᠢ ᠰᠢᠶᠠᠩ ᠳ᠋ᠥᠩ᠂ ᠬᠤᠰᠢᠭᠤ ᠨᠠᠮ ᠤᠨ ᠬᠤᠷᠢᠶᠠᠨ ᠤ ᠲᠡᠳ᠋ | ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ ᠵᠢᠴᠢ ᠡᠯ᠎ᠠ ᠬᠤᠯᠪᠤᠭᠳᠠᠯ ᠪᠥᠭᠦᠢ ᠰᠠᠯᠠᠭ᠎ᠠ | ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ᠂ | ᠡᠳ᠋ ᠤᠨ ᠵᠠᠰᠠᠭ ᠤᠨ ᠲᠤᠪᠴᠢᠶᠠᠨ ᠤ ᠲᠤᠪᠴᠢᠶᠠᠨ ᠳᠠᠷᠤᠭ᠎ᠠ ᠪᠠᠶᠠᠠᠴᠡᠩᠭᠡᠯ ᠬᠤᠷᠠᠯ ᠡᠷᠬᠢᠯᠡᠪᠡ᠃ | | | | ᠬᠤᠷᠠᠯ ᠲᠡᠭᠡᠷ᠎ᠡ ᠵᠤᠤ ᠹᠸᠢ ᠯᠤ᠋ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠡᠨ ᠮᠠᠨ ᠤ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠥᠷᠨᠢᠭᠦᠯᠥᠭᠳᠡᠵᠤ ᠪᠠᠶᠢᠭ᠎ᠠ | ᠪᠠᠶᠢᠳᠠᠯ ᠳᠤ ᠬᠠᠷᠢᠭᠤ ᠮᠡᠳᠡᠭᠦᠯᠥᠯᠳᠠ ᠭᠢᠪᠠ᠃ ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠱᠠᠭᠠᠷᠳᠠᠨ | ᠪᠠᠶᠢᠴᠠᠭᠠᠬᠤ ᠴᠠᠭ ᠬᠤᠭᠤᠴᠠᠭ᠎ᠠ᠂ ᠭᠥᠷᠢᠶ᠎ᠠ ᠭᠡᠪᠴᠢᠶ᠎ᠠ᠂ ᠠᠭᠤᠯᠭ᠎ᠠ᠂ ᠠᠯᠬᠤᠮ ᠲᠠᠷᠠᠭ᠎ᠠ ᠪᠤᠯᠤᠨ ᠶᠠᠳᠠᠭᠤ ᠶᠢ | ᠲᠠᠳᠭᠦᠭᠦ ᠪᠡᠯᠡ ᠮᠥᠩᠭᠦ ᠶᠢᠨ ᠬᠠᠮᠢᠶᠠᠷᠤᠯᠳᠠ ᠭᠡᠷᠡᠭᠯᠡᠯᠳᠠ ᠵᠡᠷᠭᠡ ᠠᠭᠤᠯᠭ᠎ᠠ ᠳᠤ ᠪᠤᠳᠠᠳᠠᠢ ᠲᠠᠨᠢᠯᠴᠠᠭᠤᠯᠭ᠎ᠠ ᠭᠢᠭᠦ | ᠶᠢᠨ ᠬᠠᠮᠳᠤ ᠮᠠᠨ ᠤ ᠬᠤᠰᠢᠭᠤᠨ ᠤ ᠲᠠᠷᠠᠭᠠᠴᠢ ᠶᠢᠨ ᠠᠯᠬᠤᠮ ᠤᠨ ᠶᠠᠳᠠᠭᠤ ᠶᠢ ᠲᠠᠳᠭᠦᠭᠦ ᠠᠵᠢᠯ ᠢ ᠴᠢᠩᠭᠠᠳᠬᠠᠬᠤ | ᠲᠤᠬᠠᠢ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃ | ᠵᠤᠤ ᠹᠸᠢ ᠯᠤ᠋ ᠴᠢᠬᠤᠯᠠᠴᠢᠯᠬᠬᠤ ᠳᠤ ᠪᠠᠨ᠂ ᠲᠤᠰ ᠤᠳᠠᠭᠠᠨ ᠤ ᠱᠠᠭᠠᠷᠳᠠᠨ ᠪᠠᠶᠢᠴᠠᠭᠠᠯᠳᠠ ᠪᠠᠷ ᠠᠵᠠ | ᠲᠤᠭᠢᠶᠠᠯ ᠪᠤᠯᠭᠠᠨ ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠤᠨ ᠲᠤᠷᠠᠳᠤᠭᠰᠠᠨ ᠠᠰᠠᠭᠤᠳᠠᠯ ᠪᠦᠬᠦᠨ ᠢ | ᠬᠦᠯᠢᠶᠡᠨ ᠠᠪᠴᠤ ᠳᠡᠭᠡᠲᠤ ᠬᠡᠮᠵᠢᠶ᠎ᠡ ᠪᠠᠷ ᠴᠢᠬᠤᠯᠠᠴᠢᠯᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ | ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠤᠯᠳᠠ ᠶᠢ ᠴᠢᠩᠭ᠎ᠠ ᠠᠳᠬᠤᠬᠤ ᠭᠡᠷᠡᠭᠳᠠᠢ᠃ ᠠᠵᠤ ᠦᠢᠯᠡᠰ ᠢᠶᠠᠷ | ᠶᠠᠳᠠᠭᠤ ᠶᠢ ᠲᠠᠳᠭᠦᠭᠦ ᠶᠢ ᠶᠡᠭᠡ ᠭᠥᠴᠤᠨ ᠢᠶᠠᠷ ᠠᠭᠢᠭᠤᠯᠤᠨ᠂ ᠡᠷᠡᠭᠦᠯ ᠡᠩᠭᠡ ᠶᠢᠨ ᠠᠵᠢᠯ ᠦᠢᠯᠡᠰ ᠢᠶᠠᠷ ᠶᠠᠳᠠᠭᠤ | ᠶᠢ ᠲᠠᠳᠭᠦᠭᠦ ᠶᠢ ᠲᠤᠪᠤᠶᠢᠯᠭᠠᠨ ᠴᠢᠩᠭ᠎ᠠ ᠠᠳᠬᠤᠵᠤ ᠰᠤᠷᠭᠠᠨ ᠭᠥᠮᠤᠵᠢᠯ᠂ ᠡᠮ ᠡᠮᠨᠡᠯᠭᠡ ᠤᠷᠤᠨ ᠰᠠᠭᠤᠴᠠ ᠵᠡᠷᠭᠡ | ᠪᠠᠷ ᠶᠠᠳᠠᠭᠤ ᠶᠢ ᠲᠠᠳᠭᠦᠭᠦ ᠠᠵᠢᠯ ᠢ ᠨᠢᠭᠡᠳᠤᠯᠳᠠᠢ ᠲᠥᠯᠥᠪᠵᠢᠭᠦᠯᠤᠨ ᠠᠭᠢᠭᠤᠯᠵᠤ᠂ ᠶᠠᠳᠠᠭᠤ ᠶᠢ ᠲᠠᠳᠭᠦᠭᠦ ᠪᠡᠯᠡ | ᠮᠥᠩᠭᠦᠨ ᠤ ᠭᠡᠷᠡᠭᠯᠡᠯᠳᠠ ᠬᠠᠮᠢᠶᠠᠷᠤᠯᠲᠠ ᠶᠢ ᠪᠥᠭᠦ ᠲᠠᠯ᠎ᠠ ᠪᠠᠷ ᠲᠦᠷᠢᠮᠵᠢᠭᠦᠯᠦᠨ ᠨᠠᠷᠢᠯᠢᠭ ᠤᠨᠤᠪᠴᠢᠳᠠᠢ ᠶᠠᠳᠠᠭᠤ | ᠠᠴᠠ ᠠᠩᠭᠢᠵᠢᠷᠠᠭᠤᠯᠬᠤ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭᠠᠨ ᠢ ᠯᠠᠪᠳᠠᠭᠤᠨ ᠠᠭᠢᠭᠤᠯᠵᠤ᠂ | ᠨᠠᠷᠢᠯᠢᠭ ᠤᠨᠤᠪᠴᠢᠳᠠᠢ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠤᠳᠠᠳᠤ ᠥᠷ᠎ᠠ ᠪᠥᠳᠥᠮᠵᠢ ᠤᠯᠬᠤ ᠶᠢ | ᠪᠠᠳᠤᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠢᠯᠠᠬᠤ ᠭᠡᠷᠡᠭᠳᠠᠢ | ᠭᠡᠵᠡᠢ᠃ | ᠬᠤᠷᠠᠯ ᠤᠨ ᠲᠠᠷᠠᠭ᠎ᠠ ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠬᠤᠯᠪᠤᠭᠳᠠᠯ ᠪᠥᠭᠦᠢ | ᠮᠠᠲ᠋ᠧᠷᠢᠶᠠᠯ ᠢ ᠪᠠᠶᠢᠴᠠᠭᠠᠨ ᠥᠵᠠᠵᠤ ᠭᠡᠰᠡᠭ ᠰᠤᠮᠤ ᠪᠠᠯᠭᠠᠰᠤᠨ ᠤ ᠤᠯᠤᠰ ᠤᠨ ᠲᠠᠰ ᠤᠨ ᠭᠥᠴᠢᠷᠳᠠᠯᠳᠠᠢ ᠡᠷᠤᠭᠡ | ᠳᠤ ᠤᠴᠢᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠠᠷᠢᠯ ᠤᠨ ᠭᠡᠷᠡᠭᠵᠢᠭᠦᠯᠥᠭᠳᠡᠵᠤ ᠪᠠᠶᠢᠭ᠎ᠠ ᠪᠠᠶᠢᠳᠠᠯ ᠳᠤ | ᠱᠠᠭᠠᠷᠳᠠᠨ ᠪᠠᠶᠢᠴᠠᠭᠠᠯᠳᠠ ᠭᠢᠭᠦ ᠶᠢᠨ ᠬᠠᠮᠳᠤ ᠬᠤᠯᠪᠤᠭᠳᠠᠯ ᠪᠥᠭᠦᠢ ᠭᠥᠮᠤᠰ ᠲᠠᠢ ᠶᠠᠷᠢᠯᠴᠠᠨ ᠬᠠᠮᠢᠶ᠎ᠠ ᠪᠥᠭᠦᠢ | ᠮᠠᠲ᠋ᠧᠷᠢᠶᠠᠯ ᠢ ᠪᠠᠶᠢᠴᠠᠭᠠᠨ ᠥᠵᠡᠭᠰᠠᠨ ᠪᠠᠶᠢᠨ᠎ᠠ᠃ |