ᠬᠤᠳᠠ ᠶᠢᠨ ᠲᠤᠭᠤᠷᠢᠭ ᠲᠠᠬᠢ ᠡᠷᠦᠢ ᠬᠤᠷᠤᠢ ᠦᠬᠡᠢ ᠨᠠᠭᠠᠭᠰᠠᠨ ᠵᠠᠷ ᠮᠡᠳᠡᠭᠡ ᠨᠢ ᠬᠤᠳᠠ ᠶᠢᠨ ᠲᠤᠭᠤᠷᠢᠭ | ᠤᠨ ᠦᠵᠡᠮᠵᠢ ᠶᠢ ᠨᠦᠯᠦᠬᠡᠯᠡᠬᠦ ᠶᠢᠨ ᠬᠠᠮᠳᠤ ᠬᠠᠥᠯᠢ ᠪᠤᠰᠤ ᠵᠠᠪᠰᠢᠭᠴᠢ ᠳᠤ ᠵᠡᠪᠰᠢᠶᠠᠨ ᠤᠯᠭᠤᠳᠠᠭ᠃ ᠮᠠᠨ ᠤ | ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠦᠯᠳᠡ ᠶᠢᠨ ᠲᠤᠪᠴᠢᠶ᠎ᠠ | ᠡᠨᠡᠬᠦ ᠪᠠᠶᠢᠳᠠᠯ ᠢ ᠲᠤᠶᠢᠯᠪᠤᠷᠢᠳᠠᠢ ᠴᠡᠭᠴᠡᠯᠡᠬᠦ ᠶᠢᠨ ᠲᠦᠯᠦᠬᠡ ᠤᠨᠴᠠᠯᠢᠭᠳᠤ ᠠᠷᠭ᠎ᠠ ᠪᠠᠷᠢᠯ ᠢ ᠬᠡᠷᠡᠭᠵᠢᠬᠦᠯᠦᠬᠡᠳ | ᠰᠠᠶᠢᠨ ᠪᠦᠳᠦᠮᠵᠢ ᠤᠯᠵᠤ ᠪᠠᠶᠢᠨ᠎ᠠ᠃ | ᠮᠠᠨ ᠤ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠦᠯᠳᠡ | ᠶᠢᠨ ᠲᠤᠪᠴᠢᠶᠠᠨ ᠤ ᠠᠵᠢᠯᠳᠠᠳ ᠵᠤᠷᠰᠢᠯ ᠶᠤᠰᠤᠨ ᠤ ᠪᠠᠶᠢᠴᠠᠭᠠᠯᠳᠠ ᠲᠤᠮᠳᠠ ᠡᠷᠦᠢ ᠬᠤᠷᠤᠢ ᠦᠬᠡᠢ ᠨᠠᠭᠠᠭᠰᠠᠨ | ᠵᠠᠷ ᠮᠡᠳᠡᠭᠡ ᠶᠢ ᠢᠯᠡᠷᠡᠭᠦᠯᠦᠨ ᠰᠡᠬᠦᠳᠡᠷᠯᠡᠬᠦ᠂ ᠬᠡᠷᠡᠴᠢ ᠦᠯᠡᠳᠡᠬᠡᠬᠦ ᠵᠡᠷᠬᠡ ᠠᠯᠬᠤᠮ ᠢ ᠦᠩᠬᠡᠷᠡᠬᠡᠭᠰᠡᠨ ᠤ ᠲᠠᠷᠠᠭ᠎ᠠ | ᠠᠯᠪᠠᠨ ᠬᠡᠷ ᠲᠡᠭᠡᠨ ᠠᠪᠴᠢᠷᠠᠵᠤ ᠲᠠᠩᠰᠠᠯᠠᠯᠳᠠ ᠬᠢᠵᠤ᠂ ᠵᠡᠷ ᠮᠡᠳᠡᠭᠡ ᠨᠠᠭᠠᠭᠰᠠᠨ ᠬᠦᠮᠦᠨ ᠳᠤ ᠤᠳᠠᠰᠤ ᠠᠪᠴᠤ | ᠮᠡᠳᠡᠭᠳᠡᠬᠡᠳ ᠰᠢᠩᠬᠡᠬᠡᠯᠳᠡ ᠶᠢᠨ ᠬᠡᠷᠡᠴᠢ ᠦᠯᠡᠳᠡᠭᠡᠭᠡᠳ ᠲᠤᠰ ᠬᠦᠮᠦᠨ ᠤ ᠤᠳᠠᠰᠤᠨ ᠳ᠋ᠤᠭᠠᠷ ᠢ ᠮᠦᠷᠳᠡᠨ | ᠤᠳᠠᠰᠤᠳᠠᠬᠤ ᠰᠢᠰᠲ᠋ᠧᠮ ᠳᠤ ᠤᠷᠤᠭᠤᠯᠤᠭᠰᠠᠨ ᠤ ᠲᠠᠷᠠᠭ᠎ᠠ ᠵᠠᠷ ᠮᠡᠳᠡᠭᠡᠨ ᠤ ᠨᠤᠮᠧᠷ ᠨᠢ ᠬᠡᠷᠡᠭᠯᠡᠵᠦ ᠪᠤᠯᠬᠤ ᠦᠭᠡᠢ | ᠪᠤᠯᠵᠤ᠂ ᠲᠤᠬᠠᠢ ᠶᠢᠨ ᠬᠦᠮᠦᠨ ᠬᠤᠰᠢᠭᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠲᠡ ᠶᠢᠨ ᠲᠤᠪᠴᠢᠶ᠎ᠠ ᠳᠤ ᠬᠦᠷᠴᠤ ᠰᠢᠢᠳᠪᠦᠷᠢᠯᠡᠬᠦ ᠴᠢᠬᠤᠯᠠᠲᠠᠢ ᠪᠤᠯᠳᠠᠭ᠃ ᠮᠦᠷᠳᠡᠨ ᠤᠳᠠᠰᠤᠳᠠᠬᠤ | ᠰᠢᠰᠲ᠋ᠧᠮ ᠨᠢ ᠤᠳᠠᠰᠤᠳᠠᠬᠤ ᠴᠠᠭ ᠬᠤᠭᠤᠴᠠᠭ᠎ᠠ᠂ ᠤᠳᠠᠰᠤᠳᠠᠬᠤ ᠦᠶᠡᠯᠡᠯ ᠵᠡᠷᠬᠡ ᠶᠢ ᠠᠦ᠋ᠲ᠋ᠤᠴᠢᠯᠠᠨ ᠲᠤᠭᠳᠠᠭᠠᠵᠤ | ᠴᠢᠳᠠᠳᠠᠭ ᠪᠤᠯᠬᠤᠷ 24 ᠴᠠᠭ ᠢᠶᠠᠷ ᠲᠠᠰᠤᠯᠳᠠᠯ ᠦᠬᠡᠢ ᠪᠠᠷ ᠭᠤᠴᠢᠨ ᠨᠤᠮᠧᠷ ᠢ ᠮᠦᠷᠳᠡᠨ ᠤᠳᠠᠰᠤᠳᠠᠵᠤ ᠲᠡᠶᠢᠯᠳᠡᠭ | ᠠᠴᠠ ᠠᠵᠢᠯ ᠤᠨ ᠲᠠᠷᠤᠭᠠᠰᠤ ᠶᠢ ᠬᠦᠩᠭᠡᠷᠡᠭᠦᠯᠦᠨ ᠦᠷ᠎ᠡ ᠪᠦᠳᠦᠮᠵᠢ ᠰᠠᠶᠢᠨ ᠪᠤᠯᠵᠤ᠂ ᠲᠤᠰ ᠰᠢᠰᠲ᠋ᠧᠮ ᠢ | ᠠᠰᠢᠭᠯᠠᠭᠰᠠᠨ ᠬᠤᠶᠠᠷ ᠭᠠᠷᠠᠭ ᠤᠨ ᠲᠤᠷᠰᠢ ᠡᠷᠦᠢ ᠬᠤᠷᠤᠢ ᠦᠬᠡᠢ ᠨᠠᠭᠠᠭᠰᠠᠨ ᠵᠢᠷᠠᠭᠠᠳ ᠵᠡᠷ ᠮᠡᠳᠡᠭᠡ ᠶᠢ | ᠲᠤᠶᠢᠯᠪᠤᠷᠢᠳᠠᠢ ᠰᠢᠢᠳᠪᠤᠷᠢᠯᠠᠵᠤ ᠴᠢᠳᠠᠭᠰᠠᠨ ᠪᠠᠶᠢᠨ᠎ᠠ᠃ | |