ᠰᠦᠯᠵᠢᠶᠡᠨ ᠳᠡᠭᠡᠷ᠎ᠡ ᠬᠤᠭᠤᠯᠠ ᠪᠤᠳᠠᠭ᠎ᠠ ᠵᠠᠬᠢᠶᠠᠯᠠᠬᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠨ | ᠬᠠᠮᠢᠶᠠᠷᠤᠯᠳᠠ ᠶᠢ ᠴᠢᠩᠭᠠᠳᠬᠠᠵᠤ᠂ ᠪᠤᠷᠤᠯᠠᠭᠤᠯᠭ᠎ᠠ ᠶᠢᠨ ᠭᠤᠷᠪᠠᠳᠡᠬᠢ ᠲᠠᠪᠴᠠᠩ ᠬᠠᠩᠭᠠᠭᠴᠢ ᠠᠴᠠ ᠢᠳᠡᠭᠡᠨ | ᠤᠮᠳᠠᠭᠠᠨ ᠤ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠶᠢ | ᠱᠠᠭᠠᠷᠳᠠᠵᠤ᠂ ᠬᠡᠷᠡᠭᠯᠡᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ᠂ | ᠤᠶᠢᠷ᠎ᠠ ᠳᠤ ᠦᠤᠰᠢᠨ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠰᠦᠯᠵᠢᠶᠡᠨ | ᠳᠡᠭᠡᠷ᠎ᠡ ᠬᠤᠭᠤᠯᠠ ᠪᠤᠳᠠᠭ᠎ᠠ ᠵᠠᠬᠢᠶᠠᠯᠠᠬᠤ ᠠᠵᠢᠯᠯᠠᠭ᠎ᠠ ᠶᠢᠨ ᠲᠦᠷᠢᠮᠵᠢᠬᠦᠯᠤᠯᠳᠡ ᠶᠢ ᠴᠢᠩᠭ᠎ᠠ ᠠᠳᠬᠤᠵᠤ ᠪᠠᠶᠢᠨ᠎ᠠ᠃ | ᠳᠤᠰ ᠳᠤᠪᠴᠢᠶ᠎ᠠ ᠨᠢ ᠪᠥᠬᠦ ᠬᠤᠰᠢᠭᠤᠨ ᠤ ᠵᠠᠬ᠎ᠠ ᠳᠡᠯᠭᠡᠭᠦᠷ ᠲᠤ ᠤᠷᠤᠰᠢᠵᠤ ᠪᠠᠶᠢᠭ᠎ᠠ ᠠᠰᠠᠭᠤᠳᠠᠯ ᠳᠤ | ᠬᠠᠨᠳᠤᠭᠤᠯᠤᠨ᠂ ︽ᠮᠸᠢ ᠲᠤᠸᠠᠨ ᠵᠠᠬᠢᠶᠠᠯᠠᠭ᠎ᠠ︾᠂ ︽ᠪᠠᠢ ᠳᠤ ᠵᠠᠬᠢᠶᠠᠯᠠᠭ᠎ᠠ︾᠂ ︽ᠦᠤᠰᠢᠨ ᠵᠠᠬᠢᠶᠠᠯᠠᠭ᠎ᠠ︾ | ᠵᠡᠷᠭᠡ ᠭᠤᠷᠪᠠᠳᠡᠬᠢ ᠲᠠᠪᠴᠠᠩ ᠬᠠᠩᠭᠠᠭᠴᠢ ᠶᠢᠨ ᠬᠦᠴᠦᠨ ᠲᠠᠢ ᠭᠡᠷᠡᠴᠢ ᠪᠢᠴᠢᠭ ᠪᠠᠶᠢᠬᠤ ᠡᠰᠡᠬᠦ᠂ ᠰᠦᠯᠵᠢᠶᠡᠨ ᠳᠤ | ᠤᠷᠤᠭᠰᠠᠨ ᠢᠳᠡᠭᠡᠨ ᠤᠮᠳᠠᠭᠠᠨ ᠤ ᠡᠵᠡᠩᠨᠡᠭᠴᠢ ᠳᠤ ᠬᠢᠨᠠᠨ ᠪᠠᠶᠢᠴᠠᠭᠠᠯᠳᠠ ᠶᠢᠨ ᠲᠠᠩᠰᠠᠯᠠᠯᠳᠠ ᠬᠢᠭᠰᠡᠨ ᠡᠰᠡᠬᠦ᠂ | ᠠᠷᠠᠯᠵᠢᠶᠠᠯᠠᠭᠰᠠᠨ ᠲᠡᠮᠳᠡᠭᠯᠡᠯ ᠪᠠᠶᠢᠬᠤ ᠡᠰᠡᠬᠦ ᠶᠢ ᠪᠠᠶᠢᠴᠠᠭᠠᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ | ᠬᠠᠤᠯᠢ ᠶᠢ ᠵᠦᠷᠢᠴᠡᠭᠰᠡᠨ ᠠᠵᠢᠯᠯᠠᠭ᠎ᠠ ᠶᠢᠨ ᠳᠤᠬᠠᠢ ᠬᠠᠮᠢᠶᠠᠷᠤᠯᠳᠠ᠂ ᠬᠠᠤᠯᠢ ᠶᠢ ᠬᠦᠨᠳᠦ ᠨᠤᠴᠢᠳᠠᠢ ᠵᠦᠷᠢᠴᠡᠭᠰᠡᠨ | ᠲᠠᠪᠴᠠᠩ ᠤᠨ ᠦᠢᠯᠡᠴᠢᠯᠡᠭᠡ ᠶᠢ ᠴᠠᠭ ᠳᠤᠬᠠᠢ ᠳᠤᠨᠢ ᠪᠠᠶᠢᠴᠠᠭᠠᠨ ᠵᠤᠭᠰᠤᠭᠠᠵᠤ ᠰᠢᠢᠳᠪᠤᠷᠢᠯᠡᠬᠦ᠂ ᠢᠳᠡᠭᠡᠨ | ᠤᠮᠳᠠᠭᠠᠨ ᠤ ᠠᠮᠤᠷ ᠲᠦᠪᠰᠢᠨ ᠤ ᠬᠡᠷᠡᠭᠯᠡᠭᠡ ᠶᠢ ᠢᠯᠡᠴᠢᠯᠡᠨ ᠵᠠᠭᠠᠯᠳᠤᠭᠰᠠᠨ ᠬᠡᠷᠡᠭ ᠢ ᠰᠢᠢᠳᠪᠦᠷᠢᠯᠡᠭᠰᠡᠨ ᠵᠡᠷᠭᠡ ᠡᠯ᠎ᠡ | ᠲᠦᠷᠦᠯ ᠤᠨ ᠲᠦᠷᠢᠮ ᠲᠣᠭᠳᠠᠭᠠᠯ ᠢ ᠴᠢᠩᠭ᠎ᠠ ᠬᠡᠷᠡᠭᠵᠢᠭᠦᠯᠥᠭᠰᠡᠨ ᠪᠠᠶᠢᠳᠠᠯ ᠳᠤ ᠨᠠᠷᠢᠯᠢᠭ ᠪᠠᠶᠢᠴᠠᠭᠠᠯᠳᠠ ᠬᠢᠪᠠ᠃ | ᠳᠡᠳᠡ ᠪᠠᠰᠠ ︽ᠢᠳᠡᠭᠡᠨ ᠤ ᠠᠶᠤᠯᠬᠦᠢ ᠶᠢᠨ ᠬᠠᠤᠯᠢ︾᠂ ︽ᠰᠦᠯᠵᠢᠶᠡᠨ ᠤ ᠢᠳᠡᠭᠡᠨ ᠤᠮᠳᠠᠭᠠᠨ ᠤ ᠬᠠᠤᠯᠢ ᠶᠢ | ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠭᠡᠬᠦ ᠬᠠᠤᠯᠢ︾ ᠪᠠᠷ ᠦᠨᠳᠦᠰᠦᠯᠡᠯ ᠪᠤᠯᠭᠠᠵᠤ᠂ ᠡᠵᠡᠩᠨᠡᠯᠳᠡ ᠶᠢᠨ | ᠠᠵᠢᠯᠯᠠᠭ᠎ᠠ ᠶᠢ ᠲᠦᠷᠢᠮᠵᠢᠭᠦᠯᠬᠦ ᠶᠢᠨ ᠬᠠᠮᠳᠤ ᠬᠠᠮᠢᠶ᠎ᠠ ᠪᠦᠬᠦᠢ ᠬᠠᠤᠯᠢ ᠴᠠᠭᠠᠵᠠ ᠲᠥᠷᠢᠮ ᠲᠤᠭᠳᠠᠭᠠᠯ ᠶᠤᠰᠤᠭᠠᠷ | ᠰᠥᠯᠵᠢᠶᠡᠨ ᠲᠠᠪᠴᠠᠩ ᠳᠡᠭᠡᠷ᠎ᠠ ᠦᠨᠡᠮᠯᠡᠯ ᠦᠭᠡᠢ ᠪᠠᠷ ᠡᠵᠡᠩᠨᠡᠯᠳᠡ ᠬᠢᠵᠤ ᠪᠠᠶᠢᠭ᠎ᠠ ᠪᠤᠶᠤ ᠵᠦᠪᠬᠡᠨ ︽ᠢᠳᠡᠭᠡᠨ ᠤ | ᠡᠵᠡᠩᠨᠡᠯᠳᠡ ᠶᠢ ᠲᠠᠩᠰᠠᠯᠠᠬᠤ ᠦᠨᠡᠮᠯᠡᠯ︾ ᠲᠠᠢ ᠡᠵᠡᠩᠨᠡᠭᠴᠢ ᠶᠢ ᠪᠦᠬᠦ ᠲᠠᠯ᠎ᠠ ᠪᠠᠷ ᠴᠡᠭᠴᠡᠯᠡᠨ ᠴᠡᠪᠡᠷᠯᠡᠵᠤ᠂ ᠪᠥᠬᠦ | ᠬᠤᠰᠢᠭᠤᠨ ᠤ ᠰᠦᠯᠵᠢᠶᠡᠨ ᠳᠡᠭᠡᠷ᠎ᠡ ᠬᠤᠭᠤᠯᠠ ᠪᠤᠳᠠᠭ᠎ᠠ ᠵᠠᠬᠢᠶᠠᠯᠠᠬᠤ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠦᠨᠡᠨ | ᠬᠦ ᠪᠠᠳᠤᠯᠠᠭᠰᠠᠨ ᠪᠠᠶᠢᠨ᠎ᠠ᠃ | |