ᠬᠤᠰᠢᠭᠤ ᠲᠠᠩᠰᠠ ᠡᠪᠬᠡᠮᠡᠯ ᠤᠨ ᠲᠤᠪᠴᠢᠶ᠎ᠠ ᠨᠢ ᠲᠠᠩᠰᠠ ᠡᠪᠬᠡᠮᠡᠯ ᠤᠨ ᠲᠤᠭᠠᠴᠢᠯᠠᠭᠰᠠᠨ ᠬᠡᠯᠪᠡᠷᠢ ᠶᠢᠨ ᠰᠤᠷᠠᠭ ᠵᠠᠩᠬᠢ ᠪᠠᠷ ᠤᠯᠠᠨ ᠲᠦᠮᠡᠨ ᠳᠤ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2018-09-18
     ᠦᠢᠷ᠎ᠠ ᠶᠢᠨ ᠵᠢᠯ ᠠᠴᠠ ᠨᠠᠰᠢ ᠬᠤᠰᠢᠭᠤ ᠲᠠᠩᠰᠠ ᠡᠪᠬᠡᠮᠡᠯ ᠤᠨ ᠲᠤᠪᠴᠢᠶ᠎ᠠ ᠨᠢ ᠠᠰᠢᠭᠯᠠᠯᠲᠠ ᠶᠢᠨ ᠨᠤᠷᠮ᠎ᠠ ᠪᠠᠷ ᠦᠨᠳᠤᠷ᠂ ᠯᠠᠪᠯᠠᠨ ᠦᠵᠡᠬᠦ ᠬᠡᠮᠵᠢᠶ᠎ᠡ ᠪᠠᠷ ᠶᠡᠭᠡ ᠠᠷᠠᠳ ᠤᠨ ᠠᠮᠢᠳᠤᠷᠠᠯ ᠤᠨ ᠲᠠᠩᠰᠠ ᠡᠪᠬᠡᠮᠡᠯ ᠳᠤ ᠲᠤᠭᠠᠴᠢᠯᠠᠭᠰᠠᠨ ᠬᠡᠯᠪᠡᠷᠢ ᠶᠢᠨ ᠠᠷᠭ᠎ᠠ ᠶᠢ ᠬᠡᠷᠡᠭᠵᠢᠬᠦᠯᠵᠦ᠂ ᠲᠠᠩᠰᠠ ᠡᠪᠬᠡᠮᠡᠯ ᠤᠨ ᠮᠡᠲᠡᠭᠡ ᠵᠠᠩᠬᠢᠴᠢᠯᠠᠯᠲᠠ ᠶᠢᠨ ᠦᠢᠯᠡᠴᠢᠯᠡᠭᠡᠨ ᠤ ᠴᠢᠲᠠᠪᠤᠷᠢ ᠪᠠᠨ ᠨᠡᠮᠡᠭᠳᠡᠭᠦᠯᠦᠨ ᠤᠯᠠᠨ ᠲᠠᠶᠠᠭᠠᠷ ᠲᠤ ᠲᠠᠩᠰᠠ ᠡᠪᠬᠡᠮᠡᠯ ᠡᠷᠢᠵᠦ ᠦᠵᠡᠬᠦ ᠳᠤ ᠲᠦᠭᠦᠮ ᠪᠤᠯᠭᠠᠵᠤ᠂ ᠦᠩᠭᠡᠷᠡᠭᠰᠡᠨ ᠵᠢᠯ ᠤᠨ ᠲᠠᠩᠰᠠ ᠡᠪᠬᠡᠮᠡᠯ ᠡᠷᠢᠬᠦ ᠳᠤ ᠭᠦᠴᠢᠷ ᠤᠳᠠᠭᠠᠨ᠂ ᠡᠷᠢᠬᠦ ᠶᠠᠪᠤᠴᠠ ᠨᠢ ᠪᠤᠲᠤᠯᠢᠶᠠᠨᠲᠠᠢ ᠪᠠᠶᠢᠲᠠᠯ ᠢ ᠦᠨᠳᠤᠰᠤᠨ ᠠᠴᠠ ᠨᠢ ᠪᠦᠲᠦᠮᠵᠢᠲᠠᠢ ᠰᠢᠢᠳᠪᠦᠷᠢᠯᠡᠬᠦ ᠶᠢᠨ ᠬᠠᠮᠲᠤ ᠳᠠᠩᠰᠠ ᠡᠪᠬᠡᠮᠡᠯ ᠤᠨ ᠬᠠᠤᠯᠢ ᠲᠦᠷᠢᠮ ᠤᠨ ᠤᠬᠠᠭᠤᠯᠭ᠎ᠠ ᠶᠢᠨ ᠮᠠᠲ᠋ᠧᠷᠢᠶᠠᠯ ᠳᠠᠷᠬᠠᠭᠠᠬᠤ ᠪᠠ ᠳᠠᠩᠰᠠ ᠡᠪᠬᠡᠮᠡᠯ ᠤᠨ ᠰᠤᠨᠢᠨ ᠰᠡᠳᠬᠦᠯ ᠵᠠᠬᠢᠶᠠᠯᠠᠬᠤ ᠵᠡᠷᠭᠡ ᠠᠷᠭ᠎ᠠ ᠠᠪᠴᠠᠯ ᠢᠶᠠᠷ ᠨᠡᠶᠢᠭᠡᠮ ᠲᠠᠶᠠᠭᠠᠷ ᠤᠨ ᠲᠠᠩᠰᠠ ᠡᠪᠬᠡᠮᠡᠯ ᠤᠨ ᠳᠤᠬᠠᠢ ᠤᠶᠢᠯᠠᠭᠠᠯᠳᠠ ᠲᠠᠨᠢᠯᠲᠠ ᠶᠢ ᠲᠡᠭᠡᠭᠰᠢᠯᠡᠭᠦᠯᠵᠤ ᠳᠠᠩᠰᠠ ᠡᠪᠬᠡᠮᠡᠯ ᠤᠨ ᠬᠦᠯᠢᠶᠠᠨ ᠠᠪᠬᠤ ᠬᠦᠷᠢᠶ᠎ᠡ ᠬᠡᠪᠴᠢᠶ᠎ᠠ ᠶᠢ ᠦᠷᠭᠡᠳᠬᠡᠵᠤ᠂ ᠳᠠᠩᠰᠠ ᠡᠪᠬᠡᠮᠡᠯ ᠤᠨ ᠲᠦᠷᠦᠯ ᠵᠦᠢᠯ ᠢ ᠨᠡᠮᠡᠭᠳᠡᠬᠦᠯᠪᠡ᠃ ᠤᠳᠤᠬᠠᠨ ᠪᠤᠯᠲᠠᠯ᠎ᠠ ᠬᠤᠰᠢᠭᠤ ᠳᠠᠩᠰᠠ ᠡᠪᠬᠡᠮᠡᠯ ᠤᠨ ᠳᠤᠪᠴᠢᠶᠠᠨ ᠤ ᠴᠤᠭᠯᠠᠭᠤᠯᠤᠨ ᠬᠠᠳᠠᠭᠠᠯᠠᠭᠰᠠᠨ ᠳᠠᠩᠰᠠ ᠡᠪᠬᠡᠮᠡᠯ ᠨᠢ ᠨᠡᠶᠢᠲᠡ 170756 ᠪᠤᠳᠢ ︵ᠵᠦᠢᠯ︶ ᠬᠦᠷᠴᠤ᠂ ᠡᠬᠦᠨ ᠤ ᠲᠤᠳᠤᠷ᠎ᠠ ᠦᠨᠢᠲᠠ ᠶᠢᠨ ᠴᠢᠨᠠᠷ ᠲᠠᠢ ᠳᠠᠩᠰᠠ ᠡᠪᠬᠡᠮᠡᠯ 61206 ᠪᠤᠳᠢ ︵ᠵᠦᠢᠯ︶ ᠳᠤ ᠬᠦᠷᠴᠤ᠂ ᠳᠠᠩᠰᠠ ᠡᠪᠬᠡᠮᠡᠯ ᠤᠨ ᠳᠤᠭᠠᠴᠢᠯᠠᠭᠰᠠᠨ ᠨᠤᠷᠮ᠎ᠠ ᠨᠢ ᠨᠢᠭᠡᠨᠲᠠ 50% ᠳᠤ ᠬᠦᠷᠦᠨ᠂ ᠬᠤᠲᠠ ᠶᠢᠨ ᠳᠠᠩᠰᠡ ᠡᠪᠬᠡᠮᠡᠯ ᠤᠨ ᠳᠤᠪᠴᠢᠶ᠎ᠠ ᠶᠢᠨ ᠡᠯ᠎ᠡ ᠬᠤᠰᠢᠭᠤ ᠲᠤᠭᠤᠷᠢᠭ ᠤᠨ ᠴᠤᠭᠯᠠᠭᠤᠯᠤᠨ ᠬᠠᠳᠠᠭᠠᠯᠠᠭᠰᠠᠨ ᠦᠨᠢᠲᠡ ᠶᠢᠨ ᠴᠢᠨᠠᠷ ᠲᠠᠢ ᠳᠠᠩᠰᠠ ᠡᠪᠬᠡᠮᠡᠯ ᠤᠨ ᠳᠤᠭᠠᠴᠢᠯᠠᠭᠰᠠᠨ ᠨᠤᠷᠮ᠎ᠠ ᠨᠢ ᠵᠠᠭᠤᠨ ᠤ ᠭᠤᠴᠢ ᠬᠦᠷᠦᠭᠰᠡᠨ ᠪᠠᠶᠢᠬᠤ ᠬᠡᠷᠡᠭᠲᠡᠢ ᠬᠡᠰᠡᠨ ᠱᠠᠭᠠᠷᠳᠠᠯᠭ᠎ᠠ ᠶᠢ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ᠬᠤᠰᠢᠭᠤ ᠲᠠᠩᠰᠠ ᠡᠪᠭᠡᠮᠡᠯ ᠤᠨ ᠲᠤᠪᠴᠢᠶ᠎ᠠ ᠨᠢ ᠲᠠᠩᠰᠠ ᠡᠪᠭᠡᠮᠡᠯ ᠤᠨ ᠠᠵᠢᠯ ᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠨ ᠦᠵᠡᠵᠤ᠂ ᠡᠯ᠎ᠡ ᠪᠠᠶᠢᠭᠤᠯᠭ᠎ᠠ ᠨᠢᠭᠡᠴᠢ᠂ ᠡᠯ᠎ᠡ ᠰᠤᠮᠤ ᠪᠠᠯᠭᠠᠰᠤ ᠭᠠᠴᠠᠭ᠎ᠠ ᠳᠤᠰᠬᠤᠨ ︵ᠨᠡᠶᠢᠬᠡᠮ ᠲᠤᠭᠤᠷᠢᠭ︶᠂ ᠭᠡᠰᠡᠭ ᠠᠵᠤ ᠠᠬᠤᠶᠢᠯᠠᠯ ᠤᠨ ᠨᠢᠭᠡᠴᠢ ᠳᠤ ᠳᠠᠩᠰᠠ ᠡᠪᠬᠡᠮᠡᠯ ᠤᠨ ᠭᠠᠵᠠᠷ ︵ᠳᠠᠰᠤᠭ︶ ᠢ ᠪᠠᠶᠢᠭᠤᠯᠤᠨ᠂ ᠳᠤᠰᠬᠠᠢ ᠬᠠᠮᠢᠶᠠᠷᠤᠯᠳᠠ ᠶᠢᠨ ᠠᠵᠢᠯᠳᠠᠨ ᠪᠤᠶᠤ ᠳᠤᠰᠢᠶᠠᠯ ᠬᠠᠪᠰᠤᠷᠭᠠᠭᠰᠠᠨ ᠬᠠᠮᠢᠶᠠᠷᠤᠯᠲᠠ ᠶᠢᠨ ᠠᠵᠢᠯᠲᠠᠨ ᠲᠤᠬᠢᠷᠠᠭᠤᠯᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠢ ᠦᠳᠤᠰᠦᠨ ᠳᠤ ᠪᠠᠨ ᠪᠦᠷᠢᠯᠳᠦᠭᠦᠯᠦᠭᠰᠡᠨ ᠪᠠᠶᠢᠨ᠎ᠠ᠃      ᠤᠶᠢᠯᠠᠭᠠᠭᠰᠠᠨ ᠢᠶᠠᠷ ᠮᠠᠨ ᠤ ᠬᠤᠰᠢᠭᠤᠨ ᠤ ᠦᠨᠢᠲᠠ ᠶᠢᠨ ᠴᠢᠨᠠᠷ ᠲᠠᠢ ᠳᠤᠭᠠᠴᠢᠯᠠᠭᠰᠠᠨ ᠬᠡᠯᠪᠡᠷᠢ ᠶᠢᠨ ᠳᠠᠩᠰᠠ ᠡᠪᠬᠡᠮᠡᠯ ᠪᠠᠶᠢᠭᠤᠯᠬᠤ ᠠᠵᠢᠯ ᠨᠢ 2014 ᠤᠨ ᠠᠴᠠ ᠡᠬᠢᠯᠡᠵᠤ᠂ ᠤᠳᠤ ᠪᠤᠯᠲᠠᠯ᠎ᠠ ᠨᠡᠶᠢᠲᠡ 1128421 ᠲᠦᠬᠦᠷᠢᠭ ᠪᠡᠯᠡ ᠮᠦᠩᠬᠦ ᠵᠠᠷᠤᠴᠠᠭᠤᠯᠤᠨ᠂ 2017 ᠤᠨ ᠪᠤᠯᠲᠠᠯ᠎ᠠ ᠨᠡᠶᠢᠲᠡ 7400 ᠪᠤᠳᠢ ︵ᠬᠤᠪᠢ︶ ᠳᠠᠩᠰᠠ ᠡᠪᠬᠡᠮᠡᠯ ᠢ ᠬᠦᠯᠢᠶᠠᠨ ᠠᠪᠴᠤ᠂ ᠴᠤᠭᠯᠠᠭᠤᠯᠤᠨ ᠬᠠᠳᠠᠭᠠᠯᠠᠭᠰᠠᠨ ᠳᠠᠩᠰᠠ ᠡᠪᠬᠡᠮᠡᠯ ᠨᠢ 15 ᠲᠦᠮᠡ ᠢᠯᠡᠬᠦᠦ ᠪᠤᠳᠢ ︵ᠬᠤᠪᠢ︶ ᠳᠤ ᠬᠦᠷᠦᠭᠰᠡᠨ ᠪᠦᠭᠡᠳ ᠨᠡᠶᠢᠲᠡ 1539312 ᠬᠠᠭᠤᠳᠠᠰᠤ ︵ᠰᠢᠷᠬᠡᠭ︶ ᠲᠠᠩᠰᠠ ᠡᠪᠭᠡᠮᠡᠯ ᠢ ᠰᠢᠷᠪᠢᠵᠤ᠂ ᠦᠨᠦ ᠵᠢᠯ ᠨᠡᠶᠢᠲᠡ 1200000 ᠬᠠᠭᠤᠳᠠᠰᠤ ︵ᠰᠢᠷᠬᠡᠭ︶ ᠰᠢᠷᠪᠢᠬᠦ ᠪᠠᠷ ᠲᠦᠯᠦᠪᠯᠡᠵᠤ᠂ ᠨᠢᠬᠡᠨᠲᠡ 920000 ᠬᠠᠭᠤᠳᠠᠰᠤ ᠶᠢ ᠨᠢ ᠰᠢᠷᠪᠢᠨ᠂ 484748 ᠵᠤᠷᠪᠤᠰ ᠨᠡᠷᠡᠰ ᠤᠨ ᠵᠢᠭᠰᠠᠭᠠᠯᠲᠠ ᠶᠢ ᠤᠷᠤᠭᠤᠯᠤᠭᠰᠠᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号