ᠣᠶᠢᠷ᠎ᠠ ᠶᠢᠨ ᠡᠳᠣᠷ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠶᠢ ᠪᠡᠯᠭᠡᠯᠡᠵᠣ᠂ | ᠦᠨᠳᠦᠰᠦᠳᠡᠨ ᠤ ᠤᠯᠠᠮᠵᠢᠯᠠᠯᠲᠤ ᠬᠠᠳᠬᠤᠮᠠᠯ ᠣᠷᠠᠯᠠᠯ ᠤᠨ ᠰᠤᠶᠤᠯ ᠢ ᠤᠯᠠᠮᠵᠢᠯᠠᠨ ᠬᠦᠭᠵᠢᠬᠦᠯᠬᠦ ᠶᠢᠨ ᠲᠦᠯᠦᠭᠡ | ᠮᠠᠨ ᠤ ᠬᠤᠰᠢᠭᠤ ᠵᠢᠷᠭᠤᠳᠤᠭᠠᠷ ᠬᠤᠭᠤᠴᠠᠭᠠᠨ ᠤ ︽ᠤᠷᠠᠨ ᠪᠦᠰᠡᠬᠦᠢ︾ ᠤᠷᠳᠤᠰ ᠤᠯᠠᠮᠵᠢᠯᠠᠯᠲᠤ ᠬᠠᠳᠬᠤᠮᠠᠯ | ᠤᠷᠠᠯᠠᠯ ᠤᠨ ᠲᠡᠯᠭᠡᠨ ᠦᠵᠡᠬᠦᠯᠦᠯᠭᠡ ᠪᠤᠯᠤᠨ ᠬᠢᠴᠢᠶᠡᠯᠯᠡᠭᠡ ᠶᠢ ᠡᠷᠬᠢᠯᠡᠨ ᠬᠢᠭᠰᠡᠨ ᠪᠠᠶᠢᠨ᠎ᠠ᠃ ᠬᠤᠰᠢᠭᠤ ᠤᠯᠤᠰ | ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠤᠶᠤᠨᠪᠢᠯᠢᠭ᠌ ᠶᠣᠰᠣᠯᠡᠯ ᠳᠤ ᠤᠷᠤᠯᠴᠠᠪᠠ᠃ ᠡᠨ᠋ᠨ ᠣᠳᠠᠭᠠᠨ ᠤ | ᠠᠵᠢᠯᠯᠠᠭ᠎ᠠ ᠶᠢ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠤᠰᠢᠭᠤ ᠠᠷᠠᠳ ᠤᠨ ᠤᠷᠠᠯᠢᠭᠴᠢᠳ ᠤᠨ | ᠡᠪᠯᠡᠯ ᠠᠴᠠ ᠭᠤᠤᠯᠯᠠᠨ ᠡᠷᠬᠢᠯᠡᠵᠣ᠂ ᠠᠵᠢᠯᠯᠠᠭᠠᠨ ᠲᠡᠭᠡᠷ᠎ᠡ ᠲᠠᠪᠢᠭᠠᠳ ᠬᠠᠳᠬᠤᠮᠠᠯ ᠤᠷᠠᠯᠠᠯ ᠤᠨ ᠪᠠᠭ᠋ᠠᠳᠠᠳ ᠬᠦᠬᠦᠷ | ᠲᠠᠯᠢᠩ᠂ ᠵᠡᠬᠦᠪᠴᠢ ᠬᠡᠳᠡᠪᠴᠢ᠂ ᠬᠠᠨᠵᠢᠶᠠᠷ᠂ ᠲᠠᠷᠤᠭᠤᠯᠭ᠎ᠠ᠂ ᠮᠠᠬᠠᠢ ᠮᠡᠲᠤ ᠶᠢᠨ ᠦᠨᠳᠦᠰᠦᠲᠡᠨ ᠤ ᠬᠠᠳᠬᠤᠮᠠᠯ | ᠤᠷᠠᠯᠠᠯ ᠤᠨ ᠪᠦᠳᠣᠭᠡᠯ ᠢᠶᠠᠨ ᠳᠡᠯᠬᠡᠨ ᠦᠵᠡᠬᠦᠯᠵᠣ ᠬᠠᠷᠢᠯᠴᠡᠨ ᠰᠣᠷᠣᠯᠴᠠᠨ ᠬᠠᠳᠬᠤᠬᠤ ᠮᠡᠷᠭᠡᠵᠢᠯ ᠢᠶᠠᠨ | ᠳᠡᠭᠡᠭᠰᠢᠯᠡᠭᠦᠯᠣᠭ᠍ᠰᠡᠨ ᠪᠠᠶᠢᠨ᠎ᠠ᠃ | ᠠᠵᠢᠯᠯᠠᠭ᠎ᠠ ᠳᠡᠭᠡᠷ᠎ᠡ ᠦᠷᠭᠡᠨ ᠤᠯᠠᠨ ᠬᠠᠳᠬᠤᠮᠠᠯ ᠤᠷᠠᠯᠠᠯ ᠤᠨ ᠪᠠᠭ᠋ᠠᠳᠠᠳ ᠬᠠᠳᠬᠤᠭᠰᠠᠨ ᠪᠦᠳᠣᠭᠡᠯ ᠢᠶᠠᠨ | ᠣᠯᠠᠨ ᠳᠤ ᠳᠡᠯᠬᠡᠨ ᠦᠵᠡᠭᠦᠯᠣᠭ᠍ᠰᠡᠨ ᠤ ᠬᠠᠮᠳᠣ ᠪᠠᠰᠠ ᠤᠷᠳᠤᠰ ᠬᠠᠳᠬᠤᠮᠠᠯ ᠤᠨ ᠪᠤᠳᠠᠰ ᠤᠨ ᠪᠤᠰᠤ ᠰᠤᠶᠤᠯ ᠤᠨ | ᠦᠪ ᠤᠨ ᠦᠪᠯᠡᠨ ᠤᠯᠠᠮᠵᠢᠯᠠᠭᠴᠢ ᠪᠤᠯᠤᠨ ᠠᠬᠠᠮᠠᠳ ᠤᠷᠠᠴᠤᠳ ᠠᠴᠠ ᠬᠠᠳᠬᠤᠮᠠᠯ ᠤᠨ ᠣᠯᠠᠮᠵᠢᠯᠠᠯᠳᠣ | ᠬᠠᠳᠬᠤᠬᠤ ᠠᠷᠭ᠎ᠠ ᠶᠢᠨ ᠲᠤᠬᠠᠢ ᠰᠤᠷᠴᠤ ᠡᠵᠡᠮᠰᠢᠨ ᠬᠠᠳᠬᠤᠮᠠᠯ ᠣᠷᠠᠯᠠᠯ ᠤᠨ ᠰᠣᠶᠣᠯ ᠳᠤ ᠬᠦᠴᠣᠨ ᠴᠢᠳᠡᠯ᠂ | ᠣᠷ᠎ᠠ ᠠᠪᠢᠶᠠᠰ ᠢᠶᠠᠨ ᠣᠯᠠᠮ ᠪᠠᠳᠠᠷᠠᠭᠤᠯᠤᠭᠰᠠᠨ ᠪᠠᠶᠢᠨ᠎ᠠ᠃ | ᠦᠤᠰᠢᠨ ᠬᠤᠰᠢᠭᠤᠨ ᠤ ᠠᠷᠠᠳ ᠤᠨ ᠤᠳᠬ᠎ᠠ ᠤᠷᠠᠯᠢᠭᠴᠢᠳ ᠤᠨ ᠡᠪᠯᠡᠯ ᠤᠨ ︽ᠤᠷᠠᠨ ᠪᠦᠰᠡᠬᠦᠢ︾ | ᠬᠠᠳᠬᠤᠮᠠᠯᠴᠢᠳ ᠤᠨ ᠲᠤᠭᠤᠶᠢᠯᠠᠩ ᠨᠢ 2013 ᠤᠨ ᠳᠤ ᠪᠠᠶᠢᠭᠤᠯᠣᠭᠳᠠᠨ ᠣᠳᠣ 80 ᠭᠠᠷᠤᠢ ᠤᠷᠠᠴᠤᠳ ᠲᠠᠢ | ᠪᠠᠶᠢᠵᠤ᠂ ᠲᠠᠪᠣᠨ ᠵᠢᠯ ᠤᠨ ᠳᠣᠷᠰᠢ ᠪᠤᠯᠪᠠᠰᠤᠷᠠᠯ ᠣᠶᠢᠯᠡᠳᠣᠯᠭᠡ ᠪᠣᠯᠣᠨ ᠣᠷᠣᠯᠳᠣᠭᠠᠨ ᠢ ᠵᠢᠯ ᠳᠠᠷᠠᠭᠠᠯᠠᠨ ᠬᠢᠵᠣ᠂ | ᠬᠠᠳᠬᠤᠮᠠᠯ ᠤᠨ ᠪᠦᠳᠣᠭᠡᠭᠳᠡᠬᠦᠨ ᠢ ᠪᠣᠷᠣᠯᠠᠭᠤᠯᠬᠤ ᠵᠠᠬ᠎ᠠ ᠳᠡᠯᠭᠡᠬᠦᠷ ᠢ ᠨᠢᠭᠡᠳᠣᠯᠳᠡᠢ ᠬᠠᠨᠭ᠍ᠭᠠᠬᠤ᠂ ᠣᠷᠣᠯᠴᠠᠭᠰᠠᠳ | ᠢᠶᠠᠨ ᠢᠳᠡᠪᠬᠢᠲᠠᠢ ᠬᠦᠭᠢᠭᠦᠯᠣᠨ ᠣᠷᠮᠠᠰᠢᠭᠤᠯᠬᠤ ᠮᠡᠳᠣ ᠶᠢᠨ ᠪᠣᠳᠡᠳᠡᠢ ᠠᠷᠭ᠎ᠠ ᠠᠪᠴᠠᠯ ᠢᠶᠠᠷ ᠬᠠᠳᠬᠤᠮᠠᠯ ᠣᠷᠠᠯᠠᠯ ᠢ | ᠬᠦᠭᠵᠢᠭᠦᠯᠣᠨ ᠵᠠᠯᠭᠠᠮᠵᠢᠯᠠᠬᠤ ᠳᠤ ᠰᠠᠭᠤᠷᠢ ᠳᠠᠯᠪᠢᠭᠰᠠᠨ ᠪᠠᠶᠢᠨ᠎ᠠ᠃ |