ᠥᠥᠰᠢᠨ ᠬᠤᠰᠢᠭᠤᠨ ᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠦᠤᠰᠢᠨ ᠬᠤᠰᠢᠭᠤᠨ  ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-09-18
ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄      ︽ᠥᠥᠰᠢᠨ ᠬᠤᠰᠢᠭᠤᠨ ᠤ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ  ᠶᠢ ᠬᠡᠷᠡᠭᠵᠢᠬᠦᠯᠬᠦ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠤ 6 ᠳ᠋ᠤᠭᠠᠷ ᠤᠳᠠᠭᠠᠨ ᠤ ᠪᠠᠶᠢᠩᠭᠤ  ᠶᠢᠨ ᠠᠵᠢᠯ ᠤᠨ ᠬᠤᠷᠠᠯ ᠢᠶᠠᠷ ᠰᠤᠳᠤᠯᠤᠨ ᠵᠦᠪᠰᠢᠶᠡᠷᠡᠵᠦ ᠡᠳᠥᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠡᠷᠡᠢ᠃                                                                                                         ᠥᠥᠰᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ                                   2018 ᠣᠨ ᠤ 8 ᠰᠠᠷ᠎ᠠ ᠶᠢᠨ 14 ᠤ ᠡᠳᠦᠷ            ᠥᠥᠰᠢᠨ ᠬᠤᠰᠢᠭᠤᠨ ᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ            ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ               ︽ᠥᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ  ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ︾ ︵ᠥᠪᠤᠷ ᠵᠠᠰᠠᠭ ᠠᠯᠪᠠᠨ ᠲᠠᠷᠬᠠᠭᠠᠭᠰᠠᠨ ﹇2016﹈ 158 ᠳ᠋ᠤᠭᠠᠷ ᠲᠤᠭᠠᠲᠤ︶ ᠪᠤᠯᠤᠨ ︽ᠣᠷᠳᠣᠰ ᠬᠤᠲᠠ ᠶᠢᠨ ᠲᠠᠷᠢᠶᠠᠯᠠᠩ ᠳᠤ ᠭᠡᠷᠡᠭᠯᠡᠬᠦ ᠣᠰᠣᠨ ᠤ ᠦᠨ᠎ᠡ ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2017﹈ 68 ᠳ᠋ᠤᠭᠠᠷ ᠲᠤᠭᠠᠲᠤ︶ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠪᠦᠷᠢᠯᠳᠦᠬᠦ ᠲᠤᠭᠲᠠᠴᠠ᠂ ᠲᠠᠷᠢᠶᠠᠯᠠᠩ ᠤᠨ ᠣᠰᠣᠯᠠᠯᠲᠠ ᠶᠢᠨ ᠣᠰᠣ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠨᠤᠷᠮ᠎ᠠ ᠲᠤᠭᠲᠠᠭᠠᠨ ᠬᠠᠮᠢᠶᠠᠷᠬᠤ ᠲᠦᠷᠢᠮ  ᠢ ᠪᠦᠷᠢᠨᠰᠢᠬᠦᠯᠦᠨ ᠣᠰᠣᠨ ᠡᠬᠢ ᠪᠠᠶᠠᠯᠢᠭ ᠤᠨ ᠵᠦᠢ ᠵᠤᠬᠢᠰᠲᠠᠢ ᠲᠤᠬᠢᠷᠠᠭᠤᠯᠤᠯᠲᠠ ᠪᠠ ᠦᠨᠳᠦᠷ ᠪᠦᠲᠦᠮᠵᠢᠲᠡᠢ ᠠᠰᠢᠭᠯᠠᠯᠲᠠ ᠶᠢ ᠠᠬᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠬᠤ ᠶᠢ ᠪᠠᠲᠤᠯᠠᠬᠤ ᠶᠢᠨ ᠲᠦᠯᠥᠭᠡ ᠮᠠᠨ ᠤ ᠬᠤᠰᠢᠭᠤᠨ ᠤ ᠪᠣᠳᠠᠳᠣ ᠪᠠᠶᠢᠳᠠᠯ ᠲᠠᠢ ᠣᠶᠠᠯᠳᠣᠭᠤᠯᠣᠨ ᠳᠣᠰ ᠲᠦᠰᠥᠯ ᠢ ᠳᠣᠭᠳᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ ᠰᠢᠨ᠎ᠡ ᠶᠢ ᠡᠭᠦᠳᠴᠤ᠂ ᠡᠶ᠎ᠡ ᠵᠤᠬᠢᠴᠠᠯ ᠲᠠᠢ᠂ ᠪᠤᠬᠢᠷᠳᠤᠯ ᠦᠬᠡᠢ᠂ ᠨᠡᠭᠡᠭᠡᠯᠲᠡᠲᠡᠢ᠂ ᠬᠠᠮᠲᠤ  ᠪᠠᠷ ᠡᠳ᠋ᠯᠡᠬᠦ ᠬᠦᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠨ ᠣᠯᠣᠰ ᠤᠨ ᠠᠮᠤ ᠪᠤᠳᠠᠭᠠᠨ ᠤ ᠠᠮᠤᠷ ᠲᠦᠪᠰᠢᠨ ᠪᠤᠯᠤᠨ ᠤᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠤᠭᠤᠷᠢᠨ ᠳᠤ ᠤᠰᠤ ᠠᠷᠪᠢᠯᠠᠬᠤ ᠶᠢ ᠤᠷᠢᠳᠠᠪᠡᠷ ᠪᠤᠳᠤᠯᠬᠢᠯᠠᠬᠤ ᠴᠢᠭᠯᠡᠯᠲᠡ ᠶᠢ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠤᠯᠤᠨ ᠣᠰᠣᠨ ᠤ ᠲᠠᠷᠢᠶᠠᠯᠠᠩ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠢ ᠴᠢᠩᠭᠠᠳᠬᠠᠨ ᠵᠠᠬ᠎ᠠ ᠳᠡᠯᠭᠡᠭᠦᠷ ᠨᠢ ᠡᠬᠢ ᠪᠠᠶᠠᠯᠢᠭ ᠤᠨ ᠲᠤᠬᠢᠷᠠᠭᠤᠯᠤᠯᠲᠠ ᠳᠤ ᠰᠢᠢᠳᠪᠤᠷᠢᠯᠡᠭᠴᠢ ᠦᠢᠯᠡᠳᠦᠯ ᠭᠠᠷᠭᠠᠬᠤ ᠶᠢ ᠪᠠᠷᠢᠮᠳᠠᠯᠠᠵᠤ ᠵᠠᠰᠠᠭ ᠤᠨ ᠣᠷᠳᠣᠨ ᠪᠤᠯᠤᠨ ᠵᠠᠬ᠎ᠠ ᠳᠡᠯᠭᠡᠭᠦᠷ ᠬᠠᠮᠲᠤᠪᠡᠷ ᠬᠦᠴᠦᠯᠡᠨ ᠪᠠᠶᠢᠭᠤᠯᠵᠤ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠨ᠎ᠠ᠃ ᠲᠠᠷᠢᠶᠠᠨ ᠭᠠᠵᠠᠷ ᠤᠨ ᠣᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠬᠦᠯᠬᠦ ᠪᠠᠷ ᠰᠠᠭᠤᠷᠢ ᠪᠤᠯᠭᠠᠵᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠪᠦᠷᠢᠯᠳᠦᠯ ᠤᠨ ᠲᠤᠭᠲᠠᠴᠠ ᠶᠢ ᠪᠦᠷᠢᠨᠰᠢᠬᠦᠯᠬᠦ ᠪᠠᠷ ᠭᠤᠣᠯᠳᠠᠯᠭ᠎ᠠ ᠪᠤᠯᠭᠠᠨ ᠰᠢᠨ᠎ᠡ ᠶᠢ ᠡᠭᠦᠳᠭᠦ ᠪᠠᠶᠢᠭᠤᠯᠤᠮᠵᠢ ᠲᠤᠭᠲᠠᠴᠠ ᠪᠠᠷ ᠬᠦᠳᠡᠯᠭᠡᠭᠴᠢ ᠬᠦᠴᠦ ᠪᠤᠯᠭᠠᠵᠤ ᠲᠠᠷᠢᠶᠠᠯᠠᠩ ᠤᠨ ᠣᠰᠣᠯᠠᠯᠲᠠ  ᠶᠢᠨ ᠣᠰᠣ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠲᠤᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢᠨ ᠲᠦᠷᠢᠮ ᠢ ᠲᠦᠯᠬᠢᠨ ᠠᠬᠢᠭᠤᠯᠵᠦ ᠣᠰᠤᠨ ᠤ ᠡᠬᠢ ᠪᠠᠶᠠᠯᠢᠭ ᠬᠤᠮᠰᠠᠳᠠᠵᠤ ᠪᠠᠶᠢᠭ᠎ᠠ ᠬᠡᠮᠵᠢᠶ᠎ᠡ ᠶᠢ ᠲᠤᠰᠬᠠᠭᠰᠠᠨ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠬᠠᠩᠰᠢ ᠶᠢᠨ ᠪᠦᠷᠢᠯᠳᠦᠯ ᠤᠨ ᠲᠤᠭᠲᠠᠴᠠ ᠶᠢ ᠲᠦᠷᠭᠡᠳᠬᠡᠨ ᠪᠠᠶᠢᠭᠤᠯᠵᠤ ᠲᠠᠷᠢᠶᠠᠯᠠᠩ ᠳᠤ ᠬᠡᠷᠡᠭᠯᠡᠬᠦ ᠣᠰᠣ ᠶᠢ ᠠᠷᠪᠢᠯᠠᠨ ᠭᠠᠮᠨᠠᠬᠤ ᠤᠷᠮᠠᠰᠢᠭᠤᠯᠬᠤ ᠲᠤᠭᠲᠠᠴᠠ ᠶᠢ ᠲᠡᠭᠦᠯᠳᠡᠷᠵᠢᠬᠦᠯᠦᠨ ᠲᠠᠷᠢᠶᠠᠯᠠᠩ ᠳᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠬᠦᠯᠵᠦ ᠣᠰᠣᠨ ᠡᠬᠢ ᠪᠠᠶᠠᠯᠢᠭ ᠢ ᠠᠷᠪᠢᠯᠠᠨ ᠭᠠᠮᠨᠠᠵᠤ ᠠᠰᠢᠭᠯᠠᠬᠤ ᠶᠢ ᠪᠠᠲᠤᠯᠠᠨ ᠲᠠᠷᠢᠶᠠᠨ ᠭᠠᠵᠠᠷ ᠤᠨ ᠣᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠬᠤ ᠶᠢ ᠠᠬᠢᠭᠤᠯᠤᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠶᠡᠷᠦᠩᠬᠡᠶᠢᠯᠡᠨ ᠬᠡᠷᠡᠭᠵᠢᠬᠦᠯᠬᠦ ᠶᠢ ᠪᠠᠷᠢᠮᠳᠠᠯᠠᠨ᠎ᠠ᠃ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ  ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠪᠤᠯᠤᠨ ᠣᠰᠤᠨ ᠤ ᠡᠷᠭᠡ ᠶᠢᠨ ᠲᠦᠷᠢᠮ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠲᠤᠭᠲᠠᠴᠠ  ᠶᠢᠨ ᠰᠢᠨ᠎ᠡ ᠡᠭᠦᠳᠦᠯᠲᠡ᠂ ᠲᠠᠷᠢᠶᠠᠯᠠᠩ ᠤᠨ ᠬᠦᠭᠵᠢᠯᠲᠡ ᠶᠢᠨ ᠬᠡᠯᠪᠡᠷᠢ ᠶᠢᠨ ᠬᠤᠪᠢᠷᠠᠯᠲᠠ᠂ ᠪᠡᠯᠡ ᠤᠷᠤᠭᠤᠯᠵᠤ ᠪᠡᠯᠡ ᠲᠤᠬᠢᠷᠠᠭᠤᠯᠬᠤ ᠲᠤᠭᠲᠠᠴᠠ ᠶᠢᠨ ᠦᠭᠡᠷᠡᠴᠢᠯᠡᠯᠲᠡ ᠪᠠ ᠣᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠣᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠵᠡᠷᠭᠡ ᠪᠤᠰᠤᠳ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ  ᠶᠢ ᠠᠪᠴᠠᠯᠳᠤᠭᠤᠯᠵᠤ ᠢᠨᠵᠧᠨᠧᠷᠢᠩ ᠢ ᠲᠦᠬᠦᠷᠵᠢᠬᠦᠯᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠦᠨ᠎ᠡ ᠶᠢ ᠲᠤᠬᠢᠷᠠᠭᠤᠯᠬᠤ᠂ ᠮᠡᠷᠭᠡᠵᠢᠯ ᠢ ᠳᠡᠯᠭᠡᠷᠡᠭᠦᠯᠬᠦ᠂ ᠡᠳ᠋ ᠤᠨ ᠵᠠᠰᠠᠭ ᠤᠨ ᠱᠠᠩᠨᠠᠵᠦ ᠨᠦᠬᠦᠪᠤᠷᠢ ᠤᠯᠭᠤᠬᠤ᠂ ᠪᠦᠲᠦᠴᠡ  ᠶᠢ ᠰᠢᠯᠢᠳᠡᠭᠵᠢᠬᠦᠯᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠤᠨ᠎ᠠ᠃      ︵ᠬᠤᠶᠠᠷ︶ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠬᠤ ᠶᠢ ᠪᠠᠷᠢᠮᠳᠠᠯᠠᠨ᠎ᠠ᠃ ᠡᠯ᠎ᠡ ᠰᠤᠮᠤ ᠪᠠᠯᠭᠠᠰᠤᠨ ᠤ ᠣᠰᠣᠨ ᠴᠦᠬᠦᠷᠦᠮ ᠤᠨ ᠣᠰᠣᠯᠠᠯᠲᠠ ᠶᠢᠨ ᠣᠷᠣᠨ᠂ ᠬᠤᠳᠳᠤᠭ ᠢᠶᠠᠷ ᠣᠰᠣᠯᠠᠬᠤ ᠭᠠᠵᠠᠷ ᠤᠨ ᠣᠰᠣᠨ ᠤ ᠡᠬᠢ ᠪᠠᠶᠠᠯᠢᠭ ᠤᠨ ᠨᠦᠬᠦᠴᠡᠯ ᠪᠠᠶᠢᠳᠠᠯ᠂ ᠲᠠᠷᠢᠶᠠᠨ ᠭᠠᠵᠠᠷ ᠤᠨ ᠣᠰᠤᠨ ᠠᠰᠢᠭᠯᠠᠯᠲᠠ ᠶᠢᠨ ᠢᠨᠵᠧᠨᠧᠷᠢᠩ ᠤᠨ ᠣᠳᠣᠬᠢ ᠪᠠᠶᠢᠳᠠᠯ᠂ ᠠᠵᠤ ᠠᠬᠤᠢ ᠶᠢᠨ ᠬᠦᠭᠵᠢᠯᠲᠡ ᠶᠢᠨ ᠪᠠᠶᠢᠳᠠᠯ᠂ ᠲᠠᠷᠢᠮᠠᠯ ᠤᠨ ᠪᠦᠲᠦᠴᠡ ᠪᠠ ᠣᠰᠣᠯᠠᠯᠲᠠ ᠶᠢᠨ ᠨᠦᠬᠦᠴᠡᠯ ᠵᠡᠷᠭᠡ ᠵᠦᠷᠢᠶᠡᠲᠤ ᠴᠢᠨᠠᠷ ᠢ ᠢᠯᠭᠠᠵᠤ ᠭᠠᠵᠠᠷ ᠰᠢᠷᠦᠢ ᠶᠢᠨ ᠡᠷᠬᠢᠯᠲᠡ᠂ ᠲᠠᠷᠢᠶᠠᠯᠠᠩ ᠤᠨ ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠬᠤ ᠲᠠᠢ ᠤᠶᠠᠯᠳᠤᠭᠤᠯᠤᠨ ᠲᠠᠷᠢᠶᠠᠴᠢᠳ ᠤᠨ ᠬᠦᠰᠡᠯ ᠰᠠᠨᠠᠯ ᠢ ᠬᠦᠨᠳᠦᠳᠬᠡᠭᠰᠡᠨ ᠤᠷᠢᠳᠠᠯ ᠲᠤᠤᠷ᠎ᠠ ᠬᠦᠢᠴᠡᠳ ᠪᠠᠶᠢᠴᠠᠭᠠᠨ ᠰᠣᠳᠣᠯᠣᠨ ᠨᠤᠳᠠᠯᠠᠯᠲᠠ ᠬᠢᠵᠦ ᠲᠤᠬᠠᠢ ᠶᠢᠨ ᠭᠠᠵᠠᠷ ᠤᠷᠤᠨ ᠤ ᠪᠤᠳᠠᠳᠤ ᠪᠠᠶᠢᠳᠠᠯ ᠳᠤ ᠨᠡᠶᠢᠴᠡᠭᠰᠡᠨ ᠦᠨᠡᠨ ᠪᠤᠳᠠᠳᠠᠢ ᠶᠠᠪᠤᠭᠳᠠᠭᠤᠯᠵᠤ ᠪᠤᠯᠬᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠦᠭᠡᠷᠡᠴᠢᠯᠡᠯᠲᠡ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃     ︵ᠭᠤᠷᠪᠠ︶ ᠬᠤᠶᠠᠷ ᠲᠠᠯ᠎ᠠ ᠪᠠᠷ ᠴᠢᠩᠭ᠎ᠠ ᠠᠳᠬᠤᠬᠤ ᠶᠢ ᠪᠠᠷᠢᠮᠳᠠᠯᠠᠨ᠎ᠠ᠃ ᠵᠠᠬ᠎ᠠ ᠳᠡᠯᠭᠡᠭᠦᠷ ᠤᠨ ᠦᠢᠯᠡᠳᠦᠯ ᠪᠤᠯᠤᠨ ᠵᠠᠰᠠᠭ ᠤᠨ ᠣᠷᠳᠣᠨ ᠤ ᠦᠢᠯᠡᠳᠦᠯ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ ᠵᠠᠬ᠎ᠠ ᠳᠡᠯᠭᠡᠭᠦᠷ ᠨᠢ ᠣᠰᠣᠨ ᠤ ᠡᠬᠢ ᠪᠠᠶᠠᠯᠢᠭ ᠤᠨ ᠲᠤᠬᠢᠷᠠᠭᠤᠯᠤᠯᠲᠠ ᠳᠤ ᠰᠢᠢᠳᠪᠤᠷᠢᠯᠡᠭᠴᠢ ᠦᠢᠯᠡᠳᠦᠯ ᠦᠵᠡᠬᠦᠯᠵᠦ ᠲᠠᠷᠢᠶᠠᠯᠠᠩ ᠤᠨ ᠣᠰᠣ ᠠᠷᠪᠢᠯᠠᠬᠤ ᠶᠢ ᠠᠬᠢᠭᠤᠯᠬᠤ ᠮᠦᠷᠳᠡᠭᠡᠨ ᠪᠠᠰᠠ ᠵᠠᠰᠠᠭ ᠤᠨ ᠣᠷᠳᠣᠨ ᠤ ᠣᠳᠣᠷᠢᠳᠣᠮᠵᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ ᠲᠠᠷᠢᠶᠠᠯᠠᠩ ᠳᠠᠬᠢ ᠣᠰᠣ ᠬᠡᠷᠡᠭᠯᠡᠬᠦ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ ᠲᠠᠷᠢᠶᠠᠴᠢᠳ ᠤᠨ ᠳᠠᠷᠤᠭᠠᠰᠤ ᠶᠢ ᠶᠡᠷᠦᠩᠬᠡᠢ ᠳᠤᠨᠢ ᠦᠯᠦ ᠨᠡᠮᠡᠭᠳᠡᠬᠦᠯᠬᠦ ᠶᠢ ᠪᠠᠲᠤᠯᠠᠨ᠎ᠠ᠃     ︵ᠲᠦᠷᠪᠡ︶ ᠤᠯᠠᠨ ᠲᠠᠯ᠎ᠠ ᠪᠠᠷ ᠬᠠᠮᠲᠤᠷᠠᠨ ᠬᠦᠳᠡᠯᠦᠯᠴᠡᠬᠦ ᠶᠢ ᠪᠠᠷᠢᠮᠳᠠᠯᠠᠨ᠎ᠠ᠃ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠬᠤᠯᠪᠤᠭᠳᠠᠬᠤ ᠭᠡᠪᠴᠢᠶ᠎ᠡ ᠨᠢ ᠦᠷᠭᠡᠨ ᠪᠠᠶᠢᠵᠤ ᠬᠦᠭᠵᠢᠬᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠣᠰᠣᠨ ᠤ ᠶᠠᠪᠤᠳᠠᠯ᠂ ᠮᠠᠯ ᠲᠠᠷᠢᠶᠠᠯᠠᠩ᠂ ᠤᠯᠤᠰ ᠤᠨ ᠭᠠᠵᠠᠷ ᠰᠢᠷᠤᠢ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠵᠤᠬᠢᠴᠠᠭᠤᠯᠤᠨ ᠬᠠᠮᠵᠢᠯᠴᠠᠵᠦ ᠤᠯᠠᠨ ᠲᠠᠯ᠎ᠠ ᠪᠠᠷ ᠬᠠᠮᠲᠤᠷᠠᠨ ᠬᠦᠳᠡᠯᠦᠯᠴᠡᠵᠤ ᠬᠦᠴᠦ ᠪᠠᠨ ᠬᠠᠮᠲᠤᠳᠬᠠᠨ ᠦᠭᠡᠷᠡᠴᠢᠯᠡᠯᠲᠡ ᠶᠢ ᠠᠬᠢᠭᠤᠯᠤᠨ᠎ᠠ᠃     ︵ᠲᠠᠪᠤ︶ ᠬᠠᠩᠭᠠᠯᠭ᠎ᠠ ᠬᠡᠷᠡᠭᠴᠡᠭᠡ ᠶᠢ ᠨᠢᠭᠡᠳᠦᠯᠲᠡᠢ ᠲᠦᠯᠦᠪᠯᠡᠬᠦ ᠶᠢ ᠪᠠᠷᠢᠮᠳᠠᠯᠠᠨ᠎ᠠ᠃ ᠣᠰᠣ ᠬᠠᠩᠭᠠᠬᠤ ᠬᠠᠮᠢᠶᠠᠷᠤᠯᠲᠠ ᠶᠢ ᠴᠢᠩᠭᠠᠳᠬᠠᠵᠤ ᠣᠰᠣ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ︔ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ ᠲᠠᠷᠢᠶᠠᠯᠠᠩ  ᠳᠤ ᠬᠡᠷᠡᠭᠯᠡᠬᠦ ᠣᠰᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠲᠠᠷᠢᠶᠠᠯᠠᠩ ᠳᠤ  ᠣᠰᠣ ᠬᠡᠷᠡᠭᠯᠡᠬᠦ ᠬᠡᠯᠪᠡᠷᠢ ᠶᠢᠨ ᠬᠤᠪᠢᠷᠠᠯᠲᠠ ᠶᠢ ᠲᠦᠯᠬᠢᠨ ᠠᠬᠢᠭᠤᠯᠤᠨ᠎ᠠ᠃      ᠭᠤᠷᠪᠠ᠂ ᠶᠡᠷᠦᠩᠬᠡᠢ ᠬᠠᠷᠠᠯᠲᠠ      10 ᠵᠢᠯ ᠣᠷᠴᠢᠮ ᠤᠨ ᠴᠠᠭ ᠢ ᠵᠠᠷᠤᠴᠠᠭᠤᠯᠤᠨ ᠲᠠᠷᠢᠶᠠᠯᠠᠩ ᠳᠤ ᠤᠰᠤ ᠬᠠᠩᠭᠠᠬᠤ ᠦᠪᠡᠷ ᠤᠨ ᠦᠷᠳᠡᠭ ᠢ ᠵᠦᠢ ᠵᠤᠬᠢᠰᠲᠠᠢ ᠲᠤᠰᠬᠠᠭᠰᠠᠨ ᠤᠰᠤ ᠠᠷᠪᠢᠯᠠᠬᠤ ᠪᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠶᠢᠭᠤᠯᠤᠮᠵᠢ ᠲᠤᠭᠲᠠᠴᠠ ᠶᠢᠨ ᠰᠢᠨ᠎ᠡ ᠶᠢ ᠡᠭᠦᠳᠬᠦ ᠳᠤ ᠠᠰᠢᠭᠲᠠᠢ᠂ ᠪᠡᠯᠡ ᠤᠷᠤᠭᠤᠯᠤᠯᠲᠠ ᠪᠡᠯᠡ ᠬᠤᠷᠠᠮᠳᠤᠭᠤᠯᠭ᠎ᠠ ᠶᠢᠨ ᠲᠤᠭᠲᠠᠴᠠ ᠲᠠᠢ ᠵᠤᠬᠢᠴᠠᠭᠰᠠᠨ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠪᠦᠷᠢᠯᠳᠦᠭᠰᠡᠨ ᠲᠤᠭᠲᠠᠴᠠ ᠶᠢ ᠪᠦᠲᠦᠭᠡᠨ ᠪᠠᠶᠢᠭᠤᠯᠤᠨ ᠲᠡᠭᠦᠯᠳᠡᠷᠵᠢᠬᠦᠯᠦᠨ᠎ᠡ︔ ᠲᠠᠷᠢᠶᠠᠯᠠᠩ ᠳᠤ ᠬᠡᠷᠡᠭᠯᠡᠬᠦ ᠣᠰᠣᠨ  ᠤ ᠦᠨ᠎ᠡ ᠬᠠᠩᠰᠢ ᠨᠢ ᠶᠡᠷᠤᠩᠬᠡᠢ ᠳᠡᠭᠡᠨ ᠡᠷᠬᠢᠯᠳᠦᠬᠦᠯᠵᠦ ᠠᠷᠠᠴᠢᠯᠠᠨ ᠬᠠᠮᠠᠭᠠᠯᠠᠬᠤ ᠦᠪᠡᠷ ᠤᠨ ᠥᠷᠳᠡᠭ ᠤᠨ ᠬᠢᠷᠢ ᠲᠦᠪᠰᠢᠨ ᠳᠤ ᠬᠦᠷᠭᠡᠵᠦ᠂ ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠤᠭᠳᠠᠭᠠᠨ ᠬᠠᠮᠢᠶᠠᠷᠬᠤ ᠶᠢ ᠨᠡᠶᠢᠲᠡᠮ ᠬᠡᠷᠡᠭᠵᠢᠬᠦᠯᠵᠦ ᠬᠡᠮᠵᠢᠯᠲᠡ ᠶᠢᠨ  ᠲᠦᠬᠦᠭᠡᠷᠤᠮᠵᠢ ᠶᠢ ᠦᠨᠳᠦᠰᠦᠨ  ᠳᠡᠭᠡᠨ ᠢᠵᠢ ᠪᠦᠷᠢᠳᠦᠬᠦᠯᠦᠨ ᠨᠤᠷᠮ᠎ᠠ ᠲᠤᠭᠳᠠᠭᠠᠵᠤ ᠰᠦᠢᠳᠭᠡᠯ ᠬᠤᠷᠢᠶᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ︔ ᠦᠨᠳᠦᠰᠦᠨ ᠱᠠᠲᠤᠨ ᠤ ᠲᠠᠷᠢᠶᠠᠯᠠᠩ ᠳᠤ ᠬᠡᠷᠡᠭᠯᠡᠬᠦ ᠣᠰᠣ ᠶᠢ ᠬᠠᠮᠢᠶᠠᠷᠴᠤ ᠬᠠᠮᠠᠭᠠᠯᠠᠬᠤ ᠪᠡᠶᠡᠴᠢ ᠴᠤᠭᠴᠠ ᠶᠢ ᠲᠤᠳᠤᠷᠬᠠᠶᠢᠯᠠᠨ᠎ᠠ︔ ᠦᠷᠭᠦᠯᠵᠢᠯᠡᠬᠦᠶᠢᠴᠡ ᠲᠠᠷᠢᠶᠠᠯᠠᠩ ᠤᠨ ᠤᠰᠤ ᠬᠡᠷᠡᠭᠯᠡᠬᠦ ᠨᠠᠷᠢᠯᠢᠭ ᠤᠨᠤᠪᠴᠢᠲᠠᠢ ᠨᠦᠬᠦᠪᠦᠷᠢ ᠪᠠ ᠤᠰᠤ ᠠᠷᠪᠢᠯᠠᠬᠤ ᠶᠢ ᠱᠠᠩᠨᠠᠬᠤ ᠲᠤᠭᠲᠠᠴᠠ ᠶᠢ ᠦᠨᠳᠦᠰᠦᠨ ᠳᠡᠭᠡᠨ ᠪᠠᠶᠢᠭᠤᠯᠵᠦ ᠲᠠᠷᠢᠶᠠᠯᠠᠩ ᠤᠨ ᠤᠰᠤ ᠠᠷᠪᠢᠯᠠᠬᠤ ᠲᠡᠷᠢᠬᠦᠨ ᠤ ᠬᠡᠷᠡᠭᠯᠡᠬᠡᠨ ᠤ ᠮᠡᠷᠭᠡᠵᠢᠯ ᠠᠷᠭ᠎ᠠ ᠬᠡᠮᠵᠢᠶ᠎ᠡ ᠶᠢ ᠨᠡᠶᠢᠲᠡᠮ ᠬᠡᠷᠡᠭᠯᠡᠵᠦ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠰᠢᠯᠢᠳᠡᠭᠵᠢᠬᠦᠯᠦᠨ ᠲᠤᠬᠢᠷᠠᠭᠤᠯᠤᠨ᠎ᠠ᠃      ᠲᠦᠷᠪᠡ᠂ ᠦᠭᠡᠷᠡᠴᠢᠯᠡᠯᠲᠡ ᠶᠢᠨ ᠡᠭᠦᠷᠭᠡ ᠪᠠ ᠠᠭᠤᠯᠭ᠎ᠠ      ︵ᠨᠢᠭᠡ︶ ᠲᠠᠷᠢᠶᠠᠨ ᠭᠠᠵᠠᠷ ᠤᠨ ᠤᠰᠤᠯᠠᠯᠲᠠ ᠶᠢᠨ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠬᠦᠯᠦᠨ᠎ᠡ᠃ ᠮᠠᠨ ᠤ ᠬᠤᠰᠢᠭᠤ ᠲᠠᠷᠢᠶᠠᠨ ᠭᠠᠵᠠᠷ ᠤᠨ ᠣᠰᠣᠨ ᠠᠰᠢᠭᠯᠠᠯᠲᠠ ᠶᠢᠨ ᠲᠦᠯᠦᠪᠵᠢᠬᠦᠯᠬᠡ ᠪᠠᠷ ᠦᠨᠳᠦᠰᠦᠯᠡᠯ ᠪᠤᠯᠭᠠᠨ ᠠᠳᠠᠯᠢ ᠪᠤᠰᠤ ᠭᠠᠵᠠᠷ ᠤᠷᠤᠨ ᠳᠤ ᠬᠠᠨᠳᠤᠭᠤᠯᠵᠤ ᠡᠯ᠎ᠡ ᠲᠦᠷᠦᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠲᠦᠬᠦᠭᠡᠷᠦᠮᠵᠢ ᠶᠢᠨ ᠲᠤᠲᠠᠭᠳᠠᠯ ᠢ ᠨᠦᠬᠦᠪᠦᠷᠢᠯᠡᠨ ᠤᠯᠠᠨ ᠲᠠᠯ᠎ᠠ ᠪᠠᠷ ᠪᠡᠯᠡ ᠮᠥᠩᠬᠦ ᠴᠤᠭᠯᠠᠭᠤᠯᠵᠦ ᠲᠠᠷᠢᠶᠠᠯᠠᠩ᠂ ᠮᠠᠯ ᠠᠵᠤ ᠠᠬᠤᠢ᠂ ᠤᠰᠣᠨ ᠳᠤ ᠬᠤᠯᠪᠤᠭᠳᠠᠬᠤ ᠲᠦᠷᠦᠯ ᠵᠦᠢᠯ ᠤᠨ ᠪᠡᠯᠡ ᠮᠦᠩᠬᠦ  ᠶᠢ ᠴᠤᠮᠬᠤᠳᠬᠠᠬᠤ ᠶᠢ ᠴᠢᠩᠭᠠᠳᠬᠠᠵᠤ ᠤᠰᠤᠯᠠᠯᠲᠠ ᠶᠢᠨ ᠤᠷᠤᠨ ᠤ  ᠭᠤᠤᠯᠯᠠᠭᠴᠢ ᠢᠨᠵᠧᠨᠧᠷᠢᠩ ᠪᠠ ᠦᠵᠦᠭᠦᠷ ᠰᠣᠪᠠᠭ ᠤᠨ ᠰᠢᠰᠲ᠋ᠧᠮ ᠤᠨ ᠢᠵᠢ ᠪᠦᠷᠢᠳᠦᠬᠦᠯᠦᠨ ᠦᠭᠡᠷᠡᠴᠢᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠲᠠᠷᠢᠶᠠᠯᠠᠩ ᠳᠤ ᠬᠡᠷᠡᠭᠯᠡᠬᠦ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠳᠤ ᠲᠤᠨᠤᠭ ᠲᠦᠭᠦᠬᠡᠷᠤᠮᠵᠢ ᠶᠢᠨ ᠳᠡᠮᠵᠢᠯᠬᠡ ᠬᠠᠩᠭᠠᠨ᠎ᠠ᠃ ᠪᠦᠬᠦ ᠬᠤᠰᠢᠭᠤᠨ ᠤ ᠣᠰᠣᠨ ᠴᠦᠬᠦᠷᠦᠮ ᠤᠨ ᠣᠰᠣᠯᠠᠯᠲᠠ ᠶᠢᠨ ᠣᠷᠣᠨ᠂ ᠣᠰᠣᠯᠠᠬᠤ ᠪᠠ ᠣᠰᠣ ᠵᠠᠯᠠᠬᠤ ᠢᠨᠵᠧᠨᠧᠷᠢᠩ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭᠠᠲᠠᠢ ᠲᠡᠭᠦᠯᠳᠡᠷᠵᠢᠬᠦᠯᠵᠦ᠂ ᠬᠤᠳᠳᠤᠭ ᠢᠶᠠᠷ ᠣᠰᠣᠯᠠᠬᠤ ᠤᠷᠤᠨ ᠤᠨᠴᠠᠭᠠᠶᠢᠯᠠᠨ ᠭᠠᠵᠠᠷ ᠲᠤᠤᠷᠠᠬᠢ ᠤᠰᠤ ᠶᠢ ᠬᠡᠲᠤᠷᠡᠲᠡᠯ᠎ᠡ ᠲᠠᠳᠠᠵᠦ ᠠᠪᠤᠭᠰᠠᠨ ᠤᠷᠤᠨ ᠳᠤ ᠮᠠᠰᠢᠨ ᠬᠤᠳᠳᠤᠭ ᠤᠨ ᠪᠠᠶᠢᠷᠢᠰᠢᠯ ᠪᠠ ᠮᠠᠰᠢᠨ ᠬᠤᠳᠳᠤᠭ ᠤᠨ ᠢᠵᠢ ᠪᠦᠷᠢᠳᠦᠬᠦᠯᠬᠦ ᠪᠦᠲᠦᠭᠡᠨ ᠪᠠᠶᠢᠭᠤᠯᠤᠯᠲᠠ ᠶᠢ ᠲᠤᠪᠤᠶᠢᠯᠭᠠᠨ ᠰᠢᠯᠢᠳᠡᠭᠵᠢᠬᠦᠯᠵᠤ᠂ ᠰᠦᠷᠴᠢᠨ ᠤᠰᠤᠯᠠᠬᠤ ᠵᠡᠷᠭᠡ ᠤᠳᠣᠬᠢᠴᠢᠯᠠᠭᠰᠠᠨ ᠦᠨᠳᠦᠷ ᠦᠷ᠎ᠡ ᠪᠦᠲᠦᠮᠵᠢᠲᠡᠢ ᠨᠠᠷᠢᠯᠢᠭ ᠣᠨᠣᠪᠴᠢᠲᠠᠢ ᠣᠰᠣᠯᠠᠯᠲᠠ ᠶᠢ ᠭᠤᠤᠯᠳᠠᠯᠭᠠᠲᠠᠢ ᠬᠦᠭᠵᠢᠬᠦᠯᠦᠨ᠎ᠡ᠃      ︵ᠬᠤᠶᠠᠷ︶ ᠤᠰᠤ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢ ᠢᠵᠢ ᠪᠦᠷᠢᠳᠦᠬᠦᠯᠦᠨ᠎ᠡ᠃ ᠤᠰᠤ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠪᠤᠯ ᠲᠠᠷᠢᠶᠠᠯᠠᠩ ᠳᠤ ᠬᠡᠷᠡᠭᠯᠡᠬᠦ ᠣᠰᠣ ᠳᠠᠳᠠᠵᠤ ᠠᠪᠬᠤ ᠬᠠᠮᠢᠶᠠᠷᠤᠯᠲᠠ  ᠶᠢᠨ ᠰᠠᠭᠤᠷᠢ ᠲᠦᠭᠦᠭᠡᠷᠤᠮᠵᠢ ᠮᠦᠨᠴᠦ ᠲᠠᠷᠢᠶᠠᠯᠠᠩ ᠤᠨ ᠣᠰᠣᠨ ᠤ ᠰᠦᠢᠳᠬᠡᠯ ᠢ ᠲᠤᠭᠠᠴᠠᠵᠦ ᠬᠤᠷᠢᠶᠠᠬᠤ ᠤᠷᠢᠳᠠᠯ ᠨᠦᠬᠦᠴᠡᠯ ᠪᠤᠯᠤᠨ᠎ᠠ᠃ ᠤᠰᠤ ᠬᠠᠩᠭᠠᠬᠤ ᠬᠡᠮᠵᠢᠯᠲᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠢ ᠲᠦᠷᠭᠡᠳᠬᠡᠵᠦ ᠰᠢᠨ᠎ᠡ ᠪᠠᠶᠢᠭᠤᠯᠤᠭᠰᠠᠨ  ᠥᠭᠡᠷᠡᠴᠢᠯᠡᠵᠦ ᠥᠷᠭᠡᠳᠬᠡᠵᠦ ᠪᠠᠶᠢᠭᠤᠯᠤᠭᠰᠠᠨ ᠤᠰᠤᠯᠠᠯᠲᠠ ᠶᠢᠨ ᠣᠷᠣᠨ  ᠤ ᠢᠨᠵᠧᠨᠧᠷᠢᠩ ᠳᠤ ᠬᠡᠮᠵᠢᠯᠲᠡ ᠶᠢᠨ ᠲᠦᠬᠦᠭᠡᠷᠤᠮᠵᠢ ᠶᠢ ᠵᠡᠷᠭᠡᠪᠡᠷ ᠪᠦᠲᠦᠭᠡᠨ ᠪᠠᠶᠢᠭᠤᠯᠬᠤ ᠬᠡᠷᠡᠭᠲᠡᠢ︔ ᠬᠡᠮᠵᠢᠯᠲᠡ  ᠶᠢᠨ ᠲᠦᠬᠦᠭᠡᠷᠤᠮᠵᠢ ᠶᠢ ᠬᠠᠷᠠᠬᠠᠨ ᠲᠤᠬᠢᠷᠠᠭᠤᠯᠤᠭ᠎ᠠ ᠦᠭᠡᠢ ᠣᠰᠣᠯᠠᠯᠲᠠ ᠶᠢᠨ ᠣᠷᠣᠨ ᠳᠤ ᠥᠭᠡᠷᠡᠴᠢᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠢᠵᠢ ᠪᠦᠷᠢᠳᠦᠬᠦᠯᠬᠦ ᠶᠢ ᠪᠤᠳᠠᠳᠠᠶᠢᠵᠢᠭᠤᠯᠤᠨ᠎ᠠ᠃ ᠬᠦᠨᠳᠦ ᠨᠤᠴᠢᠲᠠᠢ ᠪᠠᠷ ᠤᠰᠤ ᠲᠤᠲᠠᠭᠳᠠᠵᠤ ᠪᠠᠶᠢᠭ᠎ᠠ ᠭᠠᠵᠠᠷ ᠤᠷᠤᠨ ᠪᠠ ᠭᠠᠵᠠᠷ ᠲᠤᠤᠷᠠᠬᠢ ᠤᠰᠤ ᠶᠢ ᠬᠡᠲᠤᠷᠡᠲᠡᠯ᠎ᠡ ᠲᠠᠲᠠᠵᠦ ᠠᠪᠤᠭᠰᠠᠨ ᠭᠠᠵᠠᠷ ᠤᠷᠤᠨ ᠬᠤᠭᠤᠴᠠᠭ᠎ᠠ ᠬᠢᠵᠠᠭᠠᠷᠯᠠᠨ ᠢᠵᠢ ᠪᠦᠷᠢᠳᠦᠬᠦᠯᠦᠨ  ᠲᠡᠭᠦᠯᠳᠡᠷᠵᠢᠬᠦᠯᠬᠦ ᠬᠡᠷᠡᠭᠲᠡᠢ᠃ ᠣᠰᠣ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢ ᠢᠵᠢ ᠪᠦᠷᠢᠳᠦᠬᠦᠯᠬᠦ ᠳᠤ ᠲᠡᠷᠢᠬᠦᠨ ᠤ ᠬᠡᠷᠡᠭᠴᠡᠭᠡᠲᠡᠢ᠂ ᠬᠡᠮᠵᠢᠯᠲᠡ  ᠨᠢ ᠵᠦᠪ ᠤᠨᠤᠪᠴᠢᠲᠠᠢ᠂ ᠬᠡᠷᠡᠭᠯᠡᠬᠦ ᠳᠤ ᠲᠦᠬᠦᠮ᠂ ᠲᠤᠤᠷ᠎ᠠ ᠦᠷᠳᠡᠭ᠂ ᠦᠨᠳᠦᠷ ᠠᠰᠢᠭ ᠲᠠᠢ ᠵᠠᠷᠴᠢᠮ ᠢ ᠪᠠᠷᠢᠮᠳᠠᠯᠠᠵᠦ᠂ ᠤᠯᠠᠨ ᠲᠦᠮᠡᠨ ᠤ ᠬᠦᠯᠢᠶᠠᠨ ᠠᠪᠴᠤ ᠬᠡᠷᠡᠭᠯᠡᠬᠦ ᠳᠤ ᠲᠦᠬᠦᠮ ᠪᠠᠶᠢᠯᠭᠠᠨ᠎ᠠ᠃ ᠨᠦᠬᠦᠴᠡᠯ ᠲᠠᠢ ᠭᠠᠵᠠᠷ ᠤᠷᠤᠨ ᠣᠰᠣ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠷᠢᠶᠠᠯᠠᠩ  ᠤᠨ ᠣᠰᠣᠯᠠᠯᠲᠠ ᠶᠢᠨ ᠤᠰᠣ ᠬᠡᠷᠡᠭᠯᠡᠬᠦ ᠮᠡᠳᠡᠭᠡ ᠵᠠᠩᠬᠢ ᠶᠢᠨ ᠬᠠᠮᠢᠶᠠᠷᠤᠯᠲᠠ ᠶᠢᠨ ᠰᠢᠰᠲ᠋ᠧᠮ ᠲᠠᠢ ᠵᠡᠷᠭᠡ ᠳᠤᠨᠢ ᠪᠦᠲᠦᠭᠡᠨ ᠪᠠᠶᠢᠭᠤᠯᠤᠨ ᠬᠡᠷᠡᠭᠵᠢᠬᠦᠯᠵᠦ ᠲᠠᠷᠢᠶᠠᠯᠠᠩ ᠤᠨ ᠤᠰᠤᠯᠠᠯᠲᠠ ᠶᠢᠨ ᠣᠰᠣ ᠬᠡᠷᠡᠭᠯᠡᠬᠦ ᠬᠠᠮᠢᠶᠠᠷᠣᠯᠲᠠ ᠶᠢᠨ ᠮᠡᠳᠡᠭᠡ ᠵᠠᠩᠬᠢᠴᠢᠯᠠᠯᠲᠠ ᠶᠢ ᠪᠡᠶᠡᠯᠡᠬᠦᠯᠦᠨ᠎ᠡ᠃       ᠳᠤᠮᠳᠠ ᠪᠠᠭ᠎ᠠ ᠬᠡᠯᠪᠡᠷᠢ ᠶᠢᠨ ᠤᠰᠤᠯᠠᠯᠲᠠ ᠶᠢᠨ ᠣᠷᠣᠨ ᠭᠤᠤᠯᠯᠠᠭᠴᠢ ᠪᠠᠷᠢᠯᠭ᠎ᠠ ᠪᠠ ᠦᠵᠦᠭᠦᠷ ᠰᠣᠪᠠᠭ  ᠤᠨ ᠰᠢᠰᠲ᠋ᠧᠮ ᠢ ᠵᠠᠭᠠᠭ ᠬᠤᠪᠢᠶᠠᠵᠦ ᠦᠮᠴᠢᠯᠡᠵᠦ ᠪᠠᠶᠢᠬᠤ ᠴᠡᠭ ᠲᠤ ᠣᠰᠣ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢ ᠡᠷᠬᠡᠪᠰᠢ ᠲᠤᠬᠢᠷᠠᠭᠤᠯᠵᠦ ᠲᠤᠬᠢᠭᠤᠷ ᠬᠡᠮᠵᠢᠯᠲᠡ ᠪᠠᠷ ᠬᠡᠮᠵᠢᠵᠦ ᠣᠰᠣ ᠬᠠᠩᠭᠠᠬᠤ ᠶᠢ ᠪᠡᠶᠡᠯᠡᠭᠦᠯᠦᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠬᠠᠷᠢᠭᠤᠴᠠᠨ ᠬᠠᠮᠢᠶᠠᠷᠴᠤ᠂ ᠬᠠᠩᠭᠠᠬᠤ ᠪᠠ ᠬᠡᠷᠡᠭᠯᠡᠬᠦ ᠬᠤᠶᠠᠷ ᠲᠠᠯ᠎ᠠ ᠪᠠᠷ ᠢᠶᠠᠨ ᠬᠠᠮᠲᠤᠪᠡᠷ ᠬᠡᠮᠵᠢᠵᠦ ᠬᠠᠷᠢᠯᠴᠠᠨ ᠬᠢᠨᠠᠯᠲᠠ ᠲᠠᠯᠪᠢᠬᠤ ᠠᠷᠭ᠎ᠠ ᠶᠢ ᠬᠡᠷᠡᠭᠯᠡᠵᠦ ᠵᠦᠪ ᠤᠨᠤᠪᠴᠢᠲᠠᠢ ᠬᠡᠮᠵᠢᠯᠲᠡ ᠬᠢᠨ᠎ᠡ︔ ᠦᠵᠦᠭᠦᠷ ᠰᠣᠪᠠᠭ ᠤᠨ ᠰᠢᠰᠲ᠋ᠧᠮ᠂ ᠪᠠᠭ᠎ᠠ ᠬᠡᠯᠪᠡᠷᠢ ᠶᠢᠨ ᠤᠰᠤᠯᠠᠯᠲᠠ ᠶᠢᠨ ᠣᠷᠣᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠡᠮᠵᠢᠯᠲᠡ ᠶᠢᠨ ᠨᠢᠭᠡᠴᠢ ᠪᠠᠨ ᠨᠠᠷᠢᠯᠢᠭᠵᠢᠭᠤᠯᠵᠦ᠂ ᠬᠡᠮᠵᠢᠯᠲᠡ ᠶᠢᠨ ᠲᠦᠬᠦᠭᠡᠷᠤᠮᠵᠢ ᠪᠠᠨ ᠵᠦᠢ ᠵᠤᠬᠢᠰᠲᠠᠢ ᠲᠤᠬᠢᠷᠠᠭᠤᠯᠤᠨ᠂ ᠲᠠᠷᠢᠶᠠᠴᠢᠳ ᠤᠨ ᠣᠰᠣ ᠬᠡᠷᠡᠭᠯᠡᠬᠦ ᠬᠤᠷᠰᠢᠶ᠎ᠠ ᠶᠢᠨ ᠵᠤᠬᠢᠶᠠᠨ ᠪᠠᠶᠢᠭᠤᠯᠤᠯᠲᠠ ᠵᠡᠷᠭᠡ ᠬᠠᠮᠢᠶᠠᠷᠤᠯᠲᠠ ᠶᠢᠨ ᠭᠤᠤᠯ ᠴᠤᠭᠴᠠ ᠠᠴᠠ ᠬᠠᠷᠢᠭᠤᠴᠠᠨ ᠬᠠᠮᠢᠶᠠᠷᠴᠤ᠂ ᠤᠰᠤ ᠬᠡᠷᠡᠭᠯᠡᠬᠦ ᠪᠠᠶᠢᠭᠤᠯᠭ᠎ᠠ ᠨᠢᠭᠡᠴᠢ ᠡᠰᠡᠭᠦᠯ᠎ᠡ ᠬᠤᠪᠢ ᠬᠦᠮᠦᠨ ᠲᠠᠢ ᠬᠠᠩᠭᠠᠬᠤ ᠪᠠ ᠬᠡᠷᠡᠭᠯᠡᠬᠦ ᠬᠤᠶᠠᠷ ᠲᠠᠯ᠎ᠠ ᠪᠠᠷ ᠢᠶᠠᠨ ᠬᠠᠮᠲᠤᠪᠡᠷ ᠬᠡᠮᠵᠢᠵᠦ ᠬᠠᠷᠢᠯᠴᠠᠨ ᠬᠢᠨᠠᠯᠲᠠ ᠲᠠᠯᠪᠢᠬᠤ ᠠᠷᠭ᠎ᠠ ᠶᠢ ᠬᠡᠷᠡᠭᠯᠡᠵᠦ ᠵᠦᠪ ᠤᠨᠤᠪᠴᠢᠲᠠᠢ ᠬᠡᠮᠵᠢᠯᠲᠡ ᠬᠢᠨ᠎ᠡ᠃ ᠤᠰᠤ ᠲᠠᠲᠠᠬᠤ ᠤᠰᠤᠯᠠᠯᠲᠠ ᠶᠢᠨ ᠤᠷᠤᠨ ᠤ ᠣᠰᠣᠨ ᠬᠦᠭᠡᠷᠭᠡ ᠶᠢᠨ ᠦᠷᠳᠡᠭᠡᠨ ᠤ ᠭᠠᠷᠬᠤ ᠠᠮᠠᠰᠠᠷ ᠬᠦᠷᠳᠡᠯ᠎ᠡ ᠬᠡᠮᠵᠢᠵᠦ᠂ ᠭᠠᠵᠠᠷ ᠲᠤᠤᠷᠠᠬᠢ ᠤᠰᠤ ᠪᠠᠷ ᠤᠰᠤᠯᠠᠬᠤ ᠬᠤᠳᠳᠤᠭ ᠲᠠᠢ ᠤᠰᠤᠯᠠᠯᠲᠠ ᠶᠢᠨ ᠤᠷᠤᠨ ︽ᠴᠠᠬᠢᠯᠭᠠᠨ ᠢᠶᠠᠷ ᠣᠰᠣᠨ ᠤ ᠬᠡᠮᠵᠢᠶ᠎ᠡ ᠶᠢ ᠲᠤᠭᠲᠠᠭᠠᠵᠦ᠂ ᠤᠰᠤ ᠴᠠᠬᠢᠯᠭᠠᠨ ᠬᠤᠤᠰ  ᠡᠵᠡᠮᠳᠡᠭᠦᠷ ᠢ ᠬᠡᠷᠡᠭᠯᠡᠬᠦ︾ ᠵᠡᠷᠭᠡ ᠬᠡᠮᠵᠢᠯᠲᠡ ᠶᠢᠨ ᠠᠷᠭ᠎ᠠ ᠬᠡᠯᠪᠡᠷᠢ ᠢ ᠬᠡᠷᠡᠭᠵᠢᠬᠦᠯᠵᠤ ︽ᠨᠢᠭᠡ ᠬᠤᠳᠳᠤᠭ ︵ᠬᠦᠭᠡᠷᠭᠡ︶ ᠨᠢᠭᠡ ᠬᠡᠮᠵᠢᠬᠦᠷ᠂ ᠨᠢᠭᠡ ᠡᠷᠦᠭᠡ ᠨᠢᠭᠡ ᠺᠠᠷᠲ︾ ᠤᠨ ᠬᠡᠮᠵᠢᠯᠲᠡ ᠶᠢᠨ ᠬᠡᠪ ᠵᠠᠭᠪᠤᠷ ᠢ ᠠᠯᠬᠤᠮ ᠠᠯᠬᠤᠮ ᠢᠶᠠᠷ ᠬᠡᠷᠡᠭᠵᠢᠬᠦᠯᠦᠨ᠎ᠠ᠃       ︵ᠭᠤᠷᠪᠠ︶ ᠣᠰᠣ ᠠᠷᠪᠢᠯᠠᠬᠤ ᠮᠡᠷᠭᠡᠵᠢᠯ ᠤᠨ ᠠᠷᠭ᠎ᠠ ᠪᠠᠷᠢᠯ ᠢ ᠳᠡᠯᠭᠡᠷᠡᠭᠦᠯᠦᠨ᠎ᠡ᠃ ᠡᠯ᠎ᠡ ᠰᠤᠮᠤ ᠪᠠᠯᠭᠠᠰᠤ ᠠᠮᠤ ᠪᠤᠳᠠᠭᠠᠨ ᠤ ᠤᠨᠠᠯᠲᠠ ᠪᠤᠯᠤᠨ ᠦᠢᠯᠡᠳᠪᠤᠷᠢᠯᠡᠬᠦ ᠴᠢᠳᠠᠪᠤᠷᠢ ᠶᠢ ᠲᠤᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ ᠤᠷᠤᠨ ᠪᠦᠰᠡ ᠶᠢᠨ ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠪᠠᠷ ᠤᠷᠢᠳᠠᠯ ᠪᠤᠯᠭᠠᠨ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ ᠲᠠᠷᠢᠮᠠᠯ ᠤᠨ ᠪᠦᠲᠦᠴᠡ ᠪᠠᠨ ᠰᠢᠯᠢᠳᠡᠭᠵᠢᠬᠦᠯᠵᠦ᠂ ᠲᠠᠷᠢᠮᠠᠯ ᠤᠨ ᠤᠷᠭᠤᠯᠲᠠ ᠶᠢᠨ ᠱᠠᠲᠤ ᠪᠤᠯᠤᠨ ᠪᠠᠶᠢᠭᠠᠯᠢ ᠶᠢᠨ ᠬᠤᠷ᠎ᠠ ᠲᠤᠨᠳᠠᠰᠣ ᠬᠠᠷᠢᠯᠴᠠᠨ ᠵᠤᠬᠢᠴᠠᠯᠳᠤᠭᠰᠠᠨ ᠲᠠᠷᠢᠶᠠᠯᠠᠩ ᠤᠨ ᠲᠠᠷᠢᠮᠠᠯ ᠤᠨ ᠪᠦᠲᠦᠴᠡ ᠪᠠ ᠲᠠᠷᠢᠮᠠᠯ ᠤᠨ ᠲᠦᠷᠢᠮ ᠢ ᠪᠠᠶᠢᠭᠤᠯᠤᠨ᠎ᠠ᠃ ᠦᠵᠦᠭᠦᠷ ᠰᠤᠪᠠᠭ ᠰᠢᠰᠲ᠋ᠧᠮ ᠤᠨ ᠤᠰᠤ ᠠᠷᠪᠢᠯᠠᠬᠤ ᠦᠭᠡᠷᠡᠴᠢᠯᠡᠯᠲᠡ᠂ ᠣᠰᠣ ᠠᠷᠪᠢᠯᠠᠬᠤ ᠤᠰᠤᠯᠠᠯᠲᠠ ᠶᠢᠨ ᠢᠵᠢ ᠪᠦᠷᠢᠳᠦᠬᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠪᠦᠲᠦᠴᠡ ᠶᠢᠨ ᠲᠤᠬᠢᠷᠠᠭᠤᠯᠤᠯᠲᠠ ᠳᠤ ᠲᠦᠰᠢᠭᠯᠡᠨ ᠰᠦᠷᠴᠢᠬᠦᠷ ᠣᠰᠣᠯᠠᠯᠲᠠ᠂ ᠰᠡᠪᠡᠷᠡᠬᠦᠨ ᠣᠰᠣᠯᠠᠯᠲᠠ᠂ ᠲᠤᠰᠤᠯᠠᠭᠤᠷ ᠣᠰᠣᠯᠠᠯᠲᠠ ᠵᠡᠷᠭᠡ ᠦᠨᠳᠦᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢᠴᠢ ᠣᠰᠣ ᠪᠤᠷᠳᠤᠭᠤᠷ ᠤᠨ ᠴᠤᠭᠴᠠᠵᠢᠭᠤᠯᠤᠭᠰᠠᠨ ᠮᠡᠷᠭᠡᠵᠢᠯ ᠢ ᠶᠡᠭᠡ ᠬᠦᠴᠦᠨ ᠢᠶᠠᠷ ᠲᠦᠯᠬᠢᠨ ᠠᠬᠢᠭᠤᠯᠵᠤ ᠲᠠᠷᠢᠶᠠᠨ ᠭᠠᠵᠠᠷ ᠤᠨ ᠣᠰᠣᠯᠠᠯᠲᠠ ᠶᠢᠨ ᠬᠡᠷᠡᠭᠯᠡᠬᠦ ᠤᠰᠤᠨ ᠤ ᠠᠰᠢᠭᠯᠠᠮᠵᠢ ᠶᠢ ᠳᠡᠭᠡᠭᠰᠢᠯᠡᠬᠦᠯᠦᠨ ᠲᠠᠷᠢᠶᠠᠯᠠᠩ ᠤᠨ ᠤᠰᠤ ᠬᠡᠷᠡᠭᠯᠡᠬᠦ ᠨᠠᠷᠢᠯᠢᠭᠵᠢᠭᠤᠯᠤᠭᠰᠠᠨ ᠬᠦᠭᠵᠢᠯᠲᠡ ᠶᠢ ᠪᠡᠶᠡᠯᠡᠬᠦᠯᠦᠨ᠎ᠡ᠃ ᠲᠠᠷᠢᠶᠠᠯᠠᠩ ᠤᠨ ᠮᠠᠰᠢᠨ᠂ ᠲᠠᠷᠢᠶᠠᠯᠠᠬᠤ ᠮᠡᠷᠭᠡᠵᠢᠯ ᠬᠠᠷᠢᠯᠴᠠᠨ ᠣᠶᠠᠯᠳᠤᠭᠰᠠᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠪᠦᠷᠬᠦᠪᠴᠢ ᠪᠠᠷ ᠴᠢᠬᠢᠭ ᠢ ᠬᠠᠮᠠᠭᠠᠯᠠᠬᠤ ᠵᠡᠷᠭᠡ ᠠᠷᠭ᠎ᠠ ᠠᠪᠴᠠᠯ ᠢ ᠢᠳᠡᠪᠬᠢᠲᠡᠢ ᠲᠦᠯᠬᠢᠨ ᠠᠬᠢᠭᠤᠯᠵᠤ ᠪᠠᠶᠢᠭᠠᠯᠢ ᠶᠢᠨ ᠬᠤᠷ᠎ᠠ ᠲᠤᠨᠳᠠᠰᠤ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠣᠰᠤ ᠠᠷᠪᠢᠯᠠᠬᠤ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠬᠦᠯᠬᠦ ᠪᠠ ᠮᠡᠷᠭᠡᠵᠢᠯ ᠤᠨ ᠪᠤᠯᠪᠠᠰᠤᠷᠠᠯ ᠢ ᠦᠷᠨᠢᠬᠦᠯᠵᠦ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃       ︵ᠲᠦᠷᠪᠡ︶ ᠲᠠᠷᠢᠶᠠᠯᠠᠩ ᠤᠨ ᠤᠰᠤ ᠬᠠᠩᠭᠠᠬᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠬᠦᠯᠦᠨ᠎ᠡ᠃ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠲᠡᠭᠦᠯᠳᠡᠷᠵᠢᠬᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠤᠨ᠎ᠠ᠃ ᠡᠳ᠋ ᠤᠨ ᠵᠠᠰᠠᠭ ᠠᠴᠠ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠤᠩᠬᠡᠶᠢᠯᠡᠭᠰᠡᠨ ᠦᠭᠡᠷᠡᠴᠢᠯᠡᠯᠲᠡ ᠶᠢ ᠳᠡᠮᠵᠢᠬᠦ ᠬᠦᠴᠦᠯᠡᠴᠡ ᠶᠢ ᠶᠡᠬᠡᠳᠬᠡᠵᠦ ᠲᠦᠷᠦᠯ ᠵᠦᠢᠯ  ᠤᠨ ᠪᠡᠯᠡ ᠮᠦᠩᠬᠦ ᠶᠢ ᠴᠤᠮᠬᠤᠳᠬᠠᠬᠤ ᠶᠢ ᠴᠢᠩᠭᠠᠳᠬᠠᠨ ᠲᠠᠷᠢᠶᠠᠯᠠᠩ ᠤᠨ ᠣᠰᠣᠨ ᠠᠰᠢᠭᠯᠠᠯᠲᠠ ᠶᠢᠨ ᠪᠡᠯᠡ ᠮᠦᠩᠬᠦ ᠶᠢᠨ ᠡᠳ᠋ ᠤᠨ ᠵᠠᠰᠠᠭ ᠤᠨ ᠤᠷᠤᠭᠤᠯᠤᠯᠲᠠ ᠶᠢᠨ ᠲᠤᠭᠲᠠᠴᠠ ᠶᠢ ᠪᠠᠶᠢᠭᠤᠯᠵᠦ ᠭᠤᠤᠯᠳᠠᠯᠭ᠎ᠠ ᠪᠠᠨ ᠦᠭᠡᠷᠡᠴᠢᠯᠡᠯᠲᠡ ᠶᠢᠨ ᠢᠳᠡᠪᠬᠢᠵᠢᠯ ᠦᠨᠳᠦᠷ᠂ ᠠᠵᠢᠯ ᠤᠨ ᠦᠷ᠎ᠡ ᠪᠦᠲᠦᠮᠵᠢ ᠲᠠᠢ ᠤᠰᠤᠯᠠᠯᠲᠠ ᠶᠢᠨ ᠤᠷᠤᠨ ᠳᠡᠰᠢ ᠬᠡᠯᠪᠡᠶᠢᠯᠭᠡᠨ᠎ᠡ᠃ ᠰᠡᠯᠪᠢᠵᠦ ᠬᠠᠮᠠᠭᠠᠯᠠᠬᠤ ᠪᠡᠯᠡ ᠮᠦᠩᠬᠦ ᠴᠤᠭᠯᠠᠭᠤᠯᠬᠤ ᠶᠢ ᠴᠢᠩᠭᠠᠳᠬᠠᠵᠤ ᠢᠨᠵᠧᠨᠧᠷᠢᠩ  ᠤᠨ ᠰᠡᠯᠪᠢᠯᠲᠡ ᠬᠠᠮᠠᠭᠠᠯᠠᠯᠲᠠ ᠶᠢ ᠰᠠᠶᠢᠲᠤᠷ ᠬᠢᠵᠦ ᠢᠨᠵᠧᠨᠧᠷᠢᠩ ᠤᠨ ᠰᠠᠶᠢᠨ ᠠᠵᠢᠯᠯᠠᠬᠤ ᠶᠢ ᠪᠠᠲᠤᠯᠠᠨ᠎ᠠ᠃ ᠤᠰᠤ ᠬᠠᠩᠭᠠᠬᠤ ᠲᠦᠯᠦᠪᠯᠡᠭᠡ ᠬᠠᠮᠢᠶᠠᠷᠤᠯᠲᠠ ᠪᠠ ᠲᠤᠬᠢᠷᠠᠭᠤᠯᠤᠯᠲᠠ ᠶᠢ ᠴᠢᠩᠭᠠᠳᠬᠠᠨ ᠣᠰᠣ ᠬᠠᠩᠭᠠᠬᠤ ᠬᠠᠮᠢᠶᠠᠷᠤᠯᠲᠠ  ᠶᠢᠨ ᠮᠡᠳᠡᠭᠡ ᠵᠠᠩᠬᠢᠴᠢᠯᠠᠯᠲᠠ ᠠᠥ᠋ᠲ᠋ᠤᠴᠢᠯᠠᠯᠲᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠣᠯᠲᠠ ᠶᠢᠨ ᠪᠠᠶᠢᠭᠤᠯᠭ᠎ᠠ ᠨᠢᠭᠡᠴᠢ ᠶᠢᠨ ᠠᠵᠢᠯᠯᠠᠭᠠᠨ ᠤ ᠦᠷ᠎ᠡ ᠠᠰᠢᠭ ᠪᠠ ᠣᠰᠣ ᠬᠠᠩᠭᠠᠬᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠬᠦᠯᠦᠨ ᠤᠰᠤᠯᠠᠯᠲᠠ ᠶᠢᠨ ᠣᠰᠣ ᠬᠡᠷᠡᠭᠯᠡᠬᠦ ᠵᠦᠢ ᠵᠤᠬᠢᠰᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠮᠠᠨ ᠤ ᠬᠤᠰᠢᠭᠤ ᠤᠰᠤᠨ ᠠᠰᠢᠭᠯᠠᠯᠲᠠ ᠶᠢᠨ ᠢᠨᠵᠧᠨᠧᠷᠢᠩ  ᠤᠨ ᠬᠠᠮᠢᠶᠠᠷᠣᠯᠲᠠ ᠶᠢᠨ ᠪᠠᠶᠢᠭᠤᠯᠭ᠎ᠠ ᠨᠢᠭᠡᠴᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠬᠦᠴᠦᠯᠡᠴᠡ ᠪᠠᠨ ᠶᠡᠬᠡᠳᠬᠡᠵᠦ ᠵᠦᠢ ᠵᠤᠬᠢᠰᠲᠠᠢ ᠪᠠᠷ ᠤᠷᠤᠨ ᠲᠤᠭ᠎ᠠ ᠲᠤᠭᠲᠠᠭᠠᠬᠤ᠂ ᠰᠢᠨᠵᠢᠯᠡᠬᠦ ᠤᠬᠠᠭᠠᠨᠴᠢ ᠪᠠᠷ ᠠᠵᠢᠯ ᠤᠨ ᠪᠠᠶᠢᠷᠢ ᠲᠤᠬᠢᠷᠠᠭᠤᠯᠬᠤ᠂ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ᠂ ᠨᠠᠷᠢᠯᠢᠭᠵᠢᠭᠤᠯᠤᠨ ᠬᠠᠮᠢᠶᠠᠷᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠲᠤᠳᠤᠭᠠᠲᠤ ᠶᠢᠨ ᠬᠠᠮᠢᠶᠠᠷᠤᠯᠲᠠ ᠪᠠᠨ ᠴᠢᠩᠭᠠᠳᠬᠠᠵᠤ ᠤᠰᠤ ᠬᠠᠩᠭᠠᠬᠤ ᠦᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠬᠤ ᠪᠦᠭᠡᠳ ᠦᠪᠡᠷ ᠤᠨ ᠦᠷᠳᠡᠭ ᠢ ᠢᠯᠡ ᠪᠤᠯᠭᠠᠬᠤ ᠶᠢ ᠠᠯᠬᠤᠮ ᠠᠯᠬᠤᠮ  ᠢᠶᠠᠷ ᠬᠡᠷᠡᠭᠵᠢᠬᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠯᠲᠠ ᠨᠢ ᠤᠰᠤᠨ ᠤ ᠦᠨ᠎ᠡ ᠂ ᠤᠰᠤᠨ ᠤ ᠬᠡᠮᠵᠢᠶ᠎ᠡ᠂ ᠤᠰᠤᠨ ᠤ ᠰᠦᠢᠳᠬᠡᠯ ᠳᠤ ︽ᠭᠤᠷᠪᠠ ᠶᠢ ᠢᠯᠡ ᠪᠤᠯᠭᠠᠬᠤ︾ ᠲᠦᠷᠢᠮ ᠢ ᠭᠡᠷᠡᠭᠵᠢᠬᠦᠯᠵᠦ ᠤᠰᠤᠨ ᠤ ᠰᠦᠢᠳᠬᠡᠯ ᠢ ᠪᠤᠳᠤᠵᠤ ᠬᠤᠷᠢᠶᠠᠬᠤ ᠬᠢᠭᠡᠳ ᠬᠡᠷᠡᠭᠯᠡᠵᠦ ᠬᠠᠮᠢᠶᠠᠷᠬᠤ ᠶᠢ ᠴᠢᠩᠭᠠᠳᠬᠠᠨ ᠤᠰᠤ ᠬᠠᠩᠭᠠᠬᠤ ᠢᠨᠵᠧᠨᠧᠷᠢᠩ ᠢ ᠬᠠᠮᠠᠭᠠᠯᠬᠤ ᠬᠠᠮᠢᠶᠠᠷᠬᠤ ᠵᠦᠢ ᠵᠤᠬᠢᠰᠲᠠᠢ ᠵᠠᠷᠤᠯᠭ᠎ᠠ ᠶᠢᠨ ᠬᠡᠪᠴᠢᠶᠡᠨ ᠳᠤ ᠦᠨᠡᠨᠬᠦ ᠬᠡᠷᠡᠭᠯᠡᠨ᠎ᠡ᠃       ︵ᠲᠠᠪᠤ︶ ᠣᠰᠣ ᠬᠡᠷᠡᠭᠯᠡᠬᠦ ᠦᠵᠦᠬᠦᠷ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠣᠯᠲᠠ ᠶᠢᠨ ᠠᠷᠭ᠎ᠠ ᠬᠡᠯᠪᠡᠷᠢ  ᠶᠢ ᠰᠢᠨᠡᠴᠢᠯᠡᠨ᠎ᠡ᠃ ᠲᠠᠷᠢᠶᠠᠴᠢᠨ ᠤ ᠣᠰᠣ ᠬᠡᠷᠡᠭᠯᠡᠬᠦ ᠶᠢ ᠦᠪᠡᠷᠳᠡᠭᠡᠨ ᠵᠠᠰᠠᠬᠤ᠂ ᠲᠤᠰᠬᠠᠶᠢᠵᠢᠭᠰᠠᠨ ᠦᠢᠯᠡᠴᠢᠯᠡᠭᠡ᠂ ᠤᠰᠤᠨ ᠬᠤᠭᠤᠯᠠᠢ ᠶᠢᠨ ᠪᠠᠶᠢᠭᠤᠯᠭ᠎ᠠ ᠨᠢᠭᠡᠴᠢ ᠶᠢᠨ ᠬᠠᠮᠢᠶᠠᠷᠤᠯᠲᠠ ᠪᠠ ᠤᠰᠤ ᠬᠡᠷᠡᠭᠯᠡᠬᠦ ᠡᠷᠦᠬᠡ ᠶᠢᠨ ᠤᠷᠤᠯᠴᠠᠯᠭ᠎ᠠ ᠵᠡᠷᠭᠡ ᠣᠯᠠᠨ ᠵᠦᠢᠯ ᠤᠨ ᠬᠡᠯᠪᠡᠷᠢ ᠶᠢᠨ ᠲᠡᠭᠦᠰᠬᠡᠯ ᠤᠨ ᠣᠰᠣ ᠬᠡᠷᠡᠭᠯᠡᠬᠦ ᠬᠠᠮᠢᠶᠠᠷᠣᠯᠲᠠ ᠶᠢᠨ ᠬᠡᠯᠪᠡᠷᠢ ᠶᠢ ᠵᠤᠷᠢᠭᠵᠢᠭᠤᠯᠤᠨ ᠬᠦᠭᠵᠢᠬᠦᠯᠦᠨ᠎ᠡ᠃ ᠲᠠᠷᠢᠶᠠᠴᠢᠨ ᠤ ᠤᠰᠤ ᠬᠡᠷᠡᠭᠯᠡᠭᠴᠢᠳ ᠤᠨ ᠨᠡᠶᠢᠬᠡᠮᠯᠢᠭ᠂ ᠲᠠᠷᠢᠶᠠᠴᠢᠨ ᠤ ᠲᠤᠰᠬᠠᠢ ᠬᠤᠷᠰᠢᠶᠠᠵᠢᠯ ᠵᠡᠷᠭᠡ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ ᠶᠢᠨ ᠲᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠵᠢᠯᠤᠭᠤᠳᠤᠯᠭ᠎ᠠ ᠶᠢ ᠴᠢᠩᠭᠠᠳᠬᠠᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ᠂ ᠤᠰᠤ ᠬᠡᠷᠡᠭᠯᠡᠬᠦ ᠬᠠᠮᠢᠶᠠᠷᠤᠯᠲᠠ᠂ ᠵᠦᠪᠳᠡᠯᠴᠡᠵᠦ ᠦᠨ᠎ᠡ ᠲᠤᠭᠲᠠᠭᠠᠬᠤ᠂ ᠣᠰᠣᠨ ᠤ ᠰᠦᠢᠳᠬᠡᠯ ᠢ ᠪᠤᠳᠤᠵᠤ ᠬᠤᠷᠢᠶᠠᠬᠤ ᠠᠵᠢᠯ ᠤᠨ ᠬᠠᠷᠢᠭᠤᠴᠠᠯᠭ᠎ᠠ ᠶᠢᠨ ᠪᠡᠶᠡᠴᠢ ᠴᠤᠭᠴᠠ ᠪᠤᠯᠭᠠᠵᠤ ᠲᠠᠷᠢᠶᠠᠴᠢᠨ ᠤ ᠣᠰᠣ ᠬᠡᠷᠡᠭᠯᠡᠬᠦ ᠠᠵᠢᠯ ᠢᠶᠠᠨ ᠦᠪᠡᠷᠳᠡᠭᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠮᠵᠢ ᠶᠢᠨ ᠦᠭᠡᠷᠡᠴᠢᠯᠠᠯᠲᠡ ᠪᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠬᠦᠭᠡᠷᠤᠮᠵᠢ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠤᠨ᠎ᠠ᠃ ᠣᠰᠣ ᠠᠷᠪᠢᠯᠠᠬᠤ ᠦᠭᠡᠷᠡᠴᠢᠯᠡᠯᠲᠡ ᠪᠠ ᠤᠰᠤ ᠬᠠᠩᠭᠠᠬᠤ ᠬᠡᠮᠵᠢᠯᠲᠡ ᠶᠢᠨ ᠲᠦᠬᠦᠭᠡᠷᠤᠮᠵᠢ ᠶᠢᠨ ᠢᠵᠢ ᠪᠦᠷᠢᠯᠳᠦᠭᠰᠡᠨ ᠢ ᠪᠡᠶᠡᠯᠡᠬᠦᠯᠦᠭᠰᠡᠨ ᠪᠠᠭ᠎ᠠ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠤᠰᠢᠭᠤ ᠳᠡᠰ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠰᠢᠭᠤ ᠤᠰᠤᠨ ᠤ ᠶᠠᠪᠤᠳᠠᠯ ᠪᠠ ᠭᠠᠵᠠᠷ ᠰᠢᠷᠤᠢ ᠶᠢ ᠬᠠᠮᠠᠭᠠᠯᠠᠬᠤ ᠲᠤᠪᠴᠢᠶ᠎ᠠ ᠠᠴᠠ ᠢᠨᠵᠧᠨᠧᠷᠢᠩ ᠤᠨ ᠦᠮᠴᠢᠯᠡᠯ ᠤᠨ ᠡᠷᠭᠡ ᠶᠢ ᠲᠤᠳᠤᠷᠬᠠᠢ ᠵᠠᠭᠠᠭᠯᠠᠵᠦ᠂ ᠦᠮᠴᠢᠯᠡᠬᠦ ᠡᠷᠬᠡ ᠶᠢᠨ ᠦᠨᠡᠮᠯᠡᠯ ᠲᠠᠷᠬᠠᠭᠠᠵᠦ ᠢᠨᠵᠧᠨᠧᠷᠢᠩ ᠤᠨ ᠬᠡᠷᠡᠭᠯᠡᠬᠦ ᠡᠷᠭᠡ᠂ ᠬᠠᠮᠢᠶᠠᠷᠣᠯᠲᠠ ᠶᠢᠨ ᠡᠷᠬᠡ ᠶᠢ ᠲᠠᠷᠢᠶᠠᠴᠢᠨ ᠤ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠠᠰᠢᠭ ᠬᠦᠷᠳᠡᠬᠦ ᠲᠠᠷᠢᠶᠠᠴᠢᠨ ᠡᠷᠤᠬᠡ ᠵᠢᠴᠢ ᠰᠢᠨ᠎ᠡ ᠬᠡᠯᠪᠡᠷᠢ ᠶᠢᠨ ᠬᠦᠳᠡᠭᠡ ᠠᠵᠤ ᠠᠬᠤᠢ ᠶᠢᠨ ᠡᠵᠡᠩᠨᠡᠯᠲᠡ ᠶᠢᠨ ᠪᠡᠶᠡᠴᠢ ᠴᠤᠭᠴᠠ ᠳᠤ ᠰᠢᠯᠵᠢᠬᠦᠯᠦᠨ ᠲᠤᠰᠢᠶᠠᠵᠦ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ  ᠶᠢᠨ ᠪᠡᠶᠡᠴᠢ ᠴᠤᠭᠴᠠ ᠶᠢ ᠲᠤᠳᠤᠷᠬᠠᠶᠢᠯᠠᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠪᠤᠯᠤᠨ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭ᠎ᠠ ︵PPP)᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠡᠶᠢᠬᠡᠮ  ᠤᠨ ᠬᠦᠷᠦᠩᠭᠡ ᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠣᠯᠲᠠ ᠬᠠᠮᠠᠭᠠᠯᠠᠯᠲᠠ ᠳᠤ ᠣᠷᠣᠯᠴᠠᠬᠤ ᠢ ᠵᠣᠷᠢᠭᠵᠢᠭᠤᠯᠵᠤ ᠲᠤᠰᠬᠠᠢ ᠬᠤᠷᠰᠢᠶᠠᠵᠢᠭᠰᠠᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠩᠨᠡᠭᠡ ᠶᠢ ᠬᠦᠮᠦᠵᠢᠬᠦᠯᠵᠦ ᠵᠢᠯᠦᠭᠤᠳᠤᠨ ᠬᠦᠭᠵᠢᠬᠦᠯᠦᠨ᠎ᠡ᠃       ︵ᠵᠢᠷᠭᠤᠭ᠎ᠠ︶ ᠲᠠᠷᠢᠶᠠᠯᠠᠩ ᠳᠤ ᠬᠡᠷᠡᠭᠯᠡᠬᠦ ᠣᠰᠣᠨ ᠤ ᠡᠷᠭᠡ ᠶᠢᠨ ᠲᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃       ⒈ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶᠡᠨ ᠤ ᠬᠦᠢᠴᠡᠳᠬᠡᠯ ᠲᠤᠭ᠎ᠠ ᠶᠢ ᠲᠤᠭᠲᠠᠭᠠᠨ᠎ᠠ᠃ ᠲᠠᠷᠢᠶᠠᠯᠠᠩ ᠤᠨ ᠣᠰᠣ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠤᠭᠳᠠᠭᠠᠨ ᠬᠠᠮᠢᠶᠠᠷᠬᠤ ᠲᠦᠷᠢᠮ ᠢ ᠪᠠᠶᠢᠭᠤᠯᠬᠤ ᠶᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠭᠡᠷᠡᠭᠵᠢᠬᠦᠯᠬᠦ ᠬᠠᠮᠤᠭ  ᠤᠨ ᠴᠢᠩᠭ᠎ᠠ ᠬᠦᠴᠦᠯᠡᠴᠡ ᠴᠡᠭ ᠪᠤᠯᠭᠠᠨ᠎ᠠ᠃ ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠠᠵᠢᠯ ᠢ ᠶᠠᠪᠤᠭᠳᠠᠭᠤᠯᠬᠤ ᠰᠠᠭᠤᠷᠢᠨ ᠳᠡᠭᠡᠷ᠎ᠡ ᠠᠵᠢᠯ ᠲᠦᠷᠦᠯ ᠪᠤᠯᠤᠨ ᠰᠠᠯᠠᠭ᠎ᠠ ᠮᠦᠴᠢᠷ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠤᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠡ᠃ ᠲᠤᠰ ᠭᠠᠵᠠᠷ ᠤᠷᠤᠨ ᠪᠤᠳᠠᠳᠠᠢ ᠲᠠᠢ ᠪᠠᠨ ᠤᠶᠠᠯᠳᠤᠭᠤᠯᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠳᠠᠯ᠂ ᠬᠦᠷᠦᠰᠦᠨ ᠤ ᠪᠦᠲᠦᠴᠡ ᠪᠠ ᠣᠰᠣ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠪᠠᠶᠢᠳᠠᠯ ᠢ ᠭᠦᠢᠴᠡᠳ ᠪᠤᠳᠤᠯᠬᠢᠯᠠᠵᠦ ᠠᠳᠠᠯᠢ ᠪᠤᠰᠤ ᠲᠠᠷᠢᠮᠠᠯ ᠤᠨ ᠵᠦᠢᠯ ᠤᠨ ᠪᠠᠷᠢᠮᠵᠢᠶ᠎ᠠ ᠶᠢ ᠢᠯᠭᠠᠨ ᠣᠰᠣ ᠠᠷᠪᠢᠯᠠᠬᠤ ᠪᠠ ᠣᠰᠣ ᠬᠡᠷᠡᠭᠯᠡᠬᠦ ᠡᠷᠦᠬᠡ ᠶᠢᠨ ᠣᠰᠣ ᠬᠡᠷᠡᠭᠯᠡᠬᠦ ᠡᠩ ᠤᠨ ᠬᠡᠷᠡᠭᠴᠡᠭᠡ ᠱᠠᠭᠠᠷᠳᠠᠯᠭ᠎ᠠ  ᠶᠢ ᠠᠬᠢᠭᠤᠯᠬᠤ ᠪᠠᠷ ᠤᠷᠢᠳᠠᠯ ᠪᠤᠯᠭᠠᠵᠤ ︽ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯ ᠲᠦᠷᠦᠯ ᠤᠨ ᠤᠰᠤ ᠬᠡᠷᠡᠭᠯᠡᠬᠦ ᠲᠤᠭᠲᠠᠭᠰᠠᠨ ᠨᠤᠷᠮ᠎ᠠ︾ ︵DB15/T385—2015︶ ᠳᠠᠬᠢ ᠲᠠᠷᠢᠶᠠᠯᠠᠩ  ᠤᠨ ᠣᠰᠣ ᠬᠡᠷᠡᠭᠯᠡᠬᠦ ᠨᠤᠷᠮᠠᠴᠢᠯᠠᠭᠰᠠᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠲᠠᠷᠢᠶᠠᠯᠠᠩ ᠤᠨ ᠣᠰᠣ ᠬᠡᠷᠡᠭᠯᠡᠬᠦ ᠦᠨᠳᠦᠰᠦᠨ ᠨᠤᠷᠮ᠎ᠠ ᠶᠢ ᠲᠤᠭᠳᠠᠭᠠᠨ᠎ᠠ᠃ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ  ᠨᠢ ᠲᠤᠬᠠᠢ ᠶᠢᠨ ᠭᠠᠵᠠᠷ ᠤᠨ ᠢᠶᠠᠨ ᠲᠠᠷᠢᠶᠠᠯᠠᠩ ᠳᠤ ᠬᠡᠷᠡᠭᠯᠡᠬᠦ ᠤᠰᠤᠨ ᠤ ᠲᠤᠭᠳᠠᠭᠰᠠᠨ ᠨᠤᠷᠮ᠎ᠠ ᠶᠢ ᠬᠠᠩᠭᠠᠵᠤ ᠳᠡᠶᠢᠯᠬᠦ ᠦᠬᠡᠢ ᠭᠠᠵᠠᠷ ᠤᠷᠤᠨ ᠳᠤ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠᠷ ᠦᠨᠳᠦᠰᠦᠯᠡᠯ ᠪᠤᠯᠭᠠᠨ ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠦᠢᠴᠡᠳᠬᠡᠯ ᠲᠤᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠤᠨ ᠤ ᠤᠰᠤ ᠬᠡᠷᠡᠭᠯᠡᠬᠦ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠵᠦ ᠲᠤᠭᠲᠠᠭᠰᠠᠨ ᠨᠤᠷᠮ᠎ᠠ ᠶᠢᠨ ᠬᠠᠮᠢᠶᠠᠷᠣᠯᠲᠠ ᠶᠢ ᠤᠨ ᠤ ᠣᠰᠣ ᠬᠡᠷᠡᠭᠯᠡᠬᠦ ᠲᠦᠯᠦᠪᠯᠡᠭᠡ ᠶᠢᠨ ᠶᠡᠷᠤᠩᠬᠡᠢ ᠬᠡᠮᠵᠢᠶ᠎ᠡ ᠶᠢ ᠬᠢᠵᠠᠭᠠᠷᠯᠠᠬᠤ ᠬᠡᠪᠴᠢᠶᠡᠨ ᠳᠤ ᠬᠡᠷᠡᠭᠵᠢᠬᠦᠯᠦᠨ᠎ᠡ᠃      ⒉ᠲᠠᠷᠢᠶᠠᠯᠠᠩ ᠳᠤ ᠰᠢᠭᠤᠳ ᠭᠡᠷᠡᠭᠯᠡᠵᠦ ᠪᠤᠯᠬᠤ ᠤᠰᠤᠨ ᠤ ᠡᠷᠬᠡ ᠶᠢ ᠢᠯᠡ ᠲᠤᠳᠤ ᠪᠤᠯᠭᠠᠨ᠎ᠠ᠃ ᠮᠠᠨ ᠤ ᠬᠤᠰᠢᠭᠤᠨ ᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠲᠠᠷᠢᠶᠠᠯᠠᠩ ᠳᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠᠷ ᠤᠷᠢᠳᠠᠯ ᠪᠤᠯᠭᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠵᠢᠴᠢ ᠣᠰᠣᠨ ᠠᠰᠢᠭᠯᠠᠯᠲᠠ ᠶᠢᠨ ᠬᠡᠯᠲᠡᠰ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ ᠡᠯ᠎ᠡ ᠲᠦᠷᠦᠯ ᠤᠨ ᠣᠰᠣᠯᠠᠯᠲᠠ ᠶᠢᠨ ᠤᠷᠤᠨ ᠤ ᠤᠰᠤ ᠳᠠᠳᠠᠵᠦ ᠠᠪᠬᠤ ᠵᠦᠪᠰᠢᠶᠡᠷᠡᠯ ᠢ ᠲᠦᠷᠭᠡᠭᠡᠨ ᠬᠦᠢᠴᠡᠳᠬᠡᠵᠦ ᠣᠰᠣ ᠲᠠᠳᠠᠵᠦ ᠠᠪᠬᠤ ᠵᠦᠪᠰᠢᠶᠡᠷᠡᠯ ᠤᠨ ᠦᠨᠡᠮᠯᠡᠯ ᠢ ᠬᠦᠢᠴᠡᠳᠬᠡᠭᠰᠡᠨ ᠦᠭᠡᠢ ᠪᠤᠯ ︽ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠲᠠᠳᠠᠵᠦ ᠠᠪᠬᠤ ᠵᠦᠪᠰᠢᠶᠡᠷᠡᠯ ᠪᠤᠯᠤᠨ ᠣᠰᠣᠨ ᠤ ᠡᠬᠢ ᠪᠠᠶᠠᠯᠢᠭ ᠤᠨ ᠰᠦᠢᠳᠬᠡᠯ ᠢ ᠳᠠᠳᠠᠪᠤᠷᠢᠯᠠᠬᠤ ᠬᠠᠮᠢᠶᠠᠷᠤᠯᠲᠠ  ᠶᠢᠨ ᠬᠡᠷᠡᠭᠵᠢᠬᠦᠯᠬᠦ ᠠᠷᠭ᠎ᠠ︾ ︵2008 ᠣᠨ ᠤ 1 ᠰᠠᠷ᠎ᠠ ᠶᠢᠨ 7 ᠤ ᠡᠳᠦᠷ ᠤᠨ ᠥᠪᠡᠷᠳᠡᠭᠡᠨ ᠵᠠᠰᠠᠬᠤ ᠤᠷᠤᠨ  ᠤ ᠠᠷᠠᠳ ᠤᠨ ᠵᠠᠰᠠᠭ ᠤᠨ ᠣᠷᠳᠣᠨ ᠤ ᠵᠠᠷᠯᠢᠭ 155 ᠳ᠋ᠣᠭᠠᠷ ᠲᠤᠭᠠᠲᠤ︶ ᠶᠢᠨ ᠬᠠᠮᠢᠶ᠎ᠠ ᠪᠦᠬᠦᠢ ᠲᠤᠭᠲᠠᠭᠠᠯ ᠶᠤᠰᠤᠭᠠᠷ ᠳᠠᠷᠤᠶᠢᠬᠠᠨ ᠭᠦᠢᠴᠡᠳᠬᠡᠨ᠎ᠡ︔ ᠣᠰᠣ ᠲᠠᠲᠠᠵᠦ ᠠᠪᠬᠤ ᠵᠦᠪᠰᠢᠶᠡᠷᠡᠯ ᠤᠨ ᠦᠨᠡᠮᠯᠡᠯ ᠤᠨ ᠬᠤᠭᠤᠴᠠᠭ᠎ᠠ  ᠨᠢ ᠲᠤᠯᠵᠦ ᠦᠨᠡᠮᠯᠡᠯ ᠢᠶᠠᠨ ᠰᠤᠯᠢᠭᠰᠠᠨ ᠳᠤᠨᠢ ᠲᠤᠰ ᠭᠠᠵᠠᠷ ᠤᠷᠤᠨ ᠤ ᠲᠠᠷᠢᠶᠠᠯᠠᠩ ᠤᠨ ᠤᠰᠤᠯᠠᠯᠲᠠ ᠶᠢᠨ ᠣᠰᠣ ᠬᠡᠷᠡᠭᠯᠡᠬᠦ ᠶᠡᠷᠦᠩᠬᠡᠢ ᠬᠡᠮᠵᠢᠶᠡᠨ ᠤ ᠭᠦᠢᠴᠡᠳᠬᠡᠯ ᠲᠤᠭ᠎ᠠ᠂ ᠤᠰᠤᠯᠠᠯᠲᠠ ᠶᠢᠨ ᠲᠠᠯᠠᠪᠠᠢ ᠶᠢ ᠵᠢᠷᠤᠵᠦ ᠲᠦᠯᠦᠪᠯᠡᠬᠦ᠂ ᠦᠨᠡᠨ ᠪᠤᠳᠠᠳᠠᠢ ᠤᠰᠤᠯᠠᠯᠲᠠ ᠶᠢᠨ ᠲᠠᠯᠠᠪᠠᠢ᠂ ᠦᠨᠡᠨ ᠪᠤᠳᠠᠳᠠᠢ ᠣᠰᠣ ᠬᠡᠷᠡᠭᠯᠡᠬᠦ ᠬᠡᠮᠵᠢᠶ᠎ᠡ ᠪᠠ ᠤᠰᠤ ᠬᠡᠷᠡᠭᠯᠡᠬᠦ ᠲᠤᠭᠲᠠᠭᠰᠠᠨ ᠨᠤᠷᠮ᠎ᠠ ᠶᠢ ᠶᠡᠷᠤᠩᠬᠡᠶᠢᠯᠡᠨ ᠪᠤᠳᠤᠯᠬᠢᠯᠠᠵᠦ ᠪᠠᠶᠢᠭᠠᠳ ᠣᠰᠣᠨ ᠤ ᠬᠡᠮᠵᠢᠶ᠎ᠡ ᠶᠢ ᠲᠠᠬᠢᠨ ᠬᠢᠨᠠᠨ ᠲᠤᠭᠲᠠᠭᠠᠵᠤ᠂ ᠣᠰᠣ ᠲᠠᠲᠠᠵᠦ ᠠᠪᠬᠤ ᠵᠦᠪᠰᠢᠶᠡᠷᠡᠯ ᠤᠨ ᠦᠨᠡᠮᠯᠡᠯ ᠢ ᠭᠦᠢᠴᠡᠳᠬᠡᠵᠦ᠂ ᠤᠰᠤᠯᠠᠯᠲᠠ ᠶᠢᠨ ᠣᠰᠣ ᠳᠠᠳᠠᠵᠦ ᠠᠪᠬᠤ ᠡᠷᠭᠡ ᠶᠢ ᠲᠤᠳᠤᠷᠬᠠᠶᠢᠯᠠᠨ᠎ᠠ᠃       ᠮᠠᠨ ᠤ ᠬᠤᠰᠢᠭᠤᠨ ᠤ ᠣᠷᠣᠨ ᠨᠤᠲᠤᠭ ᠤᠨ ᠣᠰᠣ ᠬᠡᠷᠡᠭᠯᠡᠬᠦ ᠶᠡᠷᠤᠩᠬᠡᠢ ᠬᠡᠮᠵᠢᠶ᠎ᠡ ᠶᠢ ᠬᠢᠵᠠᠭᠠᠷᠯᠠᠬᠤ ᠬᠦᠢᠴᠡᠳᠬᠡᠯ ᠲᠤᠭ᠎ᠠ ᠪᠠᠷ ᠰᠠᠭᠤᠷᠢ ᠪᠤᠯᠭᠠᠨ᠂ ᠣᠷᠣᠨ ᠨᠤᠲᠤᠭ ᠤᠨ ᠣᠯᠠᠨ ᠵᠢᠯ ᠤᠨ ᠤᠰᠤ ᠬᠡᠷᠡᠭᠯᠡᠬᠦ ᠳᠤᠮᠳᠠᠴᠢ ᠬᠡᠮᠵᠢᠶ᠎ᠡ ᠪᠠᠷ ᠦᠨᠳᠦᠰᠦᠯᠡᠯ ᠪᠤᠯᠭᠠᠵᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠲᠠᠢ ᠤᠶᠠᠯᠳᠤᠭᠤᠯᠤᠨ ᠮᠠᠨ ᠤ ᠬᠤᠰᠢᠭᠤᠨ ᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠠᠴᠠ ᠰᠤᠮᠤ ᠪᠠᠯᠭᠠᠰᠤ ᠲᠠᠢ ᠬᠠᠮᠲᠤᠷᠠᠨ ᠲᠠᠷᠢᠶᠠᠯᠠᠩ ᠤᠨ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢ ᠲᠠᠷᠢᠶᠠᠴᠢᠳ ᠤᠨ ᠣᠰᠣ ᠬᠡᠷᠡᠭᠯᠡᠬᠦ ᠬᠤᠷᠰᠢᠶ᠎ᠠ ᠶᠢᠨ ᠵᠤᠬᠢᠶᠠᠠ ᠪᠠᠶᠢᠭᠤᠯᠤᠯᠲᠠ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠲᠠᠷᠢᠶᠠᠯᠠᠩ ᠤᠨ ᠣᠰᠣ ᠬᠡᠷᠡᠭᠯᠡᠬᠦ ᠡᠷᠦᠬᠡ ᠵᠡᠷᠭᠡ ᠤᠰᠤ ᠬᠡᠷᠡᠭᠯᠡᠬᠦ ᠪᠡᠶᠡᠴᠢ ᠴᠤᠭᠴᠠ ᠳᠤ ᠨᠠᠷᠢᠯᠢᠭᠵᠢᠭᠤᠯᠤᠨ ᠵᠠᠳᠠᠯᠵᠤ ᠵᠦᠢ ᠵᠤᠬᠢᠰᠲᠠᠢ ᠣᠰᠣᠯᠠᠬᠤ ᠣᠰᠣ ᠬᠡᠷᠡᠭᠯᠡᠬᠦ ᠶᠢ ᠪᠠᠲᠤᠯᠠᠭᠰᠠᠨ ᠰᠠᠭᠤᠷᠢᠨ ᠳᠡᠭᠡᠷ᠎ᠡ ᠡᠯ᠎ᠡ ᠱᠠᠲᠤᠨ ᠤ ᠣᠰᠣ ᠬᠡᠷᠡᠭᠯᠡᠬᠦ ᠬᠠᠮᠢᠶᠠᠷᠤᠯᠲᠠ ᠶᠢᠨ ᠵᠤᠬᠢᠶᠠᠨ ᠪᠠᠶᠢᠭᠤᠯᠤᠯᠲᠠ᠂ ᠢᠨᠵᠧᠨᠧᠷᠢᠩ ᠤᠨ ᠨᠢᠭᠡᠴᠢ ᠪᠤᠶᠤ ᠲᠡᠭᠦᠰᠬᠡᠯ ᠴᠡᠭ ᠤᠨ ᠣᠰᠣ ᠬᠡᠷᠡᠭᠯᠡᠬᠦ ᠪᠡᠶᠡᠴᠢ ᠴᠤᠭᠴᠠ ᠶᠢᠨ ᠤᠯᠬᠤ ᠲᠠᠷᠢᠶᠠᠯᠠᠩ ᠳᠤ ᠭᠡᠷᠡᠭᠯᠡᠬᠦ ᠤᠰᠤᠨ ᠤ ᠡᠷᠬᠡ  ᠶᠢ ᠲᠤᠳᠤᠷᠬᠠᠶᠢᠯᠠᠨ᠎ᠠ᠃ ᠬᠤᠰᠢᠭᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠤᠰᠤ ᠬᠡᠷᠡᠭᠯᠡᠬᠦ ᠪᠠᠶᠢᠭᠤᠯᠭ᠎ᠠ ᠨᠢᠭᠡᠴᠢ ᠪᠤᠶᠤ ᠦᠨᠳᠦᠰᠦᠨ ᠱᠠᠲᠤᠨ ᠤ ᠣᠰᠣ ᠬᠡᠷᠡᠭᠯᠡᠬᠦ ᠬᠠᠮᠢᠶᠠᠷᠤᠯᠲᠠ ᠶᠢᠨ ᠵᠤᠬᠢᠶᠠᠠ ᠪᠠᠶᠢᠭᠤᠯᠤᠯᠲᠠ ᠳᠤ ᠬᠠᠮᠲᠤ ᠶᠢᠨ ᠤᠰᠤᠨ  ᠤ ᠡᠷᠭᠡ ᠶᠢᠨ ᠦᠨᠡᠮᠯᠡᠯ ᠲᠠᠷᠬᠠᠭᠠᠨ ᠣᠰᠣ ᠬᠡᠷᠡᠭᠯᠡᠬᠦ ᠬᠤᠪᠢ ᠬᠦᠮᠦᠨ ᠳᠤ ᠴᠤ ᠣᠰᠣᠨ ᠤ ᠡᠷᠭᠡ ᠶᠢᠨ ᠦᠨᠡᠮᠯᠡᠯ ᠢ ᠲᠠᠷᠬᠠᠭᠠᠬᠤ ᠶᠢᠨ ᠬᠠᠮᠲᠤ ᠣᠰᠣᠨ ᠤᠨ ᠡᠬᠢ ᠰᠣᠷᠪᠤᠯᠵᠢ᠂ ᠣᠰᠣᠨ ᠤ ᠬᠡᠮᠵᠢᠶ᠎ᠡ᠂ ᠬᠡᠷᠡᠭᠴᠡᠭᠡ᠂ ᠬᠤᠭᠤᠴᠠᠭ᠎ᠠ᠂ ᠰᠢᠯᠵᠢᠬᠦᠯᠦᠨ ᠦᠭᠬᠦ ᠨᠦᠬᠦᠴᠡᠯ  ᠪᠠ ᠤᠰᠤ ᠬᠡᠷᠡᠭᠯᠡᠬᠦ ᠡᠷᠭᠡ᠂ ᠡᠭᠦᠷᠭᠡ ᠶᠢ ᠲᠤᠳᠤᠷᠬᠠᠶᠢᠯᠠᠨ ᠪᠢᠴᠢᠨ᠎ᠡ᠃ ᠣᠰᠣ ᠬᠡᠷᠡᠭᠯᠡᠬᠦ ᠪᠡᠶᠡᠴᠢ ᠴᠤᠭᠴᠠ᠂ ᠣᠰᠣᠨ ᠤ ᠬᠡᠮᠵᠢᠶ᠎ᠡ ᠵᠡᠷᠭᠡ ᠠᠭᠤᠯᠭ᠎ᠠ ᠬᠤᠪᠢᠷᠠᠯᠲᠠ ᠭᠠᠷᠪᠠᠯ ᠬᠤᠰᠢᠭᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠳᠤ ᠮᠡᠳᠡᠭᠦᠯᠦᠨ ᠳᠠᠷᠠᠭᠠᠯᠠᠯ ᠶᠤᠰᠤᠭᠠᠷ ᠬᠤᠪᠢᠷᠠᠭᠤᠯᠤᠨ᠎ᠠ᠃      ⒊ᠣᠰᠣᠨ ᠤ ᠡᠷᠭᠡ ᠶᠢᠨ ᠡᠷᠬᠢᠯᠲᠡ ᠶᠢ ᠵᠤᠷᠢᠭᠵᠢᠭᠤᠯᠤᠨ᠎ᠠ᠃ ᠣᠰᠣᠨ ᠤ ᠡᠷᠭᠡ ᠶᠢᠨ ᠠᠷᠠᠯᠵᠢᠶᠠᠨ ᠤ ᠲᠠᠪᠴᠠᠩ ᠪᠠᠶᠢᠭᠤᠯᠬᠤ ᠶᠢ ᠢᠳᠡᠪᠬᠢᠲᠡᠢ ᠠᠬᠢᠭᠤᠯᠵᠤ ᠣᠰᠣᠨ ᠤ ᠡᠷᠭᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠬᠦᠮᠦᠵᠢᠬᠦᠯᠦᠨ ᠪᠤᠶᠢᠵᠢᠭᠤᠯᠤᠨ᠎ᠠ᠃ ᠤᠯᠠᠨ ᠵᠦᠢᠯ ᠤᠨ ᠬᠡᠯᠪᠡᠷᠢ ᠶᠢᠨ ᠣᠰᠣᠨ ᠤ ᠡᠷᠭᠡ ᠶᠢᠨ ᠠᠷᠠᠯᠵᠢᠶᠠᠨ ᠤ ᠡᠷᠬᠢᠯᠲᠡ ᠶᠢᠨ ᠬᠡᠯᠪᠡᠷᠢ ᠢ ᠢᠳᠡᠪᠬᠢᠲᠡᠢ ᠡᠷᠢᠯᠬᠢᠯᠡᠵᠦ ᠤᠰᠤ ᠬᠡᠷᠡᠭᠯᠡᠬᠦ ᠡᠷᠤᠬᠡ ᠤᠳ ᠬᠤᠭᠤᠷᠤᠨᠳᠤ ᠪᠠᠨ ᠣᠰᠣ ᠠᠷᠪᠢᠯᠠᠬᠤ ᠬᠡᠮᠵᠢᠶ᠎ᠡ ᠶᠢ ᠰᠢᠯᠵᠢᠬᠦᠯᠦᠨ ᠦᠭᠬᠦ ᠶᠢ ᠵᠤᠷᠢᠭᠵᠢᠭᠤᠯᠤᠨ᠎ᠠ᠃ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ ᠶᠢᠨ ᠲᠤᠲᠤᠭᠠᠳᠤ ᠳᠠᠭᠠᠨ ᠰᠢᠯᠵᠢᠬᠦᠯᠦᠨ ᠦᠭᠬᠦ ᠳᠤ ᠲᠠᠷᠢᠶᠠᠴᠢᠨ ᠤ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ ᠠᠴᠠ ᠨᠢᠭᠡᠳᠤᠯᠲᠡᠢ ᠵᠤᠬᠢᠴᠠᠭᠤᠯᠵᠦ᠂ ᠣᠰᠣ ᠬᠡᠷᠡᠭᠯᠡᠬᠦ ᠡᠷᠤᠬᠡ ᠬᠤᠭᠤᠷᠤᠨᠳᠤ ᠪᠠᠨ ᠡᠷᠬᠡ ᠳᠡᠭᠰᠢ ᠪᠠᠷ ᠵᠦᠪᠳᠡᠯᠴᠡᠨ᠎ᠡ︔ ᠲᠠᠷᠢᠶᠠᠴᠢᠳ ᠤᠨ ᠤᠰᠤ ᠬᠡᠷᠡᠭᠯᠡᠬᠦ ᠡᠷᠭᠡ ᠪᠠᠨ ᠬᠤᠷᠰᠢᠭᠰᠠᠨ ᠵᠤᠬᠢᠶᠠᠨ ᠪᠠᠶᠢᠭᠤᠯᠤᠯᠲᠠ ᠶᠢ ᠠᠯᠤᠰᠯᠠᠭᠤᠯᠤᠨ ᠰᠢᠯᠵᠢᠬᠦᠯᠬᠦ ᠭᠡᠪᠡᠯ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠠᠴᠠ ᠵᠤᠬᠢᠴᠠᠭᠤᠯᠵᠤ ᠬᠤᠰᠢᠭᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠪᠤᠶᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠡᠬᠡᠭᠦᠯᠦᠨ ᠬᠤᠳᠠᠯᠳᠤᠨ ᠠᠪᠴᠤ ᠣᠰᠣ ᠬᠡᠷᠡᠭᠯᠡᠬᠦ ᠡᠷᠤᠬᠡ ᠶᠢᠨ ᠤᠰᠤ ᠠᠷᠪᠢᠯᠠᠬᠤ ᠦᠷ᠎ᠡ ᠠᠰᠢᠭ ᠢ ᠪᠠᠲᠤᠯᠠᠨ᠎ᠠ᠃ ᠣᠷᠣᠨ ᠪᠦᠰᠡ ᠶᠢᠨ ᠲᠤᠳᠤᠷᠠᠬᠢ ᠲᠠᠷᠢᠶᠠᠯᠠᠩ ᠳᠤ ᠬᠡᠷᠡᠭᠯᠡᠬᠦ ᠤᠰᠤ ᠶᠢ ᠬᠠᠩᠭᠠᠭᠰᠠᠨ ᠤᠷᠢᠳᠠᠯ ᠲᠤᠤᠷ᠎ᠠ ᠣᠣᠯ ᠤᠨ ᠣᠰᠣ ᠠᠪᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠪᠠᠷ ᠵᠦᠪᠰᠢᠶᠡᠷᠡᠬᠦᠯᠬᠦ ᠪᠠᠷ ᠳᠠᠮᠵᠢᠨ ᠣᠰᠣ ᠠᠷᠪᠢᠯᠠᠬᠤ ᠬᠡᠮᠵᠢᠶ᠎ᠡ ᠨᠢ ᠤᠷᠤᠨ ᠪᠦᠰᠡ᠂ ᠠᠵᠢᠯ ᠲᠦᠷᠦᠯ ᠠᠯᠤᠰᠯᠠᠨ ᠰᠢᠯᠵᠢᠬᠦᠯᠦᠨ ᠦᠭᠴᠤ ᠪᠤᠯᠤᠨ᠎ᠠ︔ ᠣᠰᠣᠨ ᠤ ᠡᠷᠭᠡ ᠶᠢᠨ ᠠᠷᠠᠯᠵᠢᠶ᠎ᠠ ᠪᠠᠷ ᠳᠠᠮᠵᠢᠭᠤᠯᠤᠨ ᠰᠢᠨ᠎ᠡ ᠪᠠᠷ ᠨᠡᠮᠡᠭᠳᠡᠭᠰᠡᠨ ᠵᠦᠢ ᠵᠤᠬᠢᠰᠲᠠᠢ ᠪᠠᠷ ᠣᠰᠣ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠵᠦᠪᠰᠢᠶᠡᠷᠡᠵᠦ᠂ ᠨᠡᠶᠢᠬᠡᠮ ᠤᠨ ᠬᠦᠷᠦᠩᠬᠡ ᠨᠢ ᠤᠰᠤ ᠠᠷᠪᠢᠯᠠᠬᠤ ᠤᠰᠤ ᠬᠠᠩᠭᠠᠬᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠪᠠᠷ ᠳᠠᠮᠵᠢᠨ ᠰᠢᠨ᠎ᠡ ᠪᠠᠷ ᠨᠡᠮᠡᠭᠳᠡᠭᠰᠡᠨ ᠣᠰᠣᠨ ᠤ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠤᠷᠢᠳᠠᠪᠡᠷ ᠤᠯᠬᠤ ᠶᠢ ᠵᠤᠷᠢᠭᠵᠢᠭᠤᠯᠤᠨ᠎ᠠ᠃ ᠭᠠᠵᠠᠷ ᠰᠢᠷᠦᠢ ᠳᠠᠭᠠᠭᠠᠴᠢᠯᠠᠨ ᠡᠵᠡᠩᠨᠡᠬᠦ ᠡᠷᠬᠡ ᠪᠠᠨ ᠡᠷᠬᠢᠯᠲᠡ ᠳᠤ ᠤᠷᠤᠭᠤᠯᠬᠤ ᠦᠶᠡᠰ ᠲᠠᠷᠢᠶᠠᠯᠠᠩ ᠳᠤ ᠬᠡᠷᠡᠭᠯᠡᠬᠦ ᠤᠰᠤᠨ ᠤ ᠡᠷᠬᠡ ᠶᠢ ᠬᠠᠮᠲᠤ ᠳᠤᠨᠢ ᠡᠷᠬᠢᠯᠳᠦᠬᠦᠯᠦᠨ ᠬᠡᠷᠡᠭᠯᠡᠵᠦ ᠪᠤᠯᠤᠨ᠎ᠠ᠃ ᠮᠠᠨ ᠤ ᠬᠤᠰᠢᠭᠤᠨ ᠤ ᠰᠠᠪᠠ ᠬᠢᠵᠠᠭᠠᠷ ᠲᠤᠲᠤᠷᠠᠬᠢ ᠲᠠᠷᠢᠶᠠᠯᠠᠩ ᠳᠤ ᠬᠡᠷᠡᠭᠯᠡᠬᠦ ᠣᠰᠣᠨ ᠤ ᠡᠷᠬᠡ ᠶᠢᠨ ᠠᠷᠠᠯᠵᠢᠶ᠎ᠠ  ᠶᠢ ᠬᠤᠰᠢᠭᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠲᠤᠪᠴᠢᠶ᠎ᠠ ᠠᠴᠠ ᠬᠠᠷᠢᠭᠤᠴᠠᠵᠤ᠂ ᠵᠠᠰᠠᠭ ᠵᠠᠬᠢᠷᠭᠠᠨ ᠤ ᠤᠷᠤᠨ ᠠᠯᠤᠰᠯᠠᠭᠰᠠᠨ ᠲᠠᠷᠢᠶᠠᠯᠠᠩ ᠳᠤ ᠬᠡᠷᠡᠭᠯᠡᠬᠦ ᠣᠰᠣᠨ ᠤ ᠡᠷᠬᠡ ᠶᠢᠨ ᠠᠷᠠᠯᠵᠢᠶ᠎ᠠ ᠶᠢ ᠬᠤᠳᠠ ᠶᠢᠨ ᠣᠰᠣᠨ ᠤ ᠶᠠᠪᠤᠳᠠᠯ ᠤᠨ ᠲᠤᠪᠴᠢᠶ᠎ᠠ ᠠᠴᠠ ᠬᠠᠷᠢᠭᠤᠴᠠᠵᠤ ᠬᠢᠨᠠᠨ ᠬᠠᠮᠢᠶᠠᠷᠤᠨ᠎ᠠ᠃ ᠣᠰᠣᠨ ᠤ ᠡᠷᠬᠡ  ᠶᠢᠨ ᠠᠷᠠᠯᠵᠢᠶᠠᠨ ᠤ ᠬᠠᠮᠢᠶᠠᠷᠤᠯᠲᠠ ᠨᠢ ︽ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠣᠰᠣᠨ ᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ︾ ᠪᠠᠷ ᠬᠡᠷᠡᠭᠵᠢᠬᠦᠯᠦᠨ᠎ᠡ᠃      ︵ᠲᠤᠯᠤᠭ᠎ᠠ︶ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠪᠦᠷᠢᠯᠳᠤᠯ ᠤᠨ ᠲᠤᠭᠲᠠᠯᠴᠠᠭ᠎ᠠ ᠶᠢ ᠠᠯᠬᠤᠮ ᠳᠠᠷᠠᠭᠠᠯᠠᠨ ᠪᠠᠶᠢᠭᠤᠯᠤᠨ ᠲᠡᠭᠦᠯᠳᠡᠷᠵᠢᠬᠦᠯᠦᠨ᠎ᠡ᠃      ⒈ᠤᠰᠤᠨ ᠦᠨ᠎ᠡ ᠶᠢ ᠳᠡᠰ ᠬᠤᠪᠢᠶᠠᠨ ᠬᠢᠨᠠᠨ ᠲᠤᠭᠲᠠᠭᠠᠵᠤ ᠬᠡᠷᠡᠭᠵᠢᠬᠦᠯᠦᠨ᠎ᠡ᠃ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠢ ᠦᠨᠳᠦᠰᠦᠯᠡᠵᠤ ᠳᠡᠰ ᠬᠤᠪᠢᠶᠠᠨ ᠬᠠᠮᠢᠶᠠᠷᠤᠨ᠎ᠠ᠃ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠤᠷᠤᠨ ᠤ ᠭᠤᠤᠯᠯᠠᠭᠴᠢ ᠢᠨᠵᠧᠨᠧᠷᠢᠩ ᠤᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠳᠤ ᠵᠠᠷᠴᠢᠮ ᠳᠡᠭᠡᠷ᠎ᠡ ᠪᠠᠨ ᠵᠠᠰᠠᠭ ᠤᠨ ᠤᠷᠳᠤᠨ ᠤ ᠲᠤᠭᠲᠠᠭᠠᠭᠰᠠᠨ ᠦᠨ᠎ᠡ ᠶᠢ ᠬᠡᠷᠡᠭᠵᠢᠬᠦᠯᠵᠤ᠂ ᠨᠦᠬᠦᠴᠡᠯ ᠪᠦᠷᠢᠳᠦᠭᠰᠡᠨ ᠳᠤ ᠨᠢ ᠵᠦᠪᠯᠡᠵᠤ ᠲᠤᠭᠲᠠᠭᠠᠭᠰᠠᠨ ᠦᠨ᠎ᠡ  ᠶᠢ ᠬᠡᠷᠡᠭᠵᠢᠭᠦᠯᠵᠤ ᠪᠤᠯᠤᠨ᠎ᠠ᠃ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠤᠷᠤᠨ ᠤ ᠦᠵᠦᠭᠦᠷ ᠰᠤᠪᠠᠭ ᠤᠨ ᠰᠢᠰᠲ᠋ᠧᠮ᠂ ᠵᠢᠵᠢᠭ ᠬᠡᠯᠪᠡᠷᠢ ᠶᠢᠨ ᠤᠰᠤᠯᠠᠯᠲᠠ ᠶᠢᠨ ᠤᠷᠤᠨ ᠵᠢᠴᠢ ᠨᠡᠶᠢᠬᠡᠮ ᠤᠨ ᠬᠦᠷᠦᠩᠭᠡ ᠶᠢᠨ ᠪᠡᠯᠡ ᠤᠷᠤᠭᠤᠯᠤᠯᠲᠠ ᠪᠠᠷ ᠪᠠᠶᠢᠭᠤᠯᠤᠭᠰᠠᠨ ᠤᠰᠤ ᠬᠠᠩᠭᠠᠬᠤ ᠢᠨᠵᠧᠨᠧᠷᠢᠩ ᠨᠢ ᠵᠠᠰᠠᠭ ᠤᠨ ᠤᠷᠳᠤᠨ ᠤ ᠲᠤᠭᠲᠠᠭᠠᠭᠰᠠᠨ ᠦᠨ᠎ᠡ ᠶᠢ ᠬᠡᠷᠡᠭᠵᠢᠬᠦᠯᠵᠤ ᠪᠤᠯᠬᠤ ᠮᠦᠷᠲᠡᠭᠡᠨ ᠵᠦᠪᠯᠡᠨ ᠲᠤᠭᠲᠠᠭᠠᠭᠰᠠᠨ ᠦᠨ᠎ᠡ ᠶᠢ ᠬᠡᠷᠡᠭᠵᠢᠬᠦᠯᠵᠤ ᠪᠤᠯᠤᠨ᠎ᠠ᠂ ᠪᠤᠳᠠᠲᠠᠢ ᠠᠷᠭ᠎ᠠ ᠶᠢ ᠡᠯ᠎ᠡ ᠤᠰᠤᠯᠠᠯᠲᠠ ᠶᠢᠨ ᠤᠷᠤᠨ ᠲᠤᠰ ᠭᠠᠵᠠᠷ ᠤᠷᠤᠨ ᠤ ᠪᠤᠲᠠᠳᠤ ᠪᠠᠶᠢᠳᠠᠯ ᠢᠶᠠᠨ ᠦᠨᠳᠦᠰᠦᠯᠡᠵᠤ ᠦᠪᠡᠷᠳᠡᠭᠡᠨ ᠲᠤᠭᠲᠠᠭᠠᠨ᠎ᠠ᠃ ᠵᠠᠰᠠᠭ ᠤᠨ ᠤᠷᠳᠤᠨ ᠤ ᠲᠤᠭᠲᠠᠭᠠᠭᠰᠠᠨ ᠦᠨ᠎ᠡ ᠶᠢ ᠬᠡᠷᠡᠭᠵᠢᠬᠦᠯᠪᠡᠯ ᠦᠨ᠎ᠡ ᠬᠠᠩᠰᠢ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠪᠡᠷ ᠤᠨ ᠦᠷᠲᠡᠭ ᠢ ᠬᠢᠨᠠᠨ ᠪᠠᠶᠢᠴᠠᠭᠠᠵᠤ ᠤᠰᠤ ᠬᠠᠩᠭᠠᠬᠤ ᠦᠪᠡᠷ ᠤᠨ ᠦᠷᠲᠡᠭ᠂ ᠤᠰᠤᠨ ᠤ ᠡᠬᠢ ᠪᠠᠶᠠᠯᠢᠭ ᠤᠨ ᠲᠤᠳᠠᠭᠳᠠᠯ ᠤᠨ ᠬᠡᠮᠵᠢᠶ᠎ᠠ ᠵᠢᠴᠢ ᠬᠡᠷᠡᠭᠯᠡᠭᠴᠢᠳ ᠤᠨ ᠬᠦᠯᠢᠶᠡᠨ ᠠᠪᠬᠤ ᠴᠢᠳᠠᠪᠦᠷᠢ ᠶᠢ ᠶᠡᠷᠦᠩᠭᠡᠶᠢᠯᠡᠨ ᠪᠤᠳᠤᠯᠬᠢᠯᠠᠵᠤ ᠤᠰᠤ ᠬᠠᠩᠭᠠᠬᠤ ᠢᠨᠵᠧᠨᠧᠷᠢᠩ  ᠤᠨ ᠡᠯ᠎ᠡ ᠭᠤᠭᠴᠤᠭᠠᠨ ᠳᠠᠬᠢ ᠤᠰᠤᠨ ᠤ ᠦᠨ᠎ᠡ ᠶᠢ ᠵᠤᠬᠢᠰᠲᠠᠢ ᠲᠤᠭᠲᠠᠭᠠᠨ᠎ᠠ᠃ ᠵᠦᠪᠯᠡᠨ ᠲᠤᠭᠲᠠᠭᠠᠭᠰᠠᠨ ᠦᠨ᠎ᠡ ᠶᠢ ᠬᠡᠷᠡᠭᠵᠢᠬᠦᠯᠪᠡᠯ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ   ᠶᠢᠨ ᠬᠢᠨ ᠡᠷᠬᠡ ᠳᠡᠭᠰᠢ ᠰᠠᠶᠢᠨ ᠲᠤᠷ᠎ᠠ  ᠶᠢᠨ ᠰᠠᠭᠤᠷᠢᠨ ᠳᠡᠭᠡᠷ᠎ᠡ ᠤᠰᠤ ᠭᠠᠮᠨᠠᠬᠤ ᠶᠢ ᠠᠬᠢᠭᠤᠯᠬᠤ ᠳᠤ ᠠᠰᠢᠭᠲᠠᠢ ᠪᠦᠭᠡᠳ ᠢᠨᠵᠧᠨᠧᠷᠢᠩ ᠤᠨ ᠡᠷᠡᠭᠦᠯ ᠢᠶᠠᠷ ᠠᠵᠢᠯᠯᠠᠬᠤ ᠶᠢ ᠪᠠᠲᠤᠯᠠᠬᠤ ᠪᠠ ᠲᠠᠷᠢᠶᠠᠯᠠᠩ ᠤᠨ ᠦᠢᠯᠡᠰ ᠤᠨ ᠦᠢᠯᠡᠳᠪᠦᠷᠢᠯᠡᠯ ᠤᠨ ᠬᠦᠭᠵᠢᠯᠲᠡ ᠶᠢ ᠪᠠᠲᠤᠯᠠᠭᠰᠠᠨ ᠵᠠᠷᠴᠢᠮ ᠶᠤᠰᠤᠭᠠᠷ ᠵᠠᠰᠠᠭ ᠤᠨ ᠤᠷᠳᠤᠨ ᠤ ᠵᠢᠯᠤᠭᠤᠳᠬᠤ ᠦᠨ᠎ᠡ ᠶᠢᠨ ᠲᠤᠭᠤᠷᠢᠨ ᠤ ᠲᠤᠲᠤᠷ᠎ᠠ ᠲᠤᠭᠲᠠᠭᠠᠨ᠎ᠠ᠃ ᠤᠰᠤ ᠬᠠᠩᠭᠠᠬᠤ ᠦᠨ᠎ᠡ ᠶᠢ ᠵᠠᠷᠴᠢᠮ ᠳᠡᠭᠡᠷ᠎ᠡ ᠪᠠᠨ ᠠᠯᠬᠤᠮ ᠳᠠᠷᠠᠭᠠᠯᠠᠨ ᠳᠡᠭᠡᠭᠰᠢᠯᠡᠬᠦᠯᠵᠤ ᠤᠰᠤ ᠬᠠᠩᠭᠠᠬᠤ᠂ ᠰᠡᠯᠪᠢᠨ ᠬᠠᠮᠠᠭᠠᠯᠠᠬᠤ ᠦᠪᠡᠷ ᠤᠨ ᠦᠷᠲᠡᠭ ᠤᠨ ᠬᠢᠷᠢ ᠳᠦᠪᠰᠢᠨ ᠳᠤ  ᠬᠦᠷᠭᠡᠨ᠎ᠡ᠃      ⒉ᠲᠦᠷᠦᠯ ᠬᠤᠪᠢᠶᠠᠵᠤ ᠳᠡᠰ ᠢᠯᠭᠠᠨ ᠤᠰᠤᠨ ᠦᠨ᠎ᠡ ᠲᠤᠭᠳᠠᠭᠠᠬᠤ ᠶᠢ ᠰᠦᠪᠡᠭᠴᠢᠯᠡᠨ᠎ᠡ᠃ ᠮᠠᠨ ᠤ ᠬᠤᠰᠢᠭᠤᠨ ᠤ ᠪᠤᠳᠠᠲᠤ ᠪᠠᠶᠢᠳᠠᠯ ᠪᠠ ᠲᠠᠷᠢᠶᠠᠯᠠᠩ ᠤᠨ ᠦᠢᠯᠡᠰ ᠤᠨ ᠭᠦᠭᠵᠢᠯᠲᠡ ᠶᠢᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠵᠤ ᠠᠳᠠᠯᠢ ᠪᠤᠰᠤ ᠲᠠᠷᠢᠶᠠᠯᠠᠩ ᠤᠨ ᠦᠢᠯᠡᠰ ᠤᠨ ᠲᠠᠷᠢᠵᠤ ᠠᠷᠠᠴᠢᠯᠠᠬᠤ ᠪᠦᠲᠦᠴᠡ ᠪᠠ ᠤᠰᠤᠨ ᠤ ᠬᠠᠩᠭᠠᠯᠲᠠ ᠶᠢᠨ ᠡᠬᠢ ᠰᠤᠷᠪᠤᠯᠵᠢ ᠶᠢ ᠢᠯᠭᠠᠨ ᠬᠤᠪᠢᠶᠠᠵᠤ ᠤᠰᠤ ᠬᠡᠷᠡᠭᠯᠡᠬᠦ ᠰᠡᠭᠦᠯᠴᠢ ᠶᠢᠨ ᠭᠤᠭᠴᠤᠭᠠᠨ ᠳᠤ ᠤᠰᠤᠨ ᠦᠨ᠎ᠡ ᠶᠢ ᠲᠦᠷᠦᠯ ᠬᠤᠪᠢᠶᠠᠬᠤ ᠶᠢ ᠰᠦᠪᠡᠭᠴᠢᠯᠡᠨ ᠬᠡᠷᠡᠭᠵᠢᠬᠦᠯᠵᠤ ᠤᠰᠤ ᠬᠡᠷᠡᠭᠯᠡᠬᠦ ᠬᠡᠮᠵᠢᠶ᠎ᠡ ᠪᠠ ᠦᠢᠯᠡᠳᠪᠦᠷᠢᠯᠡᠯ ᠤᠨ ᠪᠦᠲᠦᠮᠵᠢ ᠵᠡᠷᠭᠡ ᠶᠢ ᠨᠢᠭᠡᠳᠦᠯᠲᠠᠢ ᠲᠦᠯᠦᠪᠯᠡᠨ ᠪᠤᠳᠤᠯᠬᠢᠯᠠᠨ᠎ᠠ᠃ ᠡᠯ᠎ᠡ ᠲᠦᠷᠦᠯ ᠤᠨ ᠤᠰᠤ ᠬᠡᠷᠡᠭᠯᠡᠬᠦ ᠦᠨ᠎ᠡ ᠶᠢ ᠵᠤᠬᠢᠰᠲᠠᠢ ᠲᠤᠭᠲᠠᠭᠠᠵᠤ᠂ ᠤᠰᠤ ᠬᠡᠷᠡᠭᠯᠡᠬᠦ ᠬᠡᠮᠵᠢᠶ᠎ᠡ ᠶᠡᠭᠡ ᠪᠤᠶᠤ ᠨᠡᠮᠡᠯᠲᠡ ᠦᠷᠲᠡᠭ ᠦᠨᠳᠦᠷ ᠠᠵᠤ ᠠᠬᠤᠢ ᠶᠢᠨ ᠲᠠᠷᠢᠮᠠᠯ ᠪᠠ ᠲᠡᠵᠢᠭᠡᠪᠦᠷᠢ ᠶᠢᠨ ᠦᠢᠯᠡᠰ ᠤᠨ ᠬᠡᠷᠡᠭᠯᠡᠬᠦ ᠤᠰᠤᠨ ᠦᠨ᠎ᠡ ᠨᠢ ᠪᠤᠰᠤᠳ ᠤᠰᠤ ᠬᠡᠷᠡᠭᠯᠡᠬᠦ ᠲᠦᠷᠦᠯ ᠠᠴᠠ ᠦᠨᠳᠦᠷ ᠪᠠᠶᠢᠵᠤ ᠭᠠᠵᠠᠷ ᠳᠤᠤᠷᠠᠬᠢ ᠤᠰᠤᠨ ᠦᠨ᠎ᠡ ᠨᠢ ᠭᠠᠵᠠᠷ ᠤᠨ ᠭᠠᠳᠠᠷᠭᠤ ᠶᠢᠨ ᠤᠰᠤᠨ ᠦᠨ᠎ᠡ ᠠᠴᠠ ᠦᠨᠳᠦᠷ᠂ ᠡᠩ ᠤᠨ ᠤᠰᠤᠨ ᠰᠤᠷᠪᠤᠯᠵᠢ ᠶᠢᠨ ᠦᠨ᠎ᠡ ᠨᠢ ᠡᠩ ᠤᠨ ᠪᠤᠰᠤ ᠤᠰᠤᠨ ᠰᠤᠷᠪᠤᠯᠵᠢ ᠶᠢᠨ ᠦᠨ᠎ᠡ ᠠᠴᠠ ᠦᠨᠳᠦᠷ᠃ ᠭᠠᠵᠠᠷ ᠳᠤᠤᠷᠠᠬᠢ ᠤᠰᠤ ᠶᠢ ᠲᠠᠲᠠᠨ ᠭᠠᠷᠭᠠᠬᠤ ᠤᠷᠤᠨ ᠨᠢ ᠵᠤᠬᠢᠰᠲᠠᠢ ᠠᠷᠭ᠎ᠠ ᠪᠠᠷᠢᠯ ᠢ ᠬᠡᠷᠡᠭᠯᠡᠵᠤ ᠭᠠᠵᠠᠷ ᠳᠤᠤᠷᠠᠬᠢ ᠬᠡᠷᠡᠭᠯᠡᠭᠡᠨ ᠤ ᠤᠰᠤᠨ ᠤ ᠦᠪᠡᠷ ᠤᠨ ᠦᠷᠲᠡᠭ ᠢ ᠲᠤᠰ ᠭᠠᠵᠠᠷ ᠤᠷᠤᠨ ᠤ ᠭᠠᠵᠠᠷ ᠤᠨ ᠭᠠᠳᠠᠷᠭᠤ ᠶᠢᠨ ᠤᠰᠤ ᠠᠴᠠ ᠦᠨᠳᠦᠷ ᠪᠠᠶᠢᠯᠭᠠᠵᠤ ᠭᠠᠵᠠᠷ ᠳᠤᠤᠷᠠᠬᠢ ᠤᠰᠤ ᠶᠢ ᠨᠦᠬᠦᠪᠦᠷᠢᠯᠡᠵᠤ ᠲᠡᠩᠴᠡᠭᠦᠷᠢᠰᠢᠬᠦᠯᠬᠦ ᠪᠠ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠭᠤᠯᠬᠤ ᠶᠢ ᠠᠬᠢᠭᠤᠯᠤᠨ᠎ᠠ᠃       ⒊ᠦᠨ᠎ᠡ ᠬᠠᠩᠰᠢ ᠶᠢ ᠲᠤᠬᠢᠷᠠᠭᠤᠯᠤᠨ ᠡᠵᠡᠮᠳᠡᠬᠦ ᠶᠢ ᠦᠨᠡᠨᠬᠦ ᠴᠢᠩᠭᠠᠳᠬᠠᠨ᠎ᠠ᠃ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠳᠦᠭᠦᠭᠡᠷᠦᠮᠵᠢ ᠶᠢᠨ ᠰᠠᠶᠢᠨ ᠠᠵᠢᠯᠯᠠᠬᠤ ᠶᠢ ᠪᠠᠲᠤᠯᠠᠬᠤ ᠪᠠᠷ ᠤᠷᠢᠳᠠᠯ ᠪᠤᠯᠭᠠᠵᠤ ᠤᠰᠤ ᠬᠠᠩᠭᠠᠬᠤ ᠦᠨ᠎ᠡ ᠬᠠᠩᠰᠢ ᠶᠢᠨ ᠲᠤᠭᠲᠠᠭᠰᠠᠨ ᠦᠨ᠎ᠡ ᠶᠢᠨ ᠲᠦᠪᠰᠢᠨ ᠢ ᠨᠢᠭᠡᠲᠦᠯᠲᠠᠢ ᠲᠦᠯᠦᠪᠯᠡᠵᠤ ᠲᠤᠭᠲᠠᠭᠠᠨ᠎ᠠ ᠃ ᠪᠦᠬᠦ ᠬᠤᠰᠢᠭᠤᠨ ᠤ ᠲᠠᠷᠢᠶᠠᠯᠠᠩ   ᠳᠤ ᠬᠡᠷᠡᠭᠯᠡᠬᠦ ᠤᠰᠤᠨ ᠦᠨ᠎ᠡ ᠶᠢ ᠪᠦᠬᠦᠯᠢ ᠴᠤᠭᠴᠠ ᠳᠡᠭᠡᠷ᠎ᠡ ᠪᠠᠨ ᠠᠵᠢᠯᠯᠠᠬᠤ ᠪᠠ ᠰᠡᠯᠪᠢᠨ ᠬᠠᠮᠠᠭᠠᠯᠠᠬᠤ ᠦᠪᠡᠷ ᠤᠨ ᠦᠷᠲᠡᠭ ᠤᠨ ᠬᠢᠷᠢ ᠳᠦᠪᠰᠢᠨ ᠳᠤ ᠬᠦᠷᠭᠡᠵᠤ ᠭᠠᠵᠠᠷ ᠲᠤᠤᠷᠠᠬᠢ ᠤᠰᠤ ᠶᠢ  ᠬᠡᠳᠦᠷᠡᠳᠡᠯ᠎ᠡ ᠳᠠᠲᠠᠵᠤ ᠠᠪᠬᠤ ᠤᠷᠤᠨ ᠢ ᠦᠪᠡᠷ ᠤᠨ ᠦᠷᠲᠡᠭ ᠤᠨ ᠬᠢᠷᠢ ᠲᠦᠪᠰᠢᠨ ᠳᠤ ᠬᠦᠷᠭᠡᠨ᠎ᠡ᠃ ᠨᠡᠮᠡᠯᠲᠡ ᠦᠷᠲᠡᠭ ᠦᠨᠳᠦᠷ ᠠᠵᠤ ᠠᠬᠤᠢ ᠶᠢᠨ ᠲᠠᠷᠢᠮᠠᠯ᠂ ᠲᠠᠷᠢᠶᠠᠯᠠᠩ ᠪᠠ ᠮᠠᠯ ᠲᠡᠵᠢᠭᠡᠪᠦᠷᠢ ᠶᠢᠨ ᠦᠢᠯᠡᠰ ᠤᠨ ᠲᠦᠪᠯᠡᠷᠡᠭᠰᠡᠨ ᠤᠷᠤᠨ ᠳᠤ ᠦᠴᠦᠬᠡᠨ ᠠᠰᠢᠭ ᠤᠨ ᠬᠢᠷᠢ ᠬᠡᠮᠵᠢᠶᠠᠨ ᠳᠤ ᠬᠦᠷᠭᠡᠨ᠎ᠡ᠃ ᠪᠤᠳᠠᠰ ᠤᠨ ᠦᠨ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠠᠷᠢᠶᠠᠯᠠᠩ ᠳᠤ ᠬᠡᠷᠡᠭᠯᠡᠬᠦ ᠤᠰᠤ ᠬᠠᠩᠭᠠᠬᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠦᠨ ᠨᠡᠶᠢᠳᠡᠯᠡᠬᠦ ᠪᠤᠶᠤ ᠵᠠᠰᠠᠪᠤᠷᠢ ᠤᠷᠤᠭᠤᠯᠵᠤ᠂ ᠦᠨ᠎ᠡ ᠶᠢ ᠲᠤᠬᠢᠷᠠᠭᠤᠯᠬᠤ᠂ ᠠᠰᠢᠭ ᠲᠤᠰᠠ ᠶᠢ ᠵᠤᠬᠢᠴᠠᠭᠤᠯᠬᠤ᠂ ᠵᠤᠬᠢᠰᠲᠠᠢ ᠨᠦᠬᠦᠪᠦᠷᠢᠯᠡᠬᠦ ᠲᠠᠢ ᠬᠠᠷᠢᠯᠴᠠᠨ ᠤᠶᠠᠯᠳᠤᠭᠤᠯᠬᠤ  ᠶᠢ ᠪᠠᠷᠢᠮᠲᠠᠯᠠᠵᠤ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢᠨ ᠦᠭᠡᠷᠡᠴᠢᠯᠡᠯᠲᠡ᠂ ᠲᠠᠷᠢᠶᠠᠯᠠᠩ ᠤᠨ ᠶᠡᠷᠦᠩᠭᠡᠶᠢᠯᠡᠭᠰᠡᠨ ᠦᠭᠡᠷᠡᠴᠢᠯᠡᠯᠲᠡ᠂ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠲᠠᠢ ᠬᠠᠷᠢᠯᠴᠠᠨ ᠵᠤᠬᠢᠴᠠᠯᠳᠤᠭᠤᠯᠵᠤ ᠦᠨ᠎ᠡ ᠶᠢ ᠲᠤᠬᠢᠷᠠᠭᠤᠯᠬᠤ ᠠᠵᠠ ᠲᠤᠬᠢᠶᠠᠯ᠂ ᠬᠦᠴᠦᠯᠡᠴᠡ ᠪᠠ ᠬᠤᠷᠳᠤᠴᠠ ᠶᠢ ᠠᠳᠬᠤᠨ ᠢᠵᠢ ᠪᠦᠷᠢᠳᠦᠭᠰᠡᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢ ᠲᠤᠭᠲᠠᠭᠠᠬᠤ ᠪᠠ ᠲᠤᠬᠢᠷᠠᠭᠤᠯᠬᠤ ᠲᠤᠭᠲᠠᠯᠴᠠᠭ᠎ᠠ ᠶᠢ ᠪᠠᠶᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢ ᠲᠤᠭᠲᠠᠭᠠᠬᠤ ᠪᠠ ᠲᠤᠬᠢᠷᠠᠭᠤᠯᠬᠤ ᠲᠤᠭᠲᠠᠯᠴᠠᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠲᠦᠷᠢᠮᠴᠢ ᠴᠢᠨᠠᠷ ᠪᠠ ᠢᠯᠡ ᠲᠤᠲᠤ ᠴᠢᠨᠠᠷ ᠢ ᠪᠤᠲᠠᠳᠠᠢ ᠨᠡᠮᠡᠭᠳᠡᠬᠦᠯᠵᠤ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠤᠨᠤᠰᠬᠤ ᠪᠤᠶᠤ ᠰᠢᠩᠭᠡᠭᠡᠨ ᠠᠪᠴᠤ ᠲᠠᠷᠢᠶᠠᠯᠠᠩ ᠳᠤ ᠬᠡᠷᠡᠭᠯᠡᠬᠦ ᠤᠰᠤ ᠬᠠᠩᠭᠠᠬᠤ ᠦᠨ᠎ᠡ ᠬᠠᠩᠰᠢ ᠶᠢ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠠᠷ ᠲᠤᠭᠲᠠᠭᠠᠬᠤ ᠪᠠ ᠲᠤᠬᠢᠷᠠᠭᠤᠯᠤᠨ᠎ᠠ᠃ ᠤᠰᠤᠨ ᠤ ᠦᠨ᠎ᠡ ᠶᠢ ᠲᠤᠬᠢᠷᠠᠭᠤᠯᠬᠤ ᠳᠤ ᠦᠭᠡᠷᠡᠴᠢᠯᠡᠯᠲᠡ ᠶᠢᠨ ᠠᠬᠢᠴᠠ ᠶᠢᠨ ᠱᠠᠭᠠᠷᠳᠠᠯᠭ᠎ᠠ ᠲᠠᠢ ᠴᠢᠩᠭ᠎ᠠ ᠤᠶᠠᠯᠳᠤᠭᠤᠯᠵᠤ ᠨᠢᠭᠡ ᠯᠠ ᠠᠯᠬᠤᠮ ᠳᠡᠭᠡᠷ᠎ᠡ ᠭᠦᠢᠴᠡᠳᠬᠡᠬᠦ ᠪᠤᠶᠤ ᠠᠯᠬᠤᠮ ᠬᠤᠪᠢᠶᠠᠨ ᠭᠦᠢᠴᠡᠳᠬᠡᠵᠤ ᠪᠤᠯᠤᠨ᠎ᠠ᠃      ⒋ᠬᠡᠷᠡᠭᠯᠡᠬᠦ ᠤᠰᠤ ᠲᠤᠭᠲᠠᠭᠰᠠᠨ ᠨᠤᠷᠮ᠎ᠠ ᠠᠴᠠ ᠳᠠᠪᠠᠪᠠᠯ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠠᠯᠬᠤᠮ ᠳᠠᠷᠠᠭᠠᠯᠠᠨ ᠶᠠᠪᠤᠭᠳᠠᠭᠤᠯᠤᠨ᠎ᠠ᠃ ᠬᠡᠮᠵᠢᠯᠲᠡ ᠶᠢᠨ ᠲᠦᠬᠦᠭᠡᠷᠦᠮᠵᠢ ᠶᠢᠨ ᠢᠵᠢ ᠪᠦᠷᠢᠳᠦᠬᠦᠯᠬᠦ ᠪᠠ ᠲᠠᠷᠢᠶᠠᠯᠠᠩ ᠳᠤ ᠤᠰᠤ ᠬᠡᠷᠡᠭᠯᠡᠬᠦ ᠲᠤᠭᠲᠠᠭᠰᠠᠨ ᠨᠤᠷᠮ᠎ᠠ ︵ᠲᠦᠯᠦᠪᠯᠡᠭᠡ︶ ᠶᠢ ᠵᠤᠬᠢᠰᠲᠠᠢ ᠲᠤᠭᠲᠠᠭᠠᠭᠰᠠᠨ ᠤ ᠰᠠᠭᠤᠷᠢᠨ ᠳᠡᠭᠡᠷ᠎ᠡ ᠬᠡᠷᠡᠭᠯᠡᠭᠰᠡᠨ ᠬᠡᠮᠵᠢᠶ᠎ᠡ ᠶᠢ ᠬᠡᠮᠵᠢᠵᠤ ᠰᠦᠢᠳᠬᠡᠯ ᠬᠤᠷᠢᠶᠠᠬᠤ ᠪᠤᠯᠤᠨ ᠤᠰᠤ ᠬᠡᠷᠡᠭᠯᠡᠬᠦ ᠲᠤᠭᠲᠠᠭᠰᠠᠨ ᠨᠤᠷᠮ᠎ᠠ ︵ᠲᠦᠯᠦᠪᠯᠡᠭᠡ︶ ᠠᠴᠠ ᠳᠠᠪᠠᠪᠠᠯ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠬᠠᠷᠢᠯᠴᠠᠨ ᠤᠶᠠᠯᠳᠤᠭᠤᠯᠵᠤ ᠤᠰᠤ ᠬᠡᠷᠡᠭᠯᠡᠬᠦ ᠲᠦᠷᠢᠮ ᠢ ᠳᠡᠯᠭᠡᠷᠡᠭᠦᠯᠦᠨ᠎ᠡ᠃ ᠲᠤᠭᠲᠠᠭᠰᠠᠨ ᠨᠤᠷᠮ᠎ᠠ ︵ᠲᠦᠯᠦᠪᠯᠡᠭᠡ︶ ᠠᠴᠠ ᠳᠠᠪᠠᠪᠠᠯ ᠤᠰᠤ ᠬᠡᠷᠡᠭᠯᠡᠬᠦ ᠬᠠᠷᠢᠴᠠᠯ ᠪᠤᠯᠤᠨ ᠦᠨ᠎ᠡ ᠨᠡᠮᠡᠬᠦ ᠬᠡᠮᠵᠢᠶ᠎ᠡ ᠶᠢᠨ ᠲᠤᠬᠢᠷᠠᠭᠤᠯᠤᠯᠲᠠ  ᠶᠢ ᠦᠪᠡᠷᠳᠡᠭᠡᠨ ᠵᠠᠰᠠᠬᠤ ᠤᠷᠤᠨ ᠤ ᠦᠨ᠎ᠡ ᠬᠠᠩᠰᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠦᠪᠡᠷᠳᠡᠭᠡᠨ ᠵᠠᠰᠠᠬᠤ ᠤᠷᠤᠨ ᠤ ᠣᠰᠤᠨ ᠠᠰᠢᠭᠯᠠᠯᠲᠠ ᠶᠢᠨ ᠲᠢᠩᠭᠢᠮ ᠤᠨ ᠲᠤᠭᠲᠠᠭᠠᠭᠰᠠᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃      ︵ᠨᠠᠢᠮᠠ︶ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠳᠤ ᠤᠨᠤᠪᠴᠢᠲᠠᠢ ᠨᠦᠬᠦᠪᠦᠷᠢ ᠤᠯᠭᠤᠬᠤ ᠪᠠ ᠤᠰᠤ ᠠᠷᠪᠢᠯᠠᠬᠤ ᠶᠢ ᠱᠠᠩᠨᠠᠨ ᠬᠦᠬᠢᠬᠦᠯᠬᠦ ᠲᠤᠭᠲᠠᠴᠠ ᠶᠢ ᠪᠠᠶᠢᠭᠤᠯᠤᠨ᠎ᠠ᠃     ⒈ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠳᠤ ᠤᠨᠤᠪᠴᠢᠲᠠᠢ ᠨᠦᠬᠦᠪᠦᠷᠢ ᠤᠯᠭᠤᠬᠤ ᠲᠤᠭᠲᠠᠴᠠ  ᠶᠢ ᠪᠠᠶᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠪᠦᠷᠢᠯᠳᠦᠯ ᠤᠨ ᠲᠤᠭᠲᠠᠴᠠ ᠶᠢ ᠲᠡᠭᠦᠯᠳᠡᠷᠵᠢᠬᠦᠯᠦᠭᠰᠡᠨ ᠰᠠᠭᠤᠷᠢᠨ ᠳᠡᠭᠡᠷ᠎ᠡ ᠤᠰᠤ ᠠᠷᠪᠢᠯᠠᠭᠰᠠᠨ ᠦᠷ᠎ᠡ ᠪᠦᠲᠦᠮᠵᠢ᠂ ᠦᠨ᠎ᠡ ᠲᠤᠬᠢᠷᠠᠭᠤᠯᠬᠤ ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ ᠵᠢᠴᠢ ᠤᠰᠤᠨ ᠤ ᠬᠠᠮᠢᠶᠠᠷᠤᠯᠲᠠ ᠶᠢᠨ ᠪᠠᠶᠢᠭᠤᠯᠭ᠎ᠠ ᠶᠢᠨ ᠠᠵᠢᠯᠯᠠᠵᠤ ᠪᠠᠶᠢᠭ᠎ᠠ ᠪᠠᠶᠢᠳᠠᠯ ᠲᠠᠢ ᠬᠠᠷᠢᠯᠴᠠᠨ ᠲᠤᠬᠢᠷᠠᠯᠴᠠᠭᠰᠠᠨ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠳᠤ ᠤᠨᠤᠪᠴᠢᠲᠠᠢ ᠨᠦᠬᠦᠪᠦᠷᠢ ᠤᠯᠭᠤᠬᠤ ᠲᠤᠭᠲᠠᠴᠠ ᠶᠢ ᠪᠠᠶᠢᠭᠤᠯᠤᠨ᠎ᠠ᠃ ᠤᠰᠤᠨ ᠦᠨ᠎ᠡ ᠶᠢᠨ ᠤᠰᠤ ᠠᠷᠪᠢᠯᠠᠬᠤ ᠭᠦᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠶᠢᠨ ᠵᠡᠷᠭᠡ ᠳᠤ ᠶᠡᠷᠦᠩᠬᠡᠢ ᠳᠤ ᠨᠢ ᠲᠠᠷᠢᠶᠠᠴᠢᠨ ᠡᠷᠦᠬᠡ ᠲᠤᠭᠲᠠᠭᠰᠠᠨ ᠨᠤᠷᠮ᠎ᠠ ᠶᠢᠨ ᠲᠤᠲᠤᠷ᠎ᠠ ᠤᠰᠤ ᠬᠡᠷᠡᠭᠯᠡᠬᠦ ᠤᠰᠤᠨ ᠰᠦᠢᠳᠬᠡᠯ ᠤᠨ ᠵᠠᠷᠤᠯᠭ᠎ᠠ ᠶᠢ ᠨᠡᠮᠡᠭᠳᠡᠬᠦᠯᠬᠦ ᠦᠭᠡᠢ ᠪᠠᠶᠢᠬᠤ ᠶᠢ ᠪᠠᠲᠤᠯᠠᠵᠤ᠂ ᠲᠠᠷᠢᠶᠠᠴᠢᠨ ᠡᠷᠦᠬᠡ ᠶᠢᠨ ᠵᠦᠢ ᠵᠤᠬᠢᠰᠲᠠᠢ ᠤᠰᠤ ᠬᠡᠷᠡᠭᠯᠡᠬᠦ ᠡᠷᠬᠡ ᠠᠰᠢᠭ ᠢ ᠪᠠᠲᠤᠯᠠᠨ᠂ ᠲᠠᠷᠢᠶᠠᠴᠢᠨ ᠤ ᠠᠮᠤ ᠪᠤᠳᠠᠭ᠎ᠠ ᠲᠠᠷᠢᠬᠤ ᠢᠳᠡᠪᠬᠢᠲᠤ ᠴᠢᠨᠠᠷ ᠢ ᠬᠠᠮᠠᠭᠠᠯᠠᠨ᠎ᠠ᠃ ᠤᠨᠤᠪᠴᠢᠲᠠᠢ ᠨᠦᠬᠦᠪᠦᠷᠢ ᠤᠯᠭᠤᠬᠤ  ᠨᠢ ᠤᠰᠤᠨ ᠤ ᠦᠨ᠎ᠡ ᠶᠢᠨ ᠲᠤᠬᠢᠷᠠᠭᠤᠯᠤᠯᠲᠠ ᠪᠠᠷ ᠤᠷᠢᠳᠠᠯ ᠪᠤᠯᠭᠠᠨ ᠲᠠᠷᠢᠶᠠᠴᠢᠨ ᠤ ᠤᠰᠤᠯᠠᠯᠲᠠ ᠳᠤ ᠤᠰᠤ ᠬᠡᠷᠡᠭᠯᠡᠬᠦ ᠬᠡᠮᠵᠢᠶ᠎ᠡ ᠶᠢᠨ ᠬᠦᠯᠢᠶᠡᠵᠤ ᠠᠪᠴᠤ ᠳᠡᠶᠢᠯᠬᠦ ᠴᠢᠳᠠᠪᠤᠷᠢ ᠲᠠᠢ ᠲᠤᠬᠢᠷᠠᠯᠴᠠᠭᠤᠯᠵᠤ᠂ ᠪᠤᠳᠠᠲᠠᠢ ᠤᠰᠤᠯᠠᠵᠤ ᠦᠭᠡᠢ᠂ ᠲᠠᠷᠢᠶᠠᠯᠠᠩ ᠳᠤ ᠬᠡᠷᠡᠭᠯᠡᠬᠦ ᠤᠰᠤ ᠨᠢ ᠲᠤᠭᠲᠠᠭᠰᠠᠨ ᠨᠤᠷᠮ᠎ᠠ ᠠᠴᠠ ᠳᠠᠪᠠᠵᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠲᠤᠬᠢᠷᠠᠭᠤᠯᠤᠯᠲᠠ ᠨᠢ ᠱᠠᠭᠠᠷᠳᠠᠯᠭ᠎ᠠ ᠳᠤ ᠬᠦᠷᠦᠭᠰᠡᠨ ᠦᠭᠡᠢ ᠪᠤᠶᠤ ᠲᠠᠷᠢᠶᠠᠴᠢᠨ ᠡᠷᠦᠬᠡ ᠶᠢᠨ ᠬᠦᠯᠢᠶᠡᠵᠤ ᠠᠪᠴᠤ ᠳᠡᠶᠢᠯᠬᠦ ᠴᠢᠳᠠᠪᠦᠷᠢ ᠠᠴᠠ ᠬᠡᠲᠦᠷᠡᠭᠰᠡᠨ ᠦᠭᠡᠢ ᠪᠠᠶᠢᠪᠠᠯ ᠨᠦᠬᠦᠪᠦᠷᠢ ᠤᠯᠭᠤᠬᠤ ᠦᠭᠡᠢ᠃ ᠤᠨᠤᠪᠴᠢᠲᠠᠢ ᠨᠦᠬᠦᠪᠦᠷᠢ ᠤᠯᠭᠤᠬᠤ ᠡᠳᠡᠭᠡᠳ ᠨᠢ ᠭᠤᠤᠯᠳᠠᠭᠤ ᠲᠤᠭᠲᠠᠭᠰᠠᠨ ᠨᠤᠷᠮ᠎ᠠ ᠶᠢᠨ ᠲᠤᠲᠤᠷ᠎ᠠ ᠤᠰᠤ ᠬᠡᠷᠡᠭᠯᠡᠵᠤ ᠠᠮᠤ ᠪᠤᠳᠠᠭ᠎ᠠ ᠲᠠᠷᠢᠬᠤ ᠳᠤ ᠤᠰᠤ ᠬᠡᠷᠡᠭᠯᠡᠬᠦ ᠪᠡᠶᠡᠴᠢ ᠴᠤᠭᠴᠠ ᠪᠠᠶᠢᠵᠤ ᠠᠳᠠᠯᠢ ᠪᠤᠰᠤ ᠬᠡᠪᠴᠢᠶᠡᠵᠢᠯ  ᠤᠨ ᠤᠰᠤ ᠬᠡᠷᠡᠭᠯᠡᠬᠦ ᠲᠠᠷᠢᠶᠠᠴᠢᠨ ᠡᠷᠦᠬᠡ᠂ ᠵᠢᠩᠭᠢᠨᠢ ᠪᠠᠷ ᠳᠠᠩᠰᠠᠯᠠᠭᠤᠯᠤᠭᠰᠠᠨ ᠲᠠᠷᠢᠶᠠᠴᠢᠨ ᠤ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ᠂ ᠬᠠᠤᠯᠢ ᠶᠤᠰᠤᠭᠠᠷ ᠪᠠᠶᠢᠭᠤᠯᠤᠭᠰᠠᠨ ᠲᠤᠰᠬᠠᠶᠢᠵᠢᠭᠰᠠᠨ ᠲᠤᠮᠤ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠦᠢᠯᠡᠴᠢᠯᠡᠭᠡᠨ ᠤ ᠲᠤᠰᠬᠠᠶᠢᠵᠢᠭᠰᠠᠨ ᠺᠤᠮᠫᠠᠨᠢ᠂ ᠲᠠᠷᠢᠶᠠᠴᠢᠳ ᠤᠨ ᠬᠤᠷᠰᠢᠶᠠᠵᠢᠯ ᠪᠠ ᠲᠠᠷᠢᠶᠠᠯᠠᠩ ᠤᠨ ᠦᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠵᠤᠬᠢᠶᠠᠨ ᠪᠠᠶᠢᠭᠤᠯᠤᠯᠲᠠ ᠵᠢᠴᠢ ᠵᠢᠵᠢᠭ ᠬᠡᠯᠪᠡᠷᠢ ᠶᠢᠨ ᠤᠰᠤᠯᠠᠯᠲᠠ ᠶᠢᠨ ᠲᠦᠬᠦᠭᠡᠷᠦᠮᠵᠢ ᠪᠠ ᠢᠵᠢ ᠪᠦᠷᠢᠳᠦᠭᠰᠡᠨ ᠬᠡᠮᠵᠢᠯᠲᠡ ᠶᠢᠨ ᠳᠦᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠭᠤᠤᠯ ᠴᠤᠭᠴᠠ ᠶᠢ ᠪᠠᠭᠲᠠᠭᠠᠨ᠎ᠠ᠃ ᠨᠦᠬᠦᠪᠦᠷᠢᠯᠡᠬᠦ ᠪᠠᠷᠢᠮᠵᠢᠶ᠎ᠠ ᠶᠢ ᠭᠤᠤᠯᠳᠠᠭᠤ ᠲᠤᠭᠲᠠᠭᠰᠠᠨ ᠨᠤᠷᠮ᠎ᠠ ᠶᠢᠨ ᠲᠤᠲᠤᠷ᠎ᠠ ᠤᠰᠤ ᠬᠡᠷᠡᠭᠯᠡᠬᠦ ᠦᠪᠡᠷ ᠤᠨ ᠦᠷᠳᠡᠭ ᠪᠤᠯᠤᠨ  ᠠᠵᠢᠯᠯᠠᠵᠤ ᠰᠡᠯᠪᠢᠨ ᠬᠠᠮᠠᠭᠠᠯᠠᠬᠤ ᠦᠪᠡᠷ ᠤᠨ ᠦᠷᠲᠡᠭ ᠤᠨ ᠬᠤᠭᠤᠷᠤᠨᠳᠠᠬᠢ ᠵᠦᠷᠢᠶ᠎ᠡ ᠶᠢ ᠦᠨᠳᠦᠰᠦᠯᠡᠵᠤ ᠨᠦᠬᠦᠪᠦᠷᠢ ᠤᠯᠭᠤᠵᠤ᠂ ᠪᠤᠳᠠᠲᠠᠢ ᠨᠦᠬᠦᠪᠦᠷᠢ ᠤᠯᠭᠤᠬᠤ ᠪᠠᠷᠢᠮᠵᠢᠶ᠎ᠠ  ᠶᠢ ᠮᠠᠨ ᠤ ᠬᠤᠰᠢᠭᠤᠨ ᠤ ᠤᠰᠤᠨ ᠤ ᠶᠠᠪᠤᠳᠠᠯ᠂ ᠡᠳ᠋ ᠤᠨ ᠵᠠᠰᠠᠭ᠂ ᠬᠦᠭᠵᠢᠭᠦᠯᠦᠯᠲᠡ ᠦᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ ᠰᠢᠷᠤᠢ ᠵᠡᠷᠭᠡ ᠲᠠᠪᠤᠨ ᠰᠠᠯᠠᠭ᠎ᠠ ᠮᠦᠴᠢᠷ ᠤᠨ ᠰᠢᠯᠭᠠᠨ ᠪᠤᠳᠤᠭᠰᠠᠨ ᠦᠷ᠎ᠡ ᠳ᠋ᠦᠩ ᠢᠶᠠᠷ ᠪᠠᠷᠢᠮᠲᠠ ᠪᠤᠯᠭᠠᠨ ᠲᠤᠭᠲᠠᠭᠠᠨ᠎ᠠ᠃ ᠪᠤᠲᠠᠲᠠᠢ ᠨᠦᠬᠦᠪᠦᠷᠢ ᠤᠯᠭᠤᠬᠤ ᠶᠠᠪᠤᠴᠠ᠂ ᠠᠷᠭ᠎ᠠ ᠪᠠᠷᠢᠯ ᠪᠤᠯᠤᠨ ᠪᠡᠯᠡ ᠮᠦᠩᠭᠦᠨ ᠬᠡᠷᠡᠭᠯᠡᠯᠲᠡ ᠶᠢᠨ ᠬᠠᠮᠢᠶᠠᠷᠤᠯᠲᠠ ᠵᠡᠷᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠨ᠎ᠠ᠃      ⒉ ᠲᠠᠷᠢᠶᠠᠯᠠᠩ ᠤᠨ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠲᠤᠭᠲᠠᠴᠠ ᠶᠢ ᠪᠠᠶᠢᠭᠤᠯᠤᠨ᠎ᠠ᠃ ᠠᠵᠢᠯᠯᠠᠭᠤᠯᠬᠤ ᠳᠤ ᠳᠦᠬᠦᠮ᠂ ᠬᠡᠷᠡᠭᠯᠡᠭᠴᠢᠳ ᠨᠡᠶᠢᠳᠡᠮ ᠬᠦᠯᠢᠶᠠᠨ ᠠᠪᠳᠠᠭ ᠱᠠᠩᠨᠠᠨ ᠬᠦᠬᠢᠬᠦᠯᠬᠦ ᠲᠤᠭᠲᠠᠴᠠ ᠶᠢ ᠪᠠᠶᠢᠭᠤᠯᠵᠤ᠂ ᠱᠠᠩᠨᠠᠨ ᠬᠦᠬᠢᠬᠦᠯᠬᠦ ᠪᠠᠷᠢᠮᠵᠢᠶ᠎ᠠ ᠶᠢ ᠬᠤᠰᠢᠭᠤ ᠤᠰᠤᠨ ᠠᠰᠢᠭᠯᠠᠯᠲᠠ ᠶᠢᠨ ᠶᠠᠪᠤᠳᠠᠯ ᠤᠨ ᠲᠤᠪᠴᠢᠶ᠎ᠠ ᠪᠤᠯᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠲᠤᠪᠴᠢᠶ᠎ᠠ ᠠᠴᠠ ᠲᠤᠭᠲᠠᠭᠠᠵᠤ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠨ᠂ ᠤᠰᠤ ᠠᠷᠪᠢᠯᠠᠭᠰᠠᠨ ᠬᠡᠮᠵᠢᠶ᠎ᠡ ᠶᠢ ᠦᠨᠳᠦᠰᠦᠯᠡᠨ ᠤᠰᠤ ᠠᠷᠪᠢᠯᠠᠬᠤ ᠳᠦᠬᠦᠭᠡᠷᠦᠮᠵᠢ᠂ ᠲᠠᠷᠢᠮᠠᠯ ᠤᠨ ᠪᠦᠲᠦᠴᠡ ᠶᠢ ᠲᠤᠬᠢᠷᠠᠭᠤᠯᠬᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ  ᠶᠢᠨ ᠭᠤᠤᠯ ᠴᠤᠭᠴᠠ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠲᠠᠷᠢᠶᠠᠴᠢᠨ ᠤ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠲᠠ ᠪᠤᠯᠤᠨ ᠲᠠᠷᠢᠶᠠᠴᠢᠨ ᠡᠷᠦᠬᠡ ᠶᠢ ᠱᠠᠩᠨᠠᠨ ᠬᠦᠬᠢᠬᠦᠯᠵᠤ ᠤᠰᠤ ᠬᠡᠷᠡᠭᠯᠡᠭᠴᠢᠳ ᠤᠨ ᠰᠠᠨᠠᠭᠠᠴᠢᠯᠠᠭ᠎ᠠ ᠠᠴᠠ ᠪᠠᠨ ᠤᠰᠤ  ᠠᠷᠪᠢᠯᠠᠬᠤ ᠤᠬᠠᠮᠰᠠᠷ ᠪᠠ ᠢᠳᠡᠪᠬᠢᠲᠤ ᠴᠢᠨᠠᠷ ᠢ ᠳᠡᠭᠡᠭᠰᠢᠯᠡᠬᠦᠯᠦᠨ᠎ᠡ᠃          ⒊ᠤᠯᠠᠨ ᠵᠦᠢᠯ ᠤᠨ ᠠᠷᠭ᠎ᠠ ᠵᠠᠮ ᠢᠶᠠᠷ ᠲᠠᠷᠢᠶᠠᠯᠠᠩ ᠤᠨ ᠤᠰᠤ ᠠᠷᠪᠢᠯᠠᠭᠰᠠᠨ ᠳᠤ ᠤᠨᠤᠪᠴᠢᠲᠠᠢ ᠨᠦᠬᠦᠪᠦᠷᠢ ᠤᠯᠭᠤᠬᠤ ᠪᠠ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠪᠡᠯᠡ ᠮᠦᠩᠭᠦ ᠶᠢ ᠬᠤᠷᠠᠮᠳᠤᠭᠤᠯᠤᠨ᠎ᠠ᠃ ᠤᠯᠤᠰ ᠤᠨ ᠡᠯ᠎ᠡ ᠲᠦᠷᠦᠯ ᠤᠨ ᠪᠡᠯᠡ ᠮᠦᠩᠭᠦ ᠶᠢᠨ ᠲᠦᠷᠦ ᠶᠢᠨ ᠪᠤᠳᠤᠯᠭ᠎ᠠ ᠶᠢ ᠢᠳᠡᠪᠬᠢᠲᠠᠢ ᠲᠡᠮᠡᠴᠡᠨ ᠤᠯᠬᠤ  ᠶᠢᠨ ᠬᠠᠮᠲᠤ ᠮᠠᠨ ᠤ ᠬᠤᠰᠢᠭᠤ ᠡᠯ᠎ᠡ ᠱᠠᠲᠤᠨ ᠤ ᠡᠳ᠋ ᠤᠨ ᠵᠠᠰᠠᠭ ᠢ ᠲᠠᠷᠢᠶᠠᠯᠠᠩ ᠤᠨ ᠤᠰᠤᠯᠠᠯᠲᠠ ᠶᠢᠨ ᠢᠨᠵᠧᠨᠧᠷᠢᠩ ᠤᠨ ᠠᠵᠢᠯ ᠤᠨ ᠬᠠᠮᠢᠶᠠᠷᠤᠯᠲᠠ ᠶᠢᠨ ᠰᠦᠢᠳᠬᠡᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠦᠬᠦᠭᠡᠷᠦᠮᠵᠢ ᠶᠢ ᠵᠠᠰᠠᠨ ᠬᠠᠮᠠᠭᠠᠯᠠᠬᠤ ᠨᠦᠬᠦᠪᠦᠷᠢ ᠶᠢᠨ ᠪᠡᠯᠡ ᠮᠦᠩᠭᠦ᠂ ᠬᠠᠮᠢᠶ᠎ᠠ ᠪᠦᠬᠦᠢ ᠲᠠᠷᠢᠶᠠᠯᠠᠩ ᠤᠨ ᠱᠠᠩᠨᠠᠨ ᠨᠦᠬᠦᠬᠦ ᠪᠡᠯᠡ ᠮᠦᠩᠭᠦ᠂ ᠤᠰᠤᠨ ᠤ ᠡᠬᠢ ᠪᠠᠶᠠᠯᠢᠭ ᠤᠨ ᠰᠦᠢᠳᠬᠡᠯ ᠵᠡᠷᠭᠡ ᠶᠢ ᠨᠢᠭᠡᠳᠦᠯᠲᠠᠢ ᠲᠦᠯᠦᠪᠵᠢᠭᠦᠯᠵᠤ ᠤᠨᠤᠪᠴᠢᠲᠠᠢ ᠨᠦᠬᠦᠪᠦᠷᠢ ᠤᠯᠭᠤᠬᠤ ᠪᠠ ᠤᠰᠤ ᠭᠠᠮᠨᠠᠭᠰᠠᠨ ᠢ ᠱᠠᠩᠨᠠᠨ ᠬᠦᠬᠢᠬᠦᠯᠬᠦ ᠪᠡᠯᠡ ᠮᠦᠩᠭᠦᠨ ᠢᠷᠡᠯᠲᠡ ᠪᠤᠯᠭᠠᠨ᠎ᠠ᠃      ᠲᠠᠪᠤ᠂ ᠬᠡᠷᠡᠭᠵᠢᠬᠦᠯᠬᠦ ᠠᠯᠬᠤᠮ ᠳᠠᠷᠠᠭ᠎ᠠ      ︵ᠨᠢᠭᠡ︶ ᠲᠤᠷᠰᠢᠯᠲᠠ ᠶᠢᠨ ᠴᠡᠭ ᠢ ᠤᠷᠢᠳ ᠢᠶᠠᠷ ᠬᠢᠵᠤ ᠴᠡᠭ ᠢᠶᠠᠷ ᠪᠦᠬᠦᠨ ᠢ ᠳᠠᠶᠢᠴᠢᠯᠠᠬᠤ ᠶᠢ ᠪᠦᠬᠦ ᠲᠠᠯ᠎ᠠ ᠪᠠᠷ ᠳᠦᠯᠬᠢᠨ ᠠᠬᠢᠭᠤᠯᠤᠨ᠎ᠠ  ︵2018 —2020︶᠃ ᠮᠠᠨ ᠤ ᠬᠤᠰᠢᠭᠤ 1 ᠠᠴᠠ 2 ᠰᠤᠮᠤ ᠪᠠᠯᠭᠠᠰᠤᠨ ᠳᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠦᠷᠨᠢᠬᠦᠯᠬᠦ ᠪᠠᠷ ᠲᠤᠭᠲᠠᠵᠤ ᠪᠡᠯᠡ ᠤᠷᠤᠭᠤᠯᠤᠯᠲᠠ ᠪᠠᠨ ᠨᠡᠮᠡᠭᠳᠡᠬᠦᠯᠦᠨ᠂ ᠲᠦᠷᠦᠯ ᠵᠦᠢᠯ  ᠢ ᠬᠡᠷᠡᠭᠵᠢᠬᠦᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠵᠢᠴᠢ ᠤᠰᠤᠨ ᠤ ᠬᠠᠩᠭᠠᠯᠲᠠ  ᠶᠢ ᠬᠡᠮᠵᠢᠬᠦ ᠳᠦᠬᠦᠭᠡᠷᠦᠮᠵᠢ ᠶᠢ ᠰᠠᠶᠢᠵᠢᠷᠠᠭᠤᠯᠤᠨ ᠡᠳ᠋ ᠤᠨ ᠵᠠᠰᠠᠭ ᠤᠨ ᠤᠨᠤᠪᠴᠢᠲᠠᠢ ᠨᠦᠬᠦᠪᠦᠷᠢ ᠤᠯᠭᠤᠬᠤ ᠲᠤᠭᠲᠠᠴᠠ ᠪᠠ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠲᠤᠭᠲᠠᠴᠠ ᠶᠢ ᠪᠠᠶᠢᠭᠤᠯᠵᠤ᠂ ᠲᠠᠷᠢᠶ᠋ᠯᠠᠩ ᠤᠨ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ ᠠᠬᠢᠭᠤᠯᠤᠨ᠎ᠠ᠃ ᠲᠤᠷᠰᠢᠯᠲᠠ  ᠶᠢᠨ ᠴᠡᠭ ᠤᠨ ᠰᠤᠮᠤ ᠪᠠᠯᠭᠠᠰᠤ ᠨᠢ 2020 ᠤ ᠵᠢᠯ ᠤᠨ ᠡᠴᠦᠰ ᠪᠤᠯᠬᠤ ᠳᠤ ᠦᠭᠡᠷᠡᠴᠢᠯᠡᠯᠲᠡ ᠶᠢᠨ ᠵᠤᠷᠢᠯᠭ᠎ᠠ ᠶᠢ ᠬᠠᠮᠤᠭ ᠤᠨ ᠲᠦᠷᠦᠭᠦᠨ ᠳᠤ ᠦᠨᠳᠦᠰᠦᠨ ᠳᠤ ᠪᠠᠨ ᠪᠡᠶᠡᠯᠡᠬᠦᠯᠦᠨ ᠮᠠᠨ ᠤ ᠬᠤᠰᠢᠭᠤᠨ ᠳᠤ ᠲᠤᠬᠢᠷᠠᠬᠤ ᠪᠤᠲᠠᠲᠠᠢ ᠳᠡᠯᠭᠡᠷᠡᠬᠦᠯᠵᠤ ᠪᠤᠯᠬᠤ ᠲᠤᠷᠰᠢᠯᠭ᠎ᠠ ᠪᠠ ᠠᠷᠭ᠎ᠠ ᠶᠢ ᠬᠤᠷᠢᠶᠠᠩᠭᠤᠶᠢᠯᠠᠵᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠨᠡᠭᠡᠭᠡᠬᠦ ᠳᠤ ᠤᠳᠤᠷᠢᠳᠤᠮᠵᠢ ᠶᠢᠨ ᠦᠢᠯᠡᠳᠦᠯ ᠦᠵᠡᠭᠦᠯᠦᠨ᠎ᠡ᠃     ︵ᠬᠤᠶᠠᠷ︶ ᠢᠵᠢ ᠪᠦᠷᠢᠳᠦᠭᠰᠡᠨ ᠤᠰᠤᠯᠠᠨ ᠭᠠᠳᠠᠭᠰᠢᠯᠠᠭᠤᠯᠬᠤ ᠢᠨᠵᠧᠨᠧᠷᠢᠩ ᠪᠠ ᠤᠰᠤ ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢ ᠬᠦᠴᠦᠯᠡᠨ ᠲᠡᠭᠦᠯᠳᠡᠷᠵᠢᠬᠦᠯᠦᠨ᠎ᠡ ︵2018 —2025 ᠤᠨ︶᠃ ᠢᠵᠢ ᠪᠦᠷᠢᠳᠦᠭᠰᠡᠨ ᠲᠠᠷᠢᠶᠠᠨ ᠭᠠᠵᠠᠷ ᠤᠨ ᠤᠰᠤᠯᠠᠨ ᠭᠠᠳᠠᠭᠰᠢᠯᠠᠭᠤᠯᠬᠤ ᠢᠨᠵᠧᠨᠧᠷᠢᠩ ᠤᠨ ᠰᠢᠰᠲ᠋ᠧᠮ ᠪᠠ ᠤᠰᠤ ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢ ᠪᠦᠲᠦᠭᠡᠨ ᠪᠠᠶᠢᠭᠤᠯᠬᠤ ᠪᠤᠯ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠬᠡᠷᠡᠭᠵᠢᠬᠦᠯᠬᠦ ᠶᠢᠨ ᠰᠠᠭᠤᠷᠢ ᠪᠠᠶᠢᠵᠤ ᠮᠠᠨ ᠤ ᠬᠤᠰᠢᠭᠤ ᠡᠷᠬᠡᠪᠰᠢ ᠴᠢᠩᠭ᠎ᠠ ᠠᠳᠬᠤᠬᠤ ᠬᠡᠷᠡᠭᠲᠠᠢ᠃ ᠮᠠᠨ ᠤ ᠬᠤᠰᠢᠭᠤᠨ ᠤ ᠤᠰᠤᠨ ᠠᠰᠢᠭᠯᠠᠯᠲᠠ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠦᠨᠳᠦᠰᠦᠯᠡᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠶᠢᠭᠤᠯᠤᠯᠲᠠ ᠶᠢᠨ ᠪᠡᠯᠡ ᠮᠦᠩᠭᠦ ᠶᠢ ᠬᠦᠢᠴᠡᠳ ᠠᠰᠢᠭᠯᠠᠵᠣ᠂ ᠡᠯ᠎ᠡ ᠲᠦᠷᠦᠯ ᠤᠨ ᠲᠠᠷᠢᠶᠠᠯᠠᠯ ᠮᠠᠯᠵᠢᠯ ᠤᠰᠤᠨ ᠳᠤ ᠬᠤᠯᠪᠤᠭᠳᠠᠭᠰᠠᠨ ᠪᠡᠯᠡ ᠮᠦᠩᠭᠦ ᠶᠢ ᠨᠢᠭᠡᠳᠦᠬᠦᠯᠦᠨ ᠡᠯ᠎ᠡ ᠵᠦᠢᠯ ᠤᠨ ᠤᠰᠤᠯᠠᠯᠲᠠ ᠶᠢᠨ ᠤᠷᠤᠨ ᠤ ᠢᠨᠵᠧᠨᠧᠷᠢᠩ ᠤᠨ ᠢᠵᠢ ᠦᠭᠡᠷᠡᠴᠢᠯᠡᠬᠦ  ᠶᠢ ᠲᠦᠷᠭᠡᠳᠬᠡᠵᠤ ᠤᠰᠤᠯᠠᠨ ᠭᠠᠳᠠᠭᠰᠢᠯᠠᠭᠤᠯᠬᠤ ᠰᠢᠰᠲ᠋ᠧᠮ ᠢ ᠲᠡᠭᠦᠯᠳᠡᠷᠵᠢᠬᠦᠯᠦᠨ ᠢᠵᠢ ᠪᠦᠷᠢᠳᠦᠭᠰᠡᠨ ᠤᠰᠤ ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢ ᠪᠠᠶᠢᠭᠤᠯᠵᠤ ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠠᠯᠬᠤᠮ ᠳᠠᠷᠠᠭᠠᠯᠠᠨ ᠪᠡᠶᠡᠯᠡᠬᠦᠯᠦᠨ᠎ᠡ  ᠃     ︵ᠭᠤᠷᠪᠠ︶ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ ︵2020 —2025 ᠤᠨ︶᠃ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠡᠯ᠎ᠡ ᠲᠦᠷᠦᠯ ᠤᠨ ᠲᠠᠷᠢᠶᠠᠯᠠᠩ ᠤᠨ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ  ᠶᠢᠨ ᠲᠦᠷᠦ ᠶᠢᠨ ᠪᠤᠳᠤᠯᠭ᠎ᠠ ᠶᠢ  ᠲᠤᠭᠤᠰᠢᠯᠠᠭᠤᠯᠤᠨ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠬᠡᠮᠵᠢᠯᠲᠡ ᠶᠢᠨ ᠳᠦᠬᠦᠭᠡᠷᠦᠮᠵᠢ  ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠦᠷᠢᠨ ᠲᠦᠬᠦᠷ ᠲᠠᠷᠢᠶᠠᠯᠠᠩ ᠤᠨ ᠤᠰᠤ ᠬᠡᠷᠡᠭᠯᠡᠬᠦ ᠦᠨ᠎ᠡ ᠬᠠᠩᠰᠢ ᠶᠢᠨ ᠪᠦᠷᠢᠯᠳᠦᠯ ᠤᠨ ᠲᠤᠭᠲᠠᠴᠠ ᠶᠢ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯᠲᠠᠨ ᠤ ᠵᠠᠷᠤᠳᠠᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠵᠢᠴᠢ ᠡᠳ᠋ ᠤᠨ ᠵᠠᠰᠠᠭ ᠤᠨ ᠨᠦᠬᠦᠪᠦᠷᠢ ᠪᠡᠯᠡ ᠮᠦᠩᠭᠦ ᠶᠢ ᠨᠠᠶᠢᠳᠠᠪᠤᠷᠢᠵᠢᠭᠤᠯᠵᠤ᠂ ᠦᠨᠳᠦᠰᠦᠨ ᠲᠠᠷᠢᠶᠠᠯᠠᠩ ᠳᠤ ᠬᠡᠷᠡᠭᠯᠡᠬᠦ ᠤᠰᠤ ᠶᠢ ᠬᠠᠮᠢᠶᠠᠷᠴᠤ ᠬᠠᠮᠠᠭᠠᠯᠠᠬᠤ ᠭᠤᠤᠯ ᠴᠤᠭᠴᠠ ᠶᠢ ᠲᠤᠳᠤᠷᠬᠠᠶᠢᠯᠠᠵᠤ ᠂ ᠭᠠᠵᠠᠷ ᠰᠢᠷᠤᠢ ᠶᠢ ᠵᠤᠬᠢᠬᠤ ᠬᠡᠮᠵᠢᠶᠠᠨ ᠳᠤ ᠲᠦᠪᠯᠡᠷᠡᠭᠦᠯᠦᠨ ᠡᠵᠡᠩᠨᠡᠬᠦ ᠶᠢ ᠳᠦᠯᠬᠢᠨ ᠠᠬᠢᠭᠤᠯᠬᠤ ᠪᠠ ᠤᠳᠤᠷᠢᠳᠴᠤ᠂ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠦᠭᠡᠷᠡᠴᠢᠯᠡᠯᠲᠡ ᠶᠢᠨ ᠶᠡᠷᠦᠩᠭᠡᠶᠢᠯᠡᠭᠰᠡᠨ ᠬᠠᠷᠠᠯᠲᠠ  ᠶᠢ ᠴᠢᠷᠮᠠᠶᠢᠨ ᠪᠡᠶᠡᠯᠡᠭᠦᠯᠦᠨ᠎ᠡ᠃     ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠠᠵᠢᠯ  ᠢ ᠳᠡᠭᠡᠲᠤ ᠬᠡᠮᠵᠢᠶ᠎ᠡ ᠪᠠᠷ ᠴᠢᠬᠤᠯᠠᠴᠢᠯᠠᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠠᠵᠢᠯ ᠤᠨ ᠭᠤᠤᠯᠳᠠᠯᠭᠠᠲᠤ ᠡᠭᠦᠷᠭᠡ ᠪᠤᠯᠭᠠᠵᠤ᠂ ᠤᠳᠤᠷᠢᠳᠤᠯᠭ᠎ᠠ ᠶᠢ ᠴᠢᠩᠭᠠᠳᠬᠠᠨ ᠲᠤᠭᠲᠠᠯᠴᠠᠭ᠎ᠠ ᠶᠢ ᠲᠡᠭᠦᠯᠳᠡᠷᠵᠢᠬᠦᠯᠵᠤ ᠠᠯᠬᠤᠮ ᠳᠠᠷᠠᠭ᠎ᠠ ᠲᠠᠢ ᠠᠬᠢᠭᠤᠯᠤᠨ᠎ᠠ᠃ ᠬᠤᠪᠢᠶᠠᠷᠢᠯᠠᠨ ᠬᠠᠮᠢᠶᠠᠷᠬᠤ ᠬᠤᠰᠢᠭᠤ ᠲᠡᠳ᠋ ᠳᠠᠷᠤᠭ᠎ᠠ ᠶᠢ ᠲᠤᠭᠤᠶᠢᠯᠠᠩ  ᠤᠨ ᠳᠠᠷᠤᠭ᠎ᠠ ᠪᠠᠷ ᠲᠤᠮᠢᠯᠠᠵᠤ᠂ ᠬᠤᠰᠢᠭᠤ ᠵᠠᠰᠠᠭ ᠤᠨ ᠤᠷᠳᠤᠨ ᠤ ᠲᠡᠳ᠋ ᠡᠷᠬᠢᠯᠡᠭᠴᠢ ᠪᠠ ᠬᠤᠰᠢᠭᠤ ᠤᠰᠤᠨ ᠤ ᠶᠠᠪᠤᠳᠠᠯ ᠤᠨ ᠲᠤᠪᠴᠢᠶ᠎ᠠ ᠪᠤᠯᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠢ ᠲᠡᠳ᠋ ᠲᠤᠭᠤᠶᠢᠯᠠᠩ ᠤᠨ ᠳᠠᠷᠤᠭ᠎ᠠ ᠪᠠᠷ ᠲᠤᠮᠢᠯᠠᠵᠤ ᠬᠤᠰᠢᠭᠤ ᠬᠦᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠤᠰᠤᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ ᠰᠢᠷᠤᠢ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠭᠡᠰᠢᠭᠦᠨ ᠪᠤᠯᠭᠠᠭᠰᠠᠨ ᠬᠤᠰᠢᠭᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠤᠳᠤᠷᠢᠳᠬᠤ ᠲᠤᠭᠤᠶᠢᠯᠠᠩ ︵ᠲᠤᠤᠷ᠎ᠠ ᠤᠳᠤᠷᠢᠳᠬᠤ ᠲᠤᠭᠤᠶᠢᠯᠠᠩ ᠭᠡᠵᠤ ᠳᠦᠬᠦᠮᠴᠢᠯᠡᠪᠡ︶ ᠢ ᠪᠠᠶᠢᠭᠤᠯᠤᠨ᠂ ᠬᠤᠯᠪᠤᠭᠳᠠᠯ ᠪᠦᠬᠦᠢ ᠠᠵᠢᠯ ᠢ ᠨᠢᠭᠡᠳᠦᠯᠲᠠᠢ ᠲᠦᠯᠦᠪᠵᠢᠭᠦᠯᠦᠨ ᠵᠤᠬᠢᠴᠠᠭᠤᠯᠬᠤ ᠪᠠ ᠵᠤᠬᠢᠶᠠᠨ ᠪᠠᠶᠢᠭᠤᠯᠵᠤ ᠠᠬᠢᠭᠤᠯᠬᠤ ᠶᠢ ᠭᠤᠣᠯ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤ ᠤᠰᠤᠨ ᠤ ᠶᠠᠪᠤᠳᠠᠯ   ᠤᠨ ᠲᠤᠪᠴᠢᠶ᠎ᠠ ᠪᠤᠯᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠲᠤᠪᠴᠢᠶ᠎ᠠ ᠳᠤ ᠲᠤᠬᠢᠷᠠᠭᠤᠯᠵᠤ᠂ ᠪᠤᠲᠠᠳᠤ ᠪᠠᠶᠢᠳᠠᠯ ᠲᠠᠢ ᠪᠠᠨ ᠤᠶᠠᠯᠳᠤᠭᠤᠯᠤᠨ ᠪᠤᠲᠠᠲᠠᠢ ᠬᠡᠷᠡᠭᠵᠢᠬᠦᠯᠬᠦ ᠲᠦᠰᠦᠯ ᠢ ᠲᠤᠭᠲᠠᠭᠠᠵᠤ᠂ ᠡᠯ᠎ᠡ ᠲᠦᠷᠦᠯ ᠤᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ ᠂ ᠠᠵᠢᠯ ᠤᠨ ᠬᠤᠪᠢᠶᠠᠷᠢᠯᠠᠯ ᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠠᠵᠢᠯ ᠪᠤᠯᠭᠠᠨ ᠢ ᠬᠠᠮᠢᠶᠠᠷᠬᠤ ᠬᠦᠮᠦᠨ  ᠲᠠᠢ ᠪᠠᠶᠢᠬᠤ ᠶᠢ ᠪᠠᠲᠤᠯᠠᠨ ᠦᠭᠡᠷᠡᠴᠢᠯᠡᠯᠲᠡ ᠶᠢ ᠬᠡᠷᠡᠭᠵᠢᠬᠦᠯᠵᠤ ᠪᠠᠶᠢᠭ᠎ᠠ ᠶᠠᠪᠤᠴᠠ ᠲᠤᠮᠳᠠ ᠲᠤᠬᠢᠶᠠᠯᠳᠤᠭᠰᠠᠨ ᠬᠦᠴᠢᠷ ᠲᠠᠢ ᠠᠰᠠᠭᠤᠳᠠᠯ ᠢ ᠴᠠᠭ ᠲᠤᠬᠠᠢ ᠳᠤ ᠨᠢ ᠵᠤᠬᠢᠴᠠᠭᠤᠯᠤᠨ ᠰᠢᠢᠳᠪᠦᠷᠢᠯᠡᠵᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠦᠭᠡᠷᠡᠴᠢᠯᠡᠯᠲᠡ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃      ︵ᠬᠤᠶᠠᠷ︶ ᠬᠠᠷᠢᠭᠤᠴᠯᠭ᠎ᠠ ᠪᠠ ᠠᠵᠢᠯ ᠤᠨ ᠬᠤᠪᠢᠶᠠᠷᠢᠯᠠᠯ ᠢ ᠲᠤᠲᠤᠷᠬᠠᠢ ᠪᠤᠯᠭᠠᠨ᠎ᠠ᠃ ᠬᠤᠰᠢᠭᠤ ᠤᠰᠤᠨ  ᠤ ᠶᠠᠪᠤᠳᠠᠯ ᠪᠠ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠬᠦᠭᠵᠢᠬᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ  ᠲᠤᠪᠴᠢᠶ᠎ᠠ ᠵᠡᠷᠭᠡ ᠰᠠᠯᠠᠭ᠎ᠠ ᠮᠦᠴᠢᠷ ᠨᠢ ᠦᠪᠡᠷ ᠦᠪᠡᠷ ᠤᠨ ᠢᠶᠠᠨ ᠠᠵᠢᠯ ᠢ ᠬᠠᠷᠢᠭᠤᠴᠠᠨ ᠬᠤᠪᠢᠶᠠᠷᠢᠯᠠᠨ ᠬᠤᠷᠰᠢᠯᠴᠠᠵᠤ ᠬᠠᠷᠢᠯᠴᠠᠨ ᠬᠠᠪᠰᠤᠷᠤᠯᠴᠠᠨ ᠨᠠᠷᠢᠯᠢᠭ ᠵᠤᠬᠢᠶᠠᠨ ᠪᠠᠶᠢᠭᠤᠯᠵᠤ᠂ ᠵᠢᠯᠤᠭᠤᠳᠤᠯᠭ᠎ᠠ ᠶᠢ ᠴᠢᠩᠭᠠᠳᠬᠠᠨ᠂ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠬᠠᠮᠲᠤᠷᠠᠨ ᠲᠦᠯᠬᠢᠨ ᠠᠬᠢᠭᠤᠯᠤᠨ᠎ᠠ᠃ ᠬᠤᠰᠢᠭᠤ ᠤᠰᠤᠨ ᠠᠰᠢᠭᠯᠠᠯᠲᠠ ᠶᠢᠨ ᠶᠠᠪᠤᠳᠠᠯ ᠤᠨ ᠰᠠᠯᠠᠭ᠎ᠠ ᠮᠦᠴᠢᠷ ᠨᠢᠭᠡᠳᠦᠯᠲᠠᠢ ᠲᠦᠯᠦᠪᠯᠡᠨ ᠲᠤᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠡᠮᠦᠨᠡᠬᠢ ᠭᠤᠭᠴᠤᠭᠠᠨ ᠤ ᠪᠡᠯᠡᠳᠬᠡᠯ ᠠᠵᠢᠯ᠂ ᠲᠦᠰᠦᠯ ᠨᠠᠶᠢᠷᠠᠭᠤᠯᠤᠨ ᠵᠤᠬᠢᠶᠠᠬᠤ᠂ ᠬᠢᠨᠠᠨ ᠮᠡᠳᠡᠭᠦᠯᠵᠤ ᠵᠦᠪᠰᠢᠶᠡᠷᠡᠭᠦᠯᠬᠦ᠂ ᠬᠡᠷᠡᠭᠵᠢᠬᠦᠯᠦᠨ ᠪᠠᠶᠢᠴᠠᠭᠠᠬᠤ᠂ ᠬᠢᠨᠠᠨ ᠰᠢᠯᠭᠠᠵᠤ ᠪᠠᠶᠢᠴᠠᠭᠠᠨ ᠬᠤᠷᠢᠶᠠᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠤᠰᠤ ᠠᠷᠪᠢᠯᠠᠬᠤ ᠪᠠᠷ ᠭᠤᠤᠯᠳᠠᠯᠭ᠎ᠠ ᠪᠤᠯᠭᠠᠭᠰᠠᠨ ᠲᠠᠷᠢᠶᠠᠨ ᠭᠠᠵᠠᠷ ᠤᠨ ᠤᠰᠤᠯᠠᠨ ᠭᠠᠳᠠᠭᠰᠢᠯᠠᠭᠤᠯᠬᠤ ᠢᠨᠵᠧᠨᠧᠷᠢᠩ ᠤᠨ ᠰᠢᠰᠲ᠋ᠧᠮ ᠪᠠ ᠤᠰᠤ ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠭᠠᠵᠠᠷ ᠤᠷᠤᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠭᠡᠢ ᠬᠡᠮᠵᠢᠶ᠎ᠡ ᠵᠢᠴᠢ ᠬᠦᠢᠴᠡᠳᠬᠡᠯ ᠲᠤᠭ᠎ᠠ ᠶᠢ ᠵᠠᠳᠠᠯᠬᠤ ᠶᠢ ᠲᠤᠭᠲᠠᠭᠠᠵᠤ᠂ ᠤᠰᠤᠯᠠᠯᠲᠠ ᠶᠢᠨ ᠤᠷᠤᠨ ᠠᠴᠠ ᠤᠰᠤ ᠳᠠᠲᠠᠵᠤ ᠠᠪᠬᠤ ᠵᠦᠪᠰᠢᠶᠡᠷᠡᠯ ᠤᠨ ᠦᠨᠡᠮᠯᠡᠯ ᠢ ᠬᠢᠨᠠᠵᠤ ᠲᠠᠷᠬᠠᠭᠠᠬᠤ᠂ ᠤᠰᠤ ᠬᠡᠷᠡᠭᠯᠡᠭᠴᠢᠳ ᠤᠨ ᠤᠰᠤᠨ ᠤ ᠡᠷᠬᠡ ᠶᠢ ᠲᠤᠳᠤᠳᠬᠠᠨ᠂ ᠤᠰᠤᠨ ᠤ ᠡᠷᠬᠡ ᠶᠢᠨ ᠰᠤᠯᠢᠯᠴᠠᠭᠠᠨ ᠤ ᠳᠦᠷᠢᠮ ᠢ ᠪᠠᠶᠢᠭᠤᠯᠵᠤ᠂ ᠤᠰᠤᠨ ᠰᠦᠢᠳᠬᠡᠯ  ᠢ ᠬᠤᠷᠢᠶᠠᠨ ᠠᠪᠬᠤ ᠪᠠ ᠬᠡᠷᠡᠭᠯᠡᠬᠦ ᠶᠢ ᠬᠢᠨᠠᠨ ᠬᠠᠮᠢᠶᠠᠷᠬᠤ ᠠᠵᠢᠯ ᠢ ᠰᠠᠶᠢᠨ ᠬᠢᠵᠤ ᠲᠠᠷᠢᠶᠠᠯᠠᠩ ᠳᠤ ᠬᠡᠷᠡᠭᠯᠡᠬᠦ ᠤᠰᠤ  ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠨ ᠤᠰᠤᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠬᠦ  ᠶᠢᠨ ᠬᠠᠮᠲᠤ ᠤᠰᠤᠨ ᠤ ᠬᠠᠩᠭᠠᠯᠲᠠ ᠶᠢᠨ ᠦᠪᠡᠷ ᠤᠨ ᠦᠷᠲᠡᠭ ᠤᠨ ᠬᠡᠮᠵᠢᠨ ᠪᠤᠳᠤᠯᠲᠠ ᠪᠠ ᠬᠢᠵᠠᠭᠠᠷᠯᠠᠯ ᠢ ᠴᠢᠩᠭᠠᠳᠬᠠᠨ᠎ᠠ᠃ ᠬᠤᠰᠢᠭᠤ ᠬᠦᠭᠵᠢᠭᠦᠯᠦᠯᠲᠡ ᠦᠭᠡᠷᠡᠴᠢᠯᠡᠯᠲᠡ ᠲᠤᠪᠴᠢᠶ᠎ᠠ ᠤᠰᠤᠨ ᠤ ᠦᠨ᠎ᠡ ᠶᠢᠨ ᠪᠦᠷᠢᠯᠳᠦᠯ  ᠤᠨ ᠲᠤᠭᠲᠠᠴᠠ ᠶᠢ ᠵᠤᠬᠢᠴᠠᠭᠤᠯᠤᠨ ᠵᠢᠯᠤᠭᠤᠳᠴᠤ ᠲᠤᠰ ᠱᠠᠲᠤᠨ ᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ  ᠶᠢᠨ ᠦᠪᠡᠷ ᠤᠨ ᠦᠷᠲᠡᠭ ᠤᠨ  ᠬᠡᠮᠵᠢᠨ ᠪᠤᠲᠤᠯᠲᠠ᠂ ᠪᠠᠶᠢᠴᠠᠭᠠᠨ ᠰᠢᠬᠦᠯᠲᠡ᠂ ᠬᠢᠨᠠᠨ ᠲᠤᠭᠲᠠᠭᠠᠯᠲᠠ᠂ ᠲᠤᠭᠲᠠᠭᠰᠠᠨ ᠨᠤᠷᠮ᠎ᠠ ᠠᠴᠠ ᠳᠠᠪᠠᠪᠠᠯ ᠠᠬᠢᠭᠤᠯᠤᠨ ᠪᠤᠳᠤᠵᠤ ᠦᠨ᠎ᠡ ᠨᠡᠮᠡᠬᠦ ᠪᠠ ᠲᠦᠷᠦᠯ ᠬᠤᠪᠢᠶᠠᠨ ᠤᠰᠤᠨ ᠦᠨ᠎ᠡ ᠶᠢ ᠲᠤᠭᠲᠠᠭᠠᠬᠤ ᠵᠡᠷᠭᠡ ᠠᠵᠢᠯ ᠢ ᠰᠠᠶᠢᠳᠤᠷ ᠬᠢᠵᠤ ᠤᠰᠤᠨ ᠦᠨ᠎ᠡ ᠬᠡᠷᠡᠭᠵᠢᠬᠦᠯᠬᠦ ᠶᠢ ᠬᠢᠨᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠷᠢᠶᠠᠯᠠᠯ ᠮᠠᠯᠵᠢᠯ ᠤᠰᠤᠨ  ᠤ ᠲᠦᠷᠦᠯ ᠵᠦᠢᠯ ᠤᠨ ᠪᠡᠯᠡ ᠮᠦᠩᠭᠦ ᠶᠢ ᠴᠤᠮᠬᠤᠳᠬᠠᠬᠤ ᠶᠢ ᠬᠠᠷᠢᠭᠤᠴᠠᠨ᠂ ᠤᠰᠤᠯᠠᠨ ᠭᠠᠳᠠᠭᠰᠢᠯᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠤᠰᠤ ᠬᠠᠩᠭᠠᠬᠤ ᠬᠡᠮᠵᠢᠯᠲᠡ ᠶᠢᠨ ᠳᠦᠬᠦᠭᠡᠷᠦᠮᠵᠢ ᠶᠢᠨ ᠪᠡᠯᠡ ᠮᠦᠩᠭᠦ ᠶᠢ ᠬᠡᠷᠡᠭᠯᠡᠬᠦ ᠲᠦᠯᠦᠪᠵᠢᠭᠦᠯᠭᠡ ᠳᠤ ᠪᠤᠳᠠᠲᠤ ᠰᠠᠨᠠᠯ ᠢᠶᠠᠨ ᠲᠤᠷᠠᠳᠤᠨ ᠤᠨᠤᠪᠴᠢᠲᠠᠢ ᠪᠠᠷ ᠨᠦᠬᠦᠪᠦᠷᠢ ᠤᠯᠭᠤᠬᠤ ᠪᠠ ᠤᠰᠤ ᠠᠷᠪᠢᠯᠠᠭᠰᠠᠨ ᠢ ᠱᠠᠩᠨᠠᠨ ᠬᠦᠬᠢᠬᠦᠯᠬᠦ ᠪᠡᠯᠡ ᠮᠦᠩᠭᠦ ᠶᠢᠨ ᠢᠷᠡᠯᠲᠡ ᠶᠢ ᠨᠠᠶᠢᠳᠠᠪᠤᠷᠢᠵᠢᠭᠤᠯᠤᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠨᠢ ᠰᠢᠯᠢᠳᠡᠭᠵᠢᠭᠰᠡᠨ ᠲᠠᠷᠢᠮᠠᠯ ᠤᠨ ᠪᠦᠲᠦᠴᠡ ᠶᠢᠨ ᠠᠵᠢᠯ ᠳᠤ ᠲᠤᠬᠢᠷᠠᠭᠤᠯᠤᠯᠲᠠ ᠬᠢᠬᠦ ᠶᠢ ᠭᠦᠴᠦᠯᠡᠨ ᠬᠦᠢᠴᠡᠳᠬᠡᠵᠤ᠂ ᠤᠰᠤ ᠪᠤᠷᠳᠤᠭᠤᠷ ᠢ ᠴᠤᠭᠴᠠᠵᠢᠭᠤᠯᠤᠭᠰᠠᠨ᠂ ᠲᠠᠷᠢᠶᠠᠯᠠᠬᠤ ᠮᠡᠷᠭᠡᠵᠢᠯ ᠲᠠᠷᠢᠶᠠᠯᠠᠩ ᠤᠨ ᠮᠠᠰᠢᠨ ᠤᠰᠤ ᠠᠷᠪᠢᠯᠠᠬᠤ ᠵᠢᠴᠢ ᠬᠠᠭᠤᠷᠠᠢ ᠭᠠᠵᠠᠷ ᠲᠤ ᠲᠠᠷᠢᠬᠤ ᠮᠡᠷᠭᠡᠵᠢᠯ ᠢ ᠢᠳᠡᠪᠬᠢᠲᠠᠢ ᠳᠡᠯᠭᠡᠷᠡᠬᠦᠯᠦᠨ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠮᠡᠷᠭᠡᠵᠢᠯ ᠢ ᠤᠬᠠᠭᠤᠯᠤᠨ ᠪᠤᠯᠪᠠᠰᠤᠷᠠᠭᠤᠯᠬᠤ ᠪᠠ ᠮᠡᠷᠭᠡᠵᠢᠯ ᠤᠨ ᠵᠢᠯᠤᠭᠤᠳᠤᠯᠭ᠎ᠠ ᠬᠢᠬᠦ ᠶᠢ ᠴᠢᠩᠭᠠᠳᠬᠠᠵᠤ᠂ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠤᠨ ᠲᠤᠷᠰᠢᠯᠲᠠ ᠪᠠᠷ ᠵᠢᠱᠢᠶ᠎ᠡ ᠦᠵᠡᠬᠦᠯᠬᠦ ᠴᠡᠭ ᠪᠠᠶᠢᠭᠤᠯᠬᠤ ᠶᠢ ᠦᠷᠨᠢᠬᠦᠯᠵᠤ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠵᠤ ᠬᠡᠷᠡᠭᠯᠡᠬᠦ ᠦᠵᠡᠯ ᠤᠬᠠᠮᠰᠠᠷ ᠪᠠ ᠮᠡᠷᠭᠡᠵᠢᠯ ᠤᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃      ︵ᠭᠤᠷᠪᠠ︶ ᠪᠡᠯᠡ ᠮᠦᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠪᠡᠯᠡ ᠮᠦᠩᠭᠦ  ᠶᠢᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠳᠤ ᠦᠵᠡᠬᠦᠯᠬᠦ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠠᠢ ᠲᠦᠯᠦᠪᠯᠡᠬᠦ ᠨᠡᠶᠢᠲᠡ ᠶᠢᠨ ᠡᠳ᠋ ᠤᠨ ᠵᠠᠰᠠᠭ ᠤᠨ ᠡᠩ ᠤᠨ ᠲᠦᠰᠦᠪ᠂ ᠤᠷᠤᠨ ᠨᠤᠲᠤᠭ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠦᠩᠭᠦ᠂ ᠤᠯᠤᠰ ᠤᠨ ᠦᠮᠴᠢᠯᠡᠯᠲᠦ ᠭᠠᠵᠠᠷ ᠰᠢᠷᠤᠢ ᠶᠢ ᠬᠤᠳᠠᠯᠳᠤᠭᠰᠠᠨ ᠠᠰᠢᠭ ᠤᠷᠤᠯᠭ᠎ᠠ ᠪᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠵᠡᠷᠭᠡ ᠶᠢ ᠨᠢᠭᠡᠳᠦᠯᠲᠠᠢ ᠲᠦᠯᠦᠪᠵᠢᠬᠦᠯᠵᠤ ᠡᠳ᠋ ᠤᠨ ᠵᠠᠰᠠᠭ ᠤᠨ ᠲᠠᠷᠢᠶᠠᠯᠠᠩ ᠢ ᠲᠤᠰᠠᠯᠠᠬᠤ ᠪᠡᠯᠡ ᠮᠦᠩᠭᠦ ᠶᠢᠨ ᠵᠠᠷᠤᠯᠭ᠎ᠠ ᠶᠢᠨ ᠪᠦᠲᠦᠴᠡ  ᠶᠢ ᠲᠤᠬᠢᠷᠠᠭᠤᠯᠤᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠳᠤ ᠤᠷᠤᠭᠤᠯᠬᠤ ᠬᠦᠴᠦᠯᠡᠴᠡ ᠪᠠᠨ ᠳᠠᠰᠤᠷᠠᠯᠲᠠ ᠦᠭᠡᠢ ᠨᠡᠮᠡᠭᠳᠡᠭᠦᠯᠦᠨ᠎ᠡ᠃ ᠡᠭᠦᠨ ᠤ ᠬᠠᠮᠲᠤ ᠱᠠᠩᠨᠠᠯ ᠢᠶᠠᠷ ᠨᠦᠬᠦᠪᠦᠷᠢᠯᠡᠬᠦ᠂ ᠤᠷᠢᠳ ᠢᠶᠠᠷ ᠪᠠᠶᠢᠭᠤᠯᠤᠨ ᠰᠡᠭᠦᠯᠡᠷ ᠨᠦᠬᠦᠪᠦᠷᠢᠯᠡᠬᠦ᠂ ᠠᠷᠠᠳ ᠠᠴᠠ ᠡᠷᠬᠢᠯᠡᠵᠤ ᠠᠯᠪᠠᠨ ᠠᠴᠠ ᠲᠤᠰᠠᠯᠠᠨ ᠳᠡᠮᠵᠢᠬᠦ ᠠᠰᠢᠭ ᠤᠷᠤᠯᠭ᠎ᠠ ᠶᠢ ᠬᠤᠪᠢᠶᠠᠬᠤ ᠵᠡᠷᠭᠡ ᠪᠦᠲᠦᠮᠵᠢᠲᠠᠢ ᠠᠷᠭ᠎ᠠ ᠶᠢ ᠬᠡᠷᠡᠭᠯᠡᠵᠤ ᠲᠠᠷᠢᠶᠠᠴᠢᠨ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢᠨ ᠤᠷᠤᠯᠴᠠᠬᠤ ᠢᠳᠡᠪᠬᠢᠵᠢᠯ ᠢ ᠳᠠᠶᠢᠴᠢᠯᠠᠨ ᠨᠡᠶᠢᠬᠡᠮ ᠤᠨ ᠬᠦᠷᠦᠩᠭᠡ ᠪᠠ ᠦᠪᠡᠷ ᠢᠶᠠᠨ ᠪᠡᠯᠡᠳᠬᠡᠬᠦ ᠪᠡᠯᠡ ᠮᠦᠩᠭᠦ ᠶᠢ ᠤᠳᠤᠷᠢᠳᠤᠨ ᠲᠠᠷᠢᠶᠠᠨ ᠭᠠᠵᠠᠷ ᠤᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠵᠤ ᠪᠡᠯᠡ ᠮᠦᠩᠭᠦ ᠶᠢᠨ ᠢᠷᠡᠯᠲᠡ ᠶᠢ ᠳᠠᠰᠤᠷᠠᠯᠲᠠ ᠦᠭᠡᠢ ᠦᠷᠭᠡᠳᠬᠡᠨ᠎ᠡ᠃ ᠢᠨᠵᠧᠨᠧᠷᠢᠩ ᠤᠨ ᠦᠮᠴᠢᠯᠡᠬᠦ ᠡᠷᠬᠡ ᠶᠢᠨ ᠲᠤᠮᠢᠶᠠᠯᠠᠯ ᠢᠶᠠᠷ ᠰᠠᠭᠤᠷᠢ ᠪᠤᠯᠭᠠᠵᠤ᠂ ᠤᠰᠤᠨ ᠡᠷᠬᠡ ᠶᠢᠨ ᠲᠦᠯᠦᠪᠦᠷᠢᠲᠤ ᠰᠤᠯᠢᠯᠴᠠᠭ᠎ᠠ ᠪᠠᠷ ᠪᠦᠰᠡ ᠪᠤᠯᠭᠠᠨ᠂ ᠵᠤᠬᠢᠰᠲᠠᠢ ᠪᠡᠯᠡ ᠤᠷᠤᠭᠤᠯᠤᠯᠲᠠ ᠶᠢᠨ ᠠᠰᠢᠭ ᠲᠤᠰᠠ ᠪᠠᠷ ᠳᠠᠲᠠᠬᠤ᠂ ᠨᠡᠶᠢᠬᠡᠮ ᠤᠨ ᠬᠦᠷᠦᠩᠭᠡ ᠶᠢ ppp ︵ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭ᠎ᠠ︶ ᠵᠡᠷᠭᠡ ᠤᠯᠠᠨ ᠵᠦᠢᠯ ᠤᠨ ᠬᠡᠯᠪᠡᠷᠢ ᠪᠠᠷ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠳᠤ ᠤᠷᠤᠯᠴᠠᠬᠤ ᠶᠢ ᠵᠤᠷᠢᠭᠵᠢᠭᠤᠯᠤᠨ᠎ᠠ᠃     ︵ᠳᠦᠷᠪᠡ︶  ᠤᠷᠮᠠᠰᠢᠭᠤᠯᠬᠤ ᠲᠤᠭᠲᠠᠴᠠ ᠶᠢ ᠪᠠᠶᠢᠭᠤᠯᠤᠨ᠎ᠠ᠃ ᠬᠤᠰᠢᠭᠤ ᠰᠢᠯᠭᠠᠨ ᠬᠢᠨᠠᠬᠤ ᠠᠯᠪᠠᠨ ᠭᠡᠷ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ   ᠶᠢᠨ ᠠᠵᠢᠯ ᠢ ᠤᠨ ᠤ ᠭᠤᠤᠯᠳᠠᠯᠭᠠᠲᠤ ᠠᠵᠢᠯ ᠤᠨ ᠱᠠᠭᠠᠷᠳᠠᠨ ᠪᠠᠶᠢᠴᠠᠭᠠᠬᠤ ᠠᠭᠤᠯᠭ᠎ᠠ ᠳᠤ ᠤᠷᠤᠭᠤᠯᠵᠤ ᠡᠯ᠎ᠡ ᠰᠤᠮᠤ ᠪᠠᠯᠭᠠᠰᠤᠨ ᠤ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠤᠨ ᠠᠵᠢᠯ ᠤᠨ ᠬᠢᠨᠠᠨ ᠪᠠᠶᠢᠴᠠᠭᠠᠯᠲᠠ ᠪᠠ ᠰᠢᠯᠭᠠᠨ ᠬᠢᠨᠠᠯᠲᠠ ᠶᠢ ᠴᠢᠩᠭᠠᠳᠬᠠᠬᠤ ᠶᠢᠨ ᠬᠠᠮᠲᠤ ᠬᠢᠨᠠᠨ ᠰᠢᠯᠭᠠᠯᠲᠠ ᠶᠢᠨ ᠦᠷ᠎ᠡ ᠳ᠋ᠦᠩ ᠢ ᠬᠤᠰᠢᠭᠤᠨ ᠠᠴᠠ ᠳᠡᠭᠡᠭᠰᠢᠬᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠪᠠ ᠱᠠᠩᠨᠠᠵᠤ ᠨᠦᠬᠦᠪᠦᠷᠢ ᠤᠯᠭᠤᠬᠤ ᠪᠡᠯᠡ ᠮᠦᠩᠭᠦ ᠶᠢᠨ ᠬᠤᠪᠢᠶᠠᠷᠢᠯᠠᠯᠲᠠ ᠲᠠᠢ ᠬᠤᠯᠪᠤᠭᠳᠠᠭᠤᠯᠤᠨ᠎ᠠ᠃ ᠦᠭᠡᠷᠡᠴᠢᠯᠡᠯᠲᠡ ᠶᠢᠨ ᠠᠬᠢᠴᠠ ᠶᠢᠨ ᠬᠠᠷᠢᠭᠤ ᠮᠡᠳᠡᠭᠦᠯᠦᠯᠲᠡ᠂ ᠮᠡᠳᠡᠭᠳᠡᠯ ᠪᠠ ᠨᠢᠭᠤᠷᠳᠠᠨ ᠶᠠᠷᠢᠯᠴᠠᠬᠤ᠂ ᠴᠡᠭᠴᠡᠯᠡᠨ ᠦᠭᠡᠷᠡᠴᠢᠯᠡᠬᠦ ᠵᠡᠷᠭᠡ ᠲᠦᠷᠢᠮ ᠢ ᠪᠠᠶᠢᠭᠤᠯᠤᠨ ᠡᠯ᠎ᠡ ᠭᠠᠵᠠᠷ ᠤᠨ ᠠᠵᠢᠯᠯᠠᠬᠤ ᠠᠬᠢᠴᠠ ᠶᠢᠨ ᠪᠠᠶᠢᠳᠠᠯ ᠢ ᠲᠤᠭᠲᠠᠭᠰᠠᠨ ᠬᠤᠭᠤᠴᠠᠭ᠎ᠠ ᠲᠠᠢ ᠪᠠᠷ ᠨᠡᠶᠢᠬᠡᠮ ᠳᠤ ᠢᠯᠡ ᠨᠡᠶᠢᠲᠡᠯᠡᠵᠤ ᠬᠠᠷᠢᠭᠤᠴᠠᠯᠭ᠎ᠠ ᠶᠢ ᠨᠡᠬᠡᠮᠵᠢᠯᠡᠬᠦ ᠲᠤᠭᠲᠠᠴᠠ ᠶᠢ ᠪᠦᠷᠢᠨᠰᠢᠭᠦᠯᠦᠨ ᠲᠠᠷᠢᠶᠠᠯᠠᠩ   ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠡᠭᠦᠷᠭᠡ ᠶᠢ ᠰᠠᠶᠢᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃      ︵ᠲᠠᠪᠤ︶ ᠤᠬᠠᠭᠤᠯᠵᠤ ᠵᠢᠯᠤᠭᠤᠳᠬᠤ ᠠᠵᠢᠯ ᠢ ᠰᠠᠶᠢᠲᠤᠷ ᠠᠳᠬᠤᠨ᠎ᠠ᠃ ᠡᠯ᠎ᠡ ᠰᠤᠮᠤ ᠪᠠᠯᠭᠠᠰᠤ᠂ ᠬᠤᠰᠢᠭᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠤᠰᠤᠯᠠᠯᠲᠠ ᠶᠢᠨ ᠤᠷᠤᠨ ᠤ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠳᠤ ᠲᠠᠶᠢᠯᠤᠮᠵᠢ ᠬᠢᠬᠦ ᠠᠵᠢᠯ ᠢ   ᠰᠠᠶᠢᠨ ᠬᠢᠵᠤ ᠦᠷᠭᠡᠨ ᠤᠯᠠᠨ ᠲᠠᠷᠢᠶᠠᠴᠢᠳ ᠲᠤ ᠦᠭᠡᠷᠡᠴᠢᠯᠡᠯᠲᠡ ᠶᠢᠨ ᠡᠬᠢᠯᠡᠯᠲᠡ ᠶᠢᠨ ᠴᠡᠭ᠂ ᠲᠡᠭᠦᠰᠭᠡᠯ ᠤᠨ ᠴᠡᠭ ᠪᠠ ᠪᠤᠳᠠᠲᠠᠢ ᠠᠷᠭ᠎ᠠ ᠪᠠᠷᠢᠯ ᠢ ᠬᠦᠢᠴᠡᠳ ᠤᠶᠢᠯᠠᠭᠠᠭᠤᠯᠤᠨ᠎ᠠ᠃ ᠪᠤᠯᠪᠠᠰᠤᠷᠠᠯ ᠤᠨ ᠠᠵᠢᠯ ᠢ ᠴᠢᠩᠭᠠᠳᠬᠠᠵᠤ ᠬᠤᠯᠪᠤᠭᠳᠠᠯ ᠪᠦᠬᠦᠢ ᠠᠵᠢᠯᠲᠠᠨ ᠤ ᠦᠵᠡᠯ ᠤᠬᠠᠮᠰᠠᠷ ᠤᠨ ᠲᠠᠨᠢᠯᠲᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠷᠠᠳᠢᠤ᠋᠂ ᠲᠧᠯᠸᠢᠰ᠂ ᠰᠤᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠨ ᠨᠡᠶᠢᠬᠡᠮ ᠤᠯᠠᠨ ᠨᠡᠶᠢᠲᠡ ᠳᠤ ᠤᠬᠠᠭᠤᠯᠬᠤ ᠠᠵᠢᠯ ᠢ ᠦᠷᠨᠢᠬᠦᠯᠵᠤ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠨ ᠤᠰᠤᠨ ᠤ ᠶᠠᠪᠤᠳᠠᠯ ᠤᠨ ᠲᠤᠬᠠᠢ ᠬᠦᠮᠦᠵᠢᠯ ᠢ ᠴᠢᠩᠭᠠᠷᠠᠭᠤᠯᠵᠤ ᠲᠠᠷᠢᠶᠠᠴᠢᠳ ᠴᠢᠨᠠᠭᠰᠢᠯᠠᠪᠠᠯ ᠪᠦᠬᠦ ᠨᠡᠶᠢᠬᠡᠮ ᠢᠶᠠᠷ ᠢᠶᠠᠨ ᠤᠰᠤ ᠬᠡᠷᠡᠭᠯᠡᠬᠦ ᠳᠤ ᠰᠦᠢᠳᠬᠡᠯ ᠲᠤᠰᠢᠶᠠᠬᠤ᠂ ᠤᠰᠤ ᠶᠢ ᠠᠷᠪᠢᠯᠠᠵᠤ ᠬᠡᠷᠡᠭᠯᠡᠬᠦ ᠤᠬᠠᠮᠰᠠᠷ ᠪᠠ ᠤᠰᠤ ᠶᠢ ᠠᠷᠪᠢᠯᠠᠬᠤ ᠤᠬᠠᠮᠰᠠᠷᠲᠤ ᠴᠢᠨᠠᠷ  ᠢ ᠨᠡᠮᠡᠭᠳᠡᠬᠦᠯᠦᠨ ᠲᠠᠷᠢᠶᠠᠯᠠᠩ ᠳᠤ ᠬᠡᠷᠡᠭᠯᠡᠬᠦ ᠤᠰᠤᠨ ᠦᠨ᠎ᠡ ᠶᠢᠨ ᠪᠦᠷᠢᠯᠳᠦᠯ ᠤᠨ ᠲᠤᠭᠲᠠᠴᠠ᠂ ᠲᠠᠷᠢᠶᠠᠯᠠᠩ ᠤᠨ ᠤᠰᠤᠨ ᠦᠨ᠎ᠡ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠲᠦᠷᠭᠡᠳᠬᠡᠨ ᠰᠠᠶᠢᠵᠢᠷᠠᠭᠤᠯᠬᠤ ᠳᠤ ᠠᠰᠢᠭᠲᠠᠢ ᠰᠢᠯᠢᠳᠡᠭ ᠰᠠᠶᠢᠨ ᠶᠠᠷᠢᠶ᠎ᠠ ᠬᠡᠯᠡᠯᠴᠡᠭᠡᠨ ᠤ ᠤᠷᠴᠢᠨ ᠠᠬᠤᠢ ᠶᠢ ᠪᠤᠢ ᠪᠤᠯᠭᠠᠨ᠎ᠠ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号