| | | | 9 ᠰᠠᠷ᠎ᠠ ᠶᠢᠨ 17 ᠤ ᠡᠳᠦᠷ ᠠᠴᠠ 19 ᠤ ᠡᠳᠦᠷ᠂ ᠰᠦᠯᠳᠡ ᠰᠤᠮᠤᠨ ᠤ ᠮᠠᠯᠴᠢᠨ ᠲᠠᠷᠢᠶᠠᠴᠢᠨ ᠤ | ᠡᠯᠪᠡᠭ ᠬᠤᠷᠢᠶᠠᠯᠳᠠ ᠶᠢᠨ ᠨᠠᠶᠢᠷ ᠵᠢᠴᠢ ᠲᠦᠷᠪᠠᠳᠤᠭᠡᠷ ᠤᠳᠠᠭᠠᠨ ᠤ ᠪᠡᠶ᠎ᠡ ᠲᠡᠮᠢᠷ ᠤᠨ ᠤᠷᠤᠯᠳᠤᠭᠠᠨ ᠰᠦᠯᠳᠡ | ᠰᠤᠮᠤᠨ ᠳᠤ ᠠᠮᠵᠢᠯᠳᠠᠳᠠᠢ ᠶᠠᠪᠤᠭᠳᠠᠪᠠ᠃ ᠬᠤᠰᠢᠭᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠢᠭᠡᠳᠤᠮᠠᠯ ᠹᠷᠦᠨᠲ ᠤᠨ ᠭᠡᠯᠳᠡᠰ ᠤᠨ ᠲᠠᠷᠤᠭ᠎ᠠ ᠠᠯᠳᠠᠨᠳᠤᠶᠠᠭ᠎ᠠ᠂ ᠬᠤᠰᠢᠭᠤ ᠤᠳᠣᠷᠢᠳᠤᠯᠭᠠ | ᠪᠠᠶᠠᠨᠴᠡᠩᠭᠡᠯ᠂ ᠯᠢ᠊ · ᠵᠢᠷᠤᠮᠲᠤ᠂ ᠽᠥᠸᠧ ᠴᠧᠨ ᠭᠤᠸᠠᠩ ᠪᠤᠯᠤᠨ ᠬᠤᠯᠪᠤᠭᠳᠠᠯ ᠪᠦᠭᠦᠢ ᠪᠠᠶᠢᠭᠤᠯᠭ᠎ᠠ | ᠨᠢᠭᠡᠴᠢ ᠶᠢᠨ ᠬᠠᠷᠢᠭᠤᠴᠠᠯᠭᠠᠳᠠᠨ ᠵᠢᠴᠢ ᠰᠦᠯᠳᠡ ᠰᠤᠮᠤᠨ ᠤ ᠮᠠᠯᠴᠢᠨ ᠲᠠᠷᠢᠶᠠᠴᠢᠳ ᠡᠬᠢᠯᠡᠯᠳᠡ ᠶᠢᠨ ᠶᠤᠰᠤᠯᠠᠯ ᠳᠤ | ᠤᠷᠤᠯᠴᠠᠪᠠ᠃ | | | | ᠶᠤᠰᠤᠯᠠᠯ ᠲᠡᠭᠡᠷ᠎ᠡ᠂ ᠰᠦᠯᠳᠡ ᠰᠤᠮᠤᠨ ᠤ ᠬᠠᠷᠢᠭᠤᠴᠠᠯᠭᠠᠳᠠᠨ ᠠᠴᠠ ᠨᠠᠭᠠᠳᠤᠮ ᠳᠤ ᠬᠦᠷᠦᠯᠴᠡᠨ ᠢᠷᠡᠭᠰᠡᠨ | ᠮᠠᠯᠴᠢᠨ ᠲᠠᠷᠢᠶᠠᠴᠢᠨ ᠳᠤ ᠪᠠᠶᠠᠷ ᠲᠠᠯᠠᠷᠬᠠᠯ ᠢᠶᠠᠨ ᠲᠠᠪᠰᠢᠭᠦᠯᠦᠭᠰᠡᠨ ᠤ ᠬᠠᠮᠳᠤ ᠨᠠᠮᠤᠷ ᠤᠨ ᠡᠯᠪᠡᠭ ᠬᠤᠷᠢᠶᠠᠯᠳᠠ | ᠤᠯᠤᠭᠰᠠᠨ ᠠᠮᠵᠢᠯᠳᠠ ᠪᠠᠨ ᠳ᠋ᠦᠩᠨᠠᠵᠤ᠂ ᠢᠷᠡᠭᠦ ᠵᠢᠯ ᠨᠡᠩ ᠡᠯᠪᠡᠭ ᠬᠤᠷᠢᠶᠠᠯᠳᠠ ᠤᠯᠬᠤ ᠪᠠᠷ ᠮᠠᠷᠠᠶᠢᠨ ᠴᠢᠷᠮᠠᠶᠢᠬᠤ | ᠵᠤᠷᠢᠭ ᠢᠶᠠᠨ ᠢᠯᠡᠳᠭᠡᠪᠡ᠃ | ᠶᠤᠰᠤᠯᠠᠯ ᠲᠡᠭᠡᠷ᠎ᠡ ᠵᠢᠩᠬᠤᠸᠠᠷ᠂ ᠮᠠᠰᠢ᠂ ᠤᠶᠤᠨᠪᠢᠯᠢᠩ ᠵᠡᠷᠭᠡ ᠠᠯᠳᠠᠷᠳᠤ ᠲᠠᠭᠤᠴᠢᠨ ᠠᠴᠠ ᠮᠠᠯᠴᠢᠨ | ᠲᠦᠮᠡᠨ ᠳᠤ ᠠᠶ᠎ᠠ ᠲᠠᠭᠤᠤ ᠡᠷᠭᠦᠭᠰᠡᠨ ᠢᠶᠠᠷ ᠪᠠᠷᠠᠬᠤ ᠦᠭᠡᠢ ᠰᠦᠯᠳᠡ ᠰᠤᠮᠤᠨ ᠤ ᠡᠯ᠎ᠡ ᠭᠠᠴᠠᠭ᠎ᠠ ᠲᠤᠰᠬᠤᠨ ᠤ | ᠲᠦᠯᠥᠭᠡᠯᠡᠭᠴᠢᠳ ᠠᠴᠠ ᠪᠠᠰᠠ ᠤᠷᠠᠨ ᠰᠠᠶᠢᠬᠠᠨ ᠤ ᠲᠤᠭᠯᠠᠯᠳᠠ ᠭᠠᠷᠭᠠᠵᠤ ᠬᠠᠮᠲᠤᠪᠡᠷ ᠨᠠᠮᠤᠷ ᠤᠨ ᠡᠯᠪᠡᠭ | ᠬᠤᠷᠢᠶᠠᠯᠳᠠ ᠪᠠᠨ ᠪᠠᠶᠠᠷᠯᠠᠨ ᠪᠡᠯᠭᠡᠯᠡᠪᠡ᠃ | | | | | | | | | ᠲᠤᠰ ᠤᠳᠠᠭᠠᠨ ᠤ ᠨᠠᠶᠢᠷ ᠨᠢ ᠭᠤᠷᠪᠠᠨ ᠡᠳᠤᠷ ᠤᠨ ᠬᠤᠭᠤᠴᠠᠭ᠎ᠠ ᠲᠠᠢ ᠶᠠᠪᠤᠭᠳᠠᠵᠤ ᠰᠦᠯᠳᠡ ᠰᠤᠮᠤᠨ ᠤ | ᠮᠠᠯᠴᠢᠨ ᠲᠠᠷᠢᠶᠠᠴᠢᠨ ᠣᠷᠣᠯᠴᠠᠭᠰᠠᠨ ᠰᠠᠭᠰᠤᠨ ᠪᠦᠮᠪᠦᠭᠡ᠂ ᠠᠯᠠᠭᠠᠳᠠᠬᠤ ᠪᠦᠮᠪᠦᠭᠡ᠂ ᠮᠤᠩᠭᠤᠯ ᠰᠢᠳᠡᠷ᠎ᠠ᠂ ᠲᠡᠭᠡᠰᠤ | ᠲᠠᠳᠠᠬᠤ ᠤᠷᠤᠯᠳᠤᠭᠠᠨ ᠪᠤᠯᠤᠨ ᠡᠷ᠎ᠡ ᠶᠢᠨ ᠭᠤᠷᠪᠠᠨ ᠨᠠᠭᠠᠳᠤᠮ᠂ ︽ᠭᠡᠰᠢᠭᠪᠡᠳᠥ︾ ᠰᠢᠯᠥᠭ ᠤᠨ ᠤᠷᠤᠯᠳᠤᠭᠠᠨ | ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭᠠᠨ ᠢ ᠵᠤᠬᠢᠶᠠᠨ ᠪᠠᠶᠢᠭᠤᠯᠵᠦ ᠥᠷᠨᠢᠬᠦᠯᠦᠭᠰᠡᠨ ᠪᠠᠶᠢᠨ᠎ᠠ᠃ | | | | | | | | | | | | | |