ᠰᠢ ᠶᠢᠨ ᠫᠢᠩ ᠳᠡᠯᠡᠬᠡᠢ ᠶᠢᠨ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠠᠬᠢᠭᠤᠯᠬᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2018-09-19
     ᠰᠢᠨᠬᠤᠧᠠ ᠬᠤᠷᠢᠶ᠎ᠠ ᠪᠡᠭᠡᠵᠢᠩ ᠤᠨ 9 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ   9 ᠰᠠᠷ᠎ᠠ ᠶᠢᠨ 17 ᠤ ᠡᠳᠦᠷ᠂ ᠳᠡᠯᠡᠬᠡᠢ ᠶᠢᠨ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠠᠬᠢᠭᠤᠯᠬᠤ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠵᠠᠢ᠃          ᠰᠢ ᠶᠢᠨ ᠫᠢᠩ᠂ ᠰᠢᠨᠵᠢᠯᠡᠬᠦ ᠤᠬᠠᠭᠠᠨ ᠮᠡᠷᠭᠡᠵᠢᠯ ᠪᠤᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠦᠨ᠂ ᠰᠢᠨ᠎ᠠ ᠶᠢ ᠡᠭᠦᠳᠬᠦ ᠪᠤᠯ ᠬᠦᠭᠵᠢᠯᠲᠡ ᠶᠢ ᠳᠠᠭᠠᠭᠤᠯᠬᠤ ᠨᠢᠭᠡᠳᠦᠭᠡᠷ ᠬᠦᠳᠡᠯᠭᠡᠬᠦ ᠬᠦᠴᠦᠨ ᠮᠦᠨ᠃ ᠤᠳᠤᠬᠠᠨ ᠳᠤ ᠪᠦᠬᠦ ᠪᠦᠮᠪᠦᠷᠴᠡᠭ ᠤᠨ ᠰᠢᠨ᠎ᠠ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠬᠦᠪᠦᠷᠡᠨ ᠬᠦᠭᠵᠢᠵᠦ᠂ ᠳᠡᠯᠡᠬᠡᠢ ᠶᠢᠨ ᠬᠦᠭᠵᠢᠯᠲᠡ ᠶᠢᠨ ᠪᠠᠶᠢᠷᠢᠰᠢᠯ ᠢ ᠭᠦᠨᠵᠡᠭᠡᠢ ᠨᠦᠯᠦᠭᠡᠯᠡᠨ᠂ ᠬᠦᠮᠦᠨ ᠲᠦᠷᠦᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠢ ᠬᠤᠪᠢᠷᠠᠭᠤᠯᠵᠦ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠡᠲᠡᠭᠡᠳ ᠪᠤᠯᠤᠨ ᠨᠡᠶᠢᠭᠡᠮ ᠤᠨ ᠡᠯ᠎ᠠ ᠡᠲᠡᠭᠡᠳ ᠤᠨ ᠬᠠᠮᠵᠢᠯᠴᠡᠨ ᠰᠢᠨ᠎ᠠ ᠶᠢ ᠡᠭᠦᠳᠬᠦ ᠶᠢ ᠴᠢᠩᠭᠠᠳᠬᠠᠵᠤ᠂ ᠡᠯ᠎ᠠ ᠤᠯᠤᠰ ᠤᠨ ᠨᠡᠭᠡᠬᠡᠯᠳᠡᠲᠦ ᠬᠠᠮᠲᠤᠷᠠᠯᠴᠠᠭ᠎ᠠ ᠶᠢ ᠠᠬᠢᠭᠤᠯᠬᠤ ᠪᠤᠯ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠪᠠᠷ ᠬᠦᠮᠦᠨ ᠲᠦᠷᠦᠯᠬᠢᠲᠡᠨ ᠤ ᠨᠡᠶᠢᠭᠡᠮ ᠤᠨ ᠳᠠᠪᠰᠢᠯᠲᠠ ᠳᠤ ᠨᠡᠩ ᠶᠡᠭᠡ ᠦᠢᠯᠡᠳᠦᠯ ᠪᠠᠳᠠᠷᠠᠭᠤᠯᠬᠤ ᠴᠢᠬᠤᠯᠠ ᠠᠷᠭ᠎ᠠ ᠵᠠᠮ ᠮᠦᠨ ᠭᠡᠵᠦ ᠵᠢᠭᠠᠵᠤ ᠭᠠᠷᠭᠠᠪᠠ᠃         ᠰᠢ ᠶᠢᠨ ᠫᠢᠩ᠂ ᠳᠤᠮᠳᠠᠳᠤ ᠤᠯᠤᠰ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠦᠷᠭᠡᠨ ᠤᠯᠠᠨ ᠠᠷᠠᠳ ᠲᠦᠮᠡᠨ ᠤ ᠰᠢᠨᠵᠢᠯᠡᠬᠦ ᠤᠬᠠᠭᠠᠨ ᠰᠤᠶᠤᠯ ᠤᠨ ᠬᠡᠪ ᠪᠤᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠬᠦᠯᠵᠦ ᠪᠠᠶᠢᠨ᠎ᠠ᠃ ᠳᠤᠮᠳᠠᠳᠤ ᠤᠯᠤᠰ ᠳᠡᠯᠡᠬᠡᠢ ᠶᠢᠨ ᠡᠯ᠎ᠠ ᠤᠯᠤᠰ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠯᠢᠯᠴᠠᠭ᠎ᠠ ᠶᠢ ᠢᠳᠡᠪᠬᠢᠳᠠᠢ ᠦᠷᠨᠢᠭᠦᠯᠦᠨ᠂ ᠠᠷᠠᠳ ᠲᠦᠮᠡᠨ ᠤ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠴᠢᠩᠭᠠᠳᠬᠠᠬᠤ ᠲᠤᠷᠰᠢᠯᠭ᠎ᠠ ᠠᠷᠭ᠎ᠠ ᠬᠡᠮᠵᠢᠶ᠎ᠠ ᠶᠢ ᠬᠤᠪᠢᠶᠠᠯᠴᠠᠵᠤ᠂ ᠬᠦᠭᠵᠢᠯᠲᠡ ᠶᠢᠨ ᠦᠷ᠎ᠠ ᠪᠦᠲᠦᠭᠡᠯ ᠢ ᠬᠠᠮᠲᠤ ᠪᠠᠷ ᠡᠳ᠋ᠯᠡᠬᠦ᠂ ᠬᠦᠭᠵᠢᠨ ᠴᠡᠴᠡᠭᠯᠡᠭᠰᠡᠨ ᠳᠡᠯᠡᠬᠡᠢ ᠶᠢᠷᠲᠢᠨᠴᠤ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ᠃ ᠡᠷᠬᠢᠮ ᠬᠦᠨᠳᠤᠳᠤ ᠵᠤᠴᠢᠳ ᠮᠢᠨᠢ ᠲᠤᠰ ᠤᠳᠠᠭ᠎ᠠ ᠶᠢᠨ ᠶᠡᠭᠡ ᠬᠤᠷᠠᠯ ᠤᠨ ᠬᠤᠭᠤᠴᠠᠭᠠᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠶᠢ ᠪᠠᠳᠠᠷᠠᠭᠤᠯᠬᠤ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠳᠠᠮᠵᠢᠭᠤᠯᠬᠤ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠬᠤ ᠲᠠᠯ᠎ᠠ ᠪᠠᠷ ᠢᠳᠡᠪᠬᠢᠲᠡᠢ ᠰᠤᠯᠢᠯᠴᠠᠨ ᠬᠠᠷᠢᠯᠴᠠᠨ ᠲᠤᠯᠢᠳᠠᠵᠤ᠂ ᠤᠯᠠᠨ ᠲᠦᠮᠡᠨ ᠤ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠳᠡᠭᠡᠭᠰᠢᠯᠡᠬᠦᠯᠬᠦ᠂ ᠰᠢᠨᠵᠢᠯᠡᠬᠦ ᠤᠬᠠᠭᠠᠨ ᠤ ᠦᠷ᠎ᠠ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃  
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号