ᠯᠢᠤ ᠬᠠᠢ ᠶᠠᠨ᠄ ᠠᠷᠢᠭᠤᠨ ᠬᠠᠶᠢᠷ᠎ᠠ ᠪᠠᠷ ᠢᠶᠠᠨ ᠰᠤᠷᠤᠭᠴᠢᠳ ᠢᠶᠠᠨ ᠬᠦᠮᠦᠵᠢᠭᠦᠯᠦᠭᠰᠡᠨ ᠪᠠᠭᠰᠢ ᠶᠢᠨ ᠦᠢᠯᠡᠰ
ᠨᠡᠶᠢᠲᠡᠯᠡᠭᠰᠡᠨ ᠴᠠᠭ᠄
2018-09-28
      ᠯᠢᠤ ᠬᠠᠢ ᠶᠠᠨ ᠨᠦᠬᠦᠷ ᠠᠵᠢᠯ ᠤᠨ ᠪᠠᠶᠢᠷᠢᠨ ᠳᠡᠭᠡᠷ᠎ᠡ ᠪᠠᠨ 16 ᠵᠢᠯ ᠭᠠᠷᠮᠠᠭᠠᠶᠢᠯᠠᠨ ᠠᠵᠢᠯᠯᠠᠵᠤ ᠬᠦᠮᠦᠨ ᠎ ᠤ ᠬᠡᠤᠬᠡᠳ ᠢ ᠦᠪᠡᠷ ᠤᠨ ᠬᠡᠤᠬᠡᠳ ᠠᠴᠠ ᠪᠠᠨ ᠢᠯᠡᠭᠦᠤ ᠬᠠᠶᠢᠷᠠᠯᠠᠨ ᠬᠠᠯᠠᠮᠵᠢᠯᠠᠵᠤ ᠰᠤᠷᠭᠠᠨ ᠬᠦᠮᠦᠵᠢᠯ ᠤᠨ ᠦᠢᠯᠡᠰ ᠲᠤ ᠭᠠᠯ ᠵᠠᠯᠠᠭᠤ ᠨᠠᠰᠤ ᠪᠠᠨ ᠵᠤᠷᠢᠭᠤᠯᠤᠨ ᠬᠤᠰᠢᠭᠤᠴᠢ ᠵᠢᠱᠢᠶᠡᠴᠢ ᠦᠢᠯᠡᠳᠤᠯ ᠢᠶᠠᠨ ᠪᠠᠳᠠᠷᠠᠭᠤᠯᠵᠤ ᠤᠯᠠᠨ ᠳᠠᠶᠠᠭᠠᠷ ᠤᠨ ᠮᠠᠭᠲᠠᠭᠠᠯ ᠰᠠᠶᠢᠰᠢᠶᠠᠯ ᠢ ᠬᠦᠷᠲᠡᠨ ᠶᠠᠪᠤᠭ᠎ᠠ ᠪᠢᠯᠡ᠃       ᠦᠤᠰᠢᠨ ᠬᠤᠰᠢᠭᠤᠨ ᠤ ᠨᠢᠭᠡᠳᠤᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠢᠴᠢᠶᠡᠯ ᠤᠨ ᠠᠰᠠᠷ ᠲᠤ ᠠᠯᠬᠤᠨ ᠤᠷᠤᠬᠤ ᠲᠠᠢ ᠵᠡᠷᠭᠡ ᠰᠤᠷᠤᠭᠴᠢᠳ ᠤᠨ ᠨᠤᠮ ᠤᠩᠰᠢᠬᠤ ᠳᠠᠭᠤᠨ ᠭᠤᠳᠤᠮᠵᠢ ᠳᠦᠬᠦᠷᠡᠩ ᠬᠠᠩᠭᠢᠨᠠᠵᠤ ᠪᠠᠶᠢᠯ᠎ᠠ᠃ ᠯᠢᠦ ᠬᠠᠢ ᠶᠡᠨ ᠪᠠᠭᠰᠢ ᠶᠠᠭ ᠰᠠᠶᠢᠬᠠᠨ ᠳᠦᠷᠪᠡᠳᠤᠭᠡᠷ ᠤᠨ ᠤ ᠰᠤᠷᠤᠭᠴᠢᠳ ᠲᠤ ᠬᠡᠯᠡ ᠪᠢᠴᠢᠭ ᠤᠨ ᠬᠢᠴᠢᠶᠡᠯ ᠤᠷᠤᠵᠤ᠂ ᠬᠢᠴᠢᠶᠠᠯ ᠳᠡᠭᠡᠷᠡᠬᠢ ᠠᠭᠤᠷ ᠠᠮᠢᠰᠬᠤᠯ ᠬᠦᠭᠵᠢᠶᠡᠨᠲᠠᠢ᠂ ᠰᠤᠷᠤᠭᠴᠢᠳ ᠵᠠᠯᠭᠠᠭ᠎ᠠ ᠪᠠᠷ ᠭᠠᠷ ᠡᠷᠭᠦᠨ ᠠᠰᠠᠭᠤᠯᠲᠠ ᠬᠠᠷᠢᠭᠤᠯᠵᠤ᠂ ᠨᠠᠷᠢᠯᠢᠭ ᠰᠠᠶᠢᠬᠠᠨ ᠪᠡᠯᠡᠳᠬᠡᠭᠰᠡᠨ PPT᠂ ᠳᠡᠷᠢ ᠲᠡᠭᠰᠢᠬᠡᠨ ᠰᠠᠮᠪᠠᠷ᠎ᠠ ᠶᠢᠨ ᠪᠢᠴᠢᠯᠭᠡ ᠵᠡᠷᠭᠡ ᠨᠢ ᠰᠤᠷᠤᠭᠴᠢᠳ ᠤᠨ ᠠᠩᠬᠠᠷᠤᠯ ᠢ ᠡᠷᠬᠡ ᠦᠭᠡᠢ ᠳᠠᠲᠠᠵᠤ ᠪᠠᠶᠢᠯ᠎ᠠ᠃ ᠬᠢᠴᠢᠶᠡᠯ ᠳᠡᠭᠡᠷ᠎ᠡ ᠯᠢᠤ ᠬᠠᠢ ᠶᠠᠨ ᠪᠠᠭᠰᠢ ᠪᠢᠴᠢᠯᠭᠡ ᠳᠤ ᠶᠡᠭᠡ ᠱᠠᠭᠠᠷᠳᠠᠯᠭ᠎ᠠ ᠦᠨᠳᠤᠷ ᠪᠠᠶᠢᠵᠤ᠂ ᠦᠰᠦᠭ ᠢ ᠲᠠᠨᠢᠬᠤ ᠠᠯᠬᠤᠮ ᠠᠴᠠ ᠡᠬᠢᠯᠡᠭᠡᠳ ᠦᠰᠦᠭ᠂ ᠦᠰᠦᠭ ᠤᠨ ᠬᠡᠯᠪᠡᠷᠢ᠂ ᠪᠢᠴᠢᠯᠭᠡ ᠶᠢ ᠴᠢᠩᠭ᠎ᠠ ᠠᠳᠬᠤᠵᠤ᠂ ᠰᠤᠷᠤᠭᠴᠢᠳ ᠴᠦ ᠨᠢᠭᠡ ᠨᠢᠭᠡ ᠦᠰᠦᠭ ᠢᠶᠠᠷ ᠨᠠᠷᠢᠨ ᠬᠢᠮᠠᠭᠠᠢ ᠪᠢᠴᠢᠨ᠂ ᠤᠬᠤᠷᠬᠠᠨ 40 ᠮᠢᠨᠦ᠋ᠲ ᠶᠢᠨ ᠬᠢᠴᠢᠶᠡᠯ ᠳᠡᠭᠡᠷ᠎ᠡ ᠴᠦ  ᠰᠤᠷᠤᠭᠴᠢᠳ ᠤᠷᠮ᠎ᠠ ᠲᠠᠢ ᠰᠤᠷᠤᠯᠴᠠᠨ ᠶᠠᠭᠠᠷᠠᠯᠳᠤᠴᠠᠭᠠᠨ᠎ᠠ᠃ ᠯᠢᠤ ᠬᠠᠢ ᠶᠠᠨ ᠪᠠᠭᠰᠢ ᠪᠢᠴᠢᠯᠭᠡ ᠳᠤ ᠱᠠᠭᠠᠷᠳᠠᠯᠭ᠎ᠠ ᠦᠨᠳᠤᠷ ᠠᠴᠠ ᠭᠠᠳᠠᠨ᠎ᠠ ᠨᠠᠷᠢᠨ ᠠᠵᠢᠭᠯᠠᠬᠤ ᠪᠠ  ᠨᠢᠮᠪᠠᠢ ᠤᠷᠤᠯᠴᠠᠬᠤ ᠶᠢ ᠬᠡᠴᠢᠶᠡᠯ ᠲᠠᠢ ᠤᠶᠠᠯᠳᠤᠭᠤᠯᠬᠤ ᠶᠢ ᠬᠠᠮᠤᠭ ᠠᠴᠠ ᠴᠢᠬᠤᠯᠠᠴᠢᠯᠠᠨ᠂ ︽ᠨᠠᠷᠢᠨ ᠠᠵᠢᠭᠯᠠᠬᠤ᠂ ᠨᠢᠮᠪᠠᠢ ᠤᠷᠤᠯᠴᠠᠬᠤ︾᠎ ᠪᠠᠷ ᠭᠦᠳᠡᠯᠭᠡᠭᠴᠢ ᠬᠦᠴᠦᠨ ᠪᠤᠯᠭᠠᠭᠰᠠᠨ ᠵᠢᠭᠠᠨ ᠰᠤᠷᠭᠠᠬᠤ ᠠᠷᠭ᠎ᠠ ᠮᠠᠶ᠋ᠢᠭ ᠨᠢ ᠰᠤᠷᠤᠭᠴᠢᠳ ᠤᠨ ᠤᠷᠮᠠᠰᠢᠯ ᠢ ᠢᠳᠡᠭ ᠢᠳᠡᠭ ᠢᠶᠠᠷ ᠬᠦᠭᠵᠢᠭᠡᠵᠤ ᠨᠡᠩ ᠠᠮᠵᠢᠯᠲᠠᠲᠠᠢ ᠬᠢᠴᠢᠶᠡᠯᠯᠡᠳᠡᠭ ᠪᠠᠶᠢᠨ᠎ᠠ᠃      ᠯᠢᠦ ᠬᠠᠢ ᠶᠡᠨ ᠪᠠᠭᠰᠢ ᠨᠢᠭᠡᠨ ᠰᠢᠯᠢᠳᠡᠭ ᠪᠠᠭᠰᠢ ᠪᠤᠯᠤᠭᠰᠠᠨ ᠤ ᠬᠤᠪᠢ ᠳᠤ ᠡᠷᠬᠢᠮ ᠳᠡᠭᠡᠳᠤ ᠪᠠᠭᠰᠢ ᠶᠢᠨ ᠰᠤᠷᠲᠠᠯ ᠲᠠᠢ᠂ ᠠᠵᠢᠯ ᠦᠢᠯᠡᠰ ᠲᠤ ᠪᠠᠨ ᠠᠵᠢᠯᠴᠢ ᠬᠡᠴᠢᠶᠡᠩᠭᠦᠢ᠂ ᠵᠢᠭᠠᠨ ᠰᠤᠷᠭᠠᠬᠤ ᠮᠡᠷᠭᠡᠵᠢᠯ ᠢᠶᠠᠷ ᠰᠠᠶᠢᠨ᠂ ᠰᠤᠷᠤᠭᠴᠢᠳ ᠢᠶᠠᠨ ᠦᠷ᠎ᠡ ᠬᠡᠤᠬᠡᠳ ᠢᠶᠠᠨ ᠰᠢᠭ ᠬᠠᠶᠢᠷᠠᠯᠠᠵᠣ᠂ ᠠᠷᠢᠭᠤᠨ ᠬᠠᠶᠢᠷ᠎ᠠ ᠪᠠᠷ ᠪᠠᠨ ᠰᠤᠷᠤᠭᠴᠢ ᠪᠠᠨ ᠬᠦᠮᠦᠵᠢᠭᠦᠯᠵᠤ᠂ ᠲᠦᠷᠦᠭᠰᠡᠨ ᠦᠷ᠎ᠡ ᠲᠠᠢ ᠪᠠᠨ ᠠᠳᠠᠯᠢ ᠰᠤᠷᠤᠭᠴᠢ ᠪᠠᠨ ᠬᠠᠶᠢᠷᠠᠯᠠᠨ ᠬᠠᠯᠠᠮᠵᠢᠯᠠᠳᠠᠭ᠃ ᠲᠡᠷᠡ ᠰᠤᠷᠤᠭᠴᠢ ᠶᠢᠨ ᠤᠨᠴᠠᠯᠢᠭ ᠲᠤᠨᠢ ᠲᠤᠬᠢᠷᠠᠭᠤᠯᠤᠨ ᠵᠢᠭᠠᠨ ᠰᠤᠷᠭᠠᠯᠲᠠ ᠶᠢᠨ ᠠᠭᠤᠯᠭ᠎ᠠ ᠪᠠᠨ ᠰᠢᠨᠡᠴᠢᠯᠡᠨ᠂ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠦᠨᠳᠤᠰᠦᠯᠡᠨ ᠲᠦᠷᠦᠯ ᠬᠤᠪᠢᠶᠠᠵᠤ᠂ ︽ᠤᠨᠴᠠᠯᠢᠭ ᠲᠤᠨᠢ ᠨᠢ ᠲᠤᠬᠢᠷᠠᠭᠤᠯᠤᠨ ᠵᠢᠭᠠᠨ ᠰᠤᠷᠭᠠᠬᠤ ᠠᠷᠭ᠎ᠠ︾᠎ ᠶᠢ ᠵᠢᠷᠤᠮᠯᠠᠬᠤ ᠶᠢᠨ ᠬᠠᠮᠲᠤ ᠠᠩᠭᠢ ᠨᠢᠭᠡᠴᠡ ᠳᠤ ᠪᠠᠨ ᠡᠯ᠎ᠡ ᠲᠦᠷᠦᠯ ᠎ ᠤᠨ ᠠᠴᠢ ᠲᠠᠯᠠᠷᠬᠠᠯ ᠤᠨ ᠠᠵᠢᠯᠯᠠᠭᠠᠨ ᠢ ᠦᠷᠨᠢᠭᠦᠯᠵᠤ᠂ ᠠᠵᠢᠯᠯᠠᠭᠠᠨ ᠤ ᠳᠤᠮᠳᠠ ᠦᠵᠡᠯ ᠰᠠᠨᠠᠭ᠎ᠠ ᠶᠤᠰᠤ ᠮᠤᠷᠠᠯ ᠎ ᠤᠨ ᠬᠦᠮᠦᠵᠢᠯ ᠬᠢᠵᠤ᠂ ᠰᠣᠷᠤᠭᠴᠢᠳ ᠢ ᠪᠠᠶᠠᠰᠤᠩᠭᠤᠢ ᠰᠤᠷᠤᠯᠴᠠᠭᠤᠯᠳᠠᠭ᠃      ᠠᠷᠪᠠᠨ ᠵᠢᠷᠭᠤᠭᠠᠨ ᠵᠢᠯ ᠤᠨ ᠲᠤᠷᠰᠢ ᠯᠢᠤ ᠬᠠᠢ ᠶᠠᠨ ᠪᠠᠭᠰᠢ ᠵᠢᠷ ᠤᠨ ᠠᠵᠢᠯ ᠤᠨ ᠪᠠᠶᠢᠷᠢᠨ ᠳᠡᠭᠡᠷ᠎ᠡ ᠴᠠᠭ ᠢᠮᠠᠭᠲᠠ ᠠᠷᠠᠳ ᠤᠨ ᠪᠠᠭᠰᠢ ᠶᠢᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠰᠢᠷᠭᠠᠭᠤ ᠴᠢᠷᠮᠠᠶᠢᠯᠭ᠎ᠠ ᠨᠢ ᠭᠡᠷ ᠤᠨ ᠠᠬᠠᠮᠠᠳ ᠤᠨ ᠰᠠᠶᠢᠨ ᠬᠦᠷᠢᠶᠡᠯᠡᠯ᠂ ᠬᠠᠮᠲᠤ ᠠᠵᠢᠯᠯᠠᠭᠰᠠᠳ ᠤᠨ ᠰᠠᠶᠢᠰᠢᠶᠠᠯ᠂ ᠰᠤᠷᠤᠭᠴᠢᠳ ᠤᠨ ᠬᠦᠨᠲᠦᠳᠬᠡᠯ᠂ ᠪᠠᠶᠢᠭᠤᠯᠭ᠎ᠠ ᠤᠳᠤᠷᠢᠳᠤᠯᠭ᠎ᠠ ᠶᠢᠨ ᠰᠠᠶᠢᠨ ᠦᠨᠡᠯᠡᠯᠲᠡ ᠶᠢ ᠤᠯᠵᠤ ᠪᠠᠭᠰᠢ ᠶᠢᠨ ᠠᠵᠢᠯ ᠦᠢᠯᠡᠰ ᠤᠨ ᠮᠠᠰᠢ ᠣᠯᠠᠨ ᠢᠷᠡᠭᠤ ᠠᠯᠳᠠᠷ ᠢ ᠬᠦᠷᠳᠡᠭᠰᠡᠨ ᠪᠢᠯᠡ᠃ ᠲᠡᠷᠡ ᠤᠷᠢᠳ ᠬᠤᠵᠢᠳ ᠪᠦᠬᠦ ᠬᠤᠲᠠ ᠶᠢᠨ ᠰᠢᠯᠢᠳᠡᠭ ᠠᠩᠬᠢ ᠶᠢᠨ ᠡᠷᠬᠢᠯᠡᠭᠴᠢ᠂ ᠬᠤᠲᠠ ᠶᠢᠨ ᠱᠠᠲᠤᠨ ᠤ ᠦᠨᠳᠤᠰᠦᠨ ᠮᠡᠷᠭᠡᠵᠢᠯ ᠤᠨ ᠤᠷᠤᠯᠳᠤᠭᠠᠨ ᠤ ᠬᠤᠶᠠᠳᠤᠭᠠᠷ ᠲᠡᠰ ᠤᠨ ᠱᠠᠩᠨᠠᠯ᠂ ᠬᠤᠲᠠ᠂ ᠬᠤᠰᠢᠭᠤ ᠬᠤᠶᠠᠷ ᠱᠠᠲᠤᠨ ᠤ ᠰᠤᠨᠤᠰᠤᠨ ᠪᠢᠴᠢᠬᠦ ᠤᠷᠤᠯᠳᠤᠭᠠᠨ ᠤ ᠰᠢᠯᠢᠳᠡᠭ ᠵᠢᠭᠠᠨ ᠵᠢᠯᠤᠭᠤᠳᠤᠭᠴᠢ ᠪᠠᠭᠰᠢ᠂ ᠬᠤᠰᠢᠭᠤ ᠱᠠᠲᠤᠨ ᠤ ᠦᠨᠳᠤᠰᠦᠨ ᠮᠡᠷᠭᠡᠵᠢᠯ ᠤᠨ ᠤᠷᠤᠯᠳᠤᠭᠠᠨ ᠤ ᠨᠢᠭᠡᠳᠤᠭᠡᠷ ᠲᠡᠰ ᠵᠡᠷᠭᠡ ᠢᠷᠠᠭᠤ ᠠᠯᠲᠠᠷ ᠤᠨ ᠴᠤᠯᠠ ᠶᠢ ᠬᠦᠷᠳᠡᠭᠰᠡᠨ ᠶᠤᠮ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号