ᠤᠯᠠᠭᠠᠠᠲᠤᠯᠤᠭᠠᠢ ᠪᠠᠯᠭᠠᠰᠣᠨ ᠤ ᠺᠠᠳ᠋ᠷ ᠠᠵᠢᠯᠳᠡᠳ ᠮᠠᠯᠴᠢᠨ ᠲᠠᠷᠢᠶᠠᠴᠢᠳ ᠢᠶᠠᠨ ᠬᠠᠪᠰᠤᠷᠤᠨ ᠨᠠᠮᠤᠷ ᠤᠨ ᠬᠤᠷᠢᠶᠠᠯᠲᠠ ᠶᠢᠨ ᠠᠵᠢᠯ ᠳᠤ ᠢᠳᠡᠪᠬᠢᠳᠠᠢ ᠤᠷᠤᠯᠴᠠᠯ᠎ᠠ
ᠨᠡᠶᠢᠲᠡᠯᠡᠭᠰᠡᠨ ᠴᠠᠭ᠄
2018-09-29
     ᠠᠯᠳᠠᠨ ᠰᠢᠷᠭᠠᠯ ᠨᠠᠮᠣᠷ ᠤᠨ ᠬᠤᠷᠢᠶᠠᠯᠳᠠ ᠶᠢᠨ ᠣᠯᠠᠷᠢᠯ ᠬᠦᠷᠴᠦ ᠢᠷᠡᠬᠦ ᠪᠠᠷ ᠤᠯᠠᠭᠠᠠᠲᠤᠯᠤᠭᠠᠢ ᠪᠠᠯᠭᠠᠰᠤ  ᠨᠢ ᠺᠠᠳ᠋ᠷ ᠠᠵᠢᠯᠳᠠᠨ ᠢᠶᠠᠨ ᠵᠤᠬᠢᠶᠠᠨ ᠪᠠᠶᠢᠭᠤᠯᠣᠨ ᠤᠯᠠᠭᠠᠨᠲᠤᠭ ᠲᠤᠰᠬᠤᠨ ᠳᠤ ᠤᠴᠢᠨ ᠳᠣᠰᠬᠤᠨ ᠤ ᠬᠠᠮᠳᠣ ᠶᠢᠨ ᠠᠵᠣ ᠠᠬᠤᠢ ᠶᠢᠨ ᠠᠮᠣ ᠶᠢᠨ ᠲᠠᠷᠢᠶ᠎ᠠ ᠶᠢ ᠬᠠᠪᠰᠤᠷᠤᠨ ᠬᠠᠳᠣᠵᠣ ᠨᠠᠮᠣᠷ ᠤᠨ ᠬᠤᠷᠢᠶᠠᠯᠳᠠ ᠶᠢᠨ ᠠᠵᠢᠯ ᠳᠤ ᠢᠳᠡᠪᠬᠢᠳᠠᠢ ᠤᠷᠤᠯᠴᠠᠭᠰᠠᠨ ᠪᠠᠶᠢᠨ᠎ᠠ᠃      ᠡᠨ᠋ᠨ ᠣᠳᠠᠭ᠎ᠠ ᠤᠯᠠᠭᠠᠠᠲᠤᠯᠤᠭᠠᠢ ᠪᠠᠯᠭᠠᠰᠤ ᠨᠢ ᠠᠮᠣ ᠶᠢᠨ ᠳᠠᠷᠢᠶᠠᠨ ᠤ ᠬᠠᠳᠤᠵᠤ ᠬᠤᠷᠢᠶᠠᠬᠤ ᠬᠠᠮᠤᠭ ᠤᠨ ᠲᠤᠬᠢᠷᠠᠮᠵᠢᠳᠠᠢ ᠴᠠᠭ ᠢ ᠠᠰᠢᠭᠯᠠᠨ ᠪᠠᠯᠭᠠᠰᠣᠨ ᠤ ᠵᠠᠭᠤ ᠭᠠᠷᠣᠢ ᠺᠠᠳ᠋ᠷ ᠠᠵᠢᠯᠲᠠᠳ᠂ ᠮᠠᠯᠴᠢᠨ ᠳᠠᠷᠢᠶᠠᠴᠢᠨ᠂ ᠨᠠᠮ  ᠤᠨ ᠬᠡᠰᠢᠬᠦᠨ ᠪᠣᠯᠣᠨ ᠠᠵᠤ ᠠᠬᠤᠶᠢᠯᠠᠯ ᠤᠨ ᠠᠵᠢᠯᠴᠢᠨ ᠠᠵᠢᠯᠲᠠᠳ ᠢᠶᠠᠨ ᠵᠣᠬᠢᠶᠡᠨ ᠪᠠᠶᠢᠭᠤᠯᠵᠤ ᠤᠯᠠᠭᠠᠨᠲᠤᠭ ᠲᠤᠰᠬᠤᠨ ᠤ 300 ᠭᠠᠷᠣᠢ ᠮᠣ᠋ ᠶᠢᠨ ᠠᠮᠤ ᠶᠢᠨ ᠳᠠᠷᠢᠶᠠᠨ ᠤ ᠰᠠᠭᠤᠷᠢᠨ ᠭᠠᠵᠠᠷ ᠲᠤ ᠬᠦᠷᠴᠦ ᠠᠮᠤ ᠬᠠᠳᠤᠵᠤ ᠬᠤᠷᠢᠶᠠᠬᠤ ᠠᠵᠢᠯ ᠳᠤ ᠢᠳᠡᠪᠬᠢᠲᠠᠢ ᠤᠷᠤᠯᠴᠠᠨ ᠨᠠᠮᠣᠷ ᠤᠨ ᠡᠯᠪᠡᠭ ᠬᠤᠷᠢᠶᠠᠯᠳᠠ ᠶᠢᠨ ᠪᠠᠶᠠᠷ ᠢ ᠪᠡᠶᠡᠷᠯᠡᠨ ᠪᠡᠯᠭᠡᠯᠡᠬᠦ  ᠶᠢᠨ ᠬᠠᠮᠳᠣ ᠺᠠᠳ᠋ᠷ ᠠᠵᠢᠯᠳᠠᠨ ᠢᠶᠠᠨ ᠦᠨᠳᠦᠰᠦᠨ ᠱᠠᠳᠤᠨ ᠳᠤ ᠬᠦᠨᠵᠡᠬᠡᠶᠢᠷᠡᠬᠦᠯᠵᠦ ᠲᠠᠷᠢᠶᠠᠨ ᠠᠵᠢᠯ ᠳᠤ ᠤᠷᠤᠯᠴᠠᠭᠤᠯᠤᠨ ᠬᠠᠮᠲᠤ ᠪᠠᠷ ᠡᠯᠪᠡᠭ ᠬᠤᠷᠢᠶᠠᠯᠳᠠ ᠶᠢᠨ ᠪᠠᠶᠠᠷ ᠪᠠᠭ᠋ᠠᠳᠤᠯ ᠢ ᠬᠤᠪᠢᠶᠠᠯᠴᠠᠭᠰᠠᠨ ᠪᠠᠶᠢᠨ᠎ᠠ᠃      ᠡᠨᠡ ᠵᠢᠯ ᠤᠯᠠᠭᠠᠨᠲᠤᠯᠤᠭᠠᠢ ᠪᠠᠯᠭᠠᠰᠣᠨ ᠤ ᠤᠯᠠᠭᠠᠨᠲᠤᠭ ᠳᠣᠰᠬᠤᠨ ᠨᠢ ᠬᠠᠮᠲᠤ ᠶᠢᠨ ᠠᠵᠤ ᠠᠬᠤᠢ ᠶᠢ ᠬᠦᠭᠵᠢᠬᠦᠯᠬᠦ ᠶᠢᠨ ᠲᠦᠯᠦᠭᠡ ᠰᠣᠯᠡ ᠰᠡᠯᠡᠬᠦᠦ ᠠᠳᠡᠷ ᠭᠠᠵᠠᠷ ᠢᠶᠠᠨ ᠠᠰᠢᠭᠯᠠᠨ 300 ᠭᠠᠷᠣᠢ ᠮᠤ᠋ ᠠᠮᠤ ᠳᠡᠷᠢᠨ ᠡᠯᠪᠡᠭ ᠬᠤᠷᠢᠶᠠᠯᠳᠠ ᠤᠯᠵᠠᠢ᠃ ᠳᠦᠰᠦᠭᠡᠯᠡᠭᠰᠡᠨ ᠢᠶᠠᠷ᠂ ᠲᠤᠰᠬᠤᠨ ᠤ ᠬᠠᠮᠲᠤ ᠨᠡᠶᠢᠳᠡ ᠶᠢᠨ ᠠᠵᠣ ᠠᠬᠤᠢ ᠳᠤ ᠪᠠᠷᠤᠭ 15 ᠲᠦᠮᠡᠨ ᠲᠦᠭᠦᠷᠢᠭ ᠤᠨ ᠤᠷᠤᠯᠭ᠎ᠠ ᠣᠷᠣᠭᠤᠯᠬᠤ ᠪᠠᠷ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号