ᠲᠤᠮᠳᠠᠲᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠵᠢᠴᠢ ᠪᠡᠶ᠎ᠡ ᠲᠠᠮᠢᠷ ᠰᠡᠯᠡᠭᠦᠴᠡᠯ ᠡᠷᠡᠭᠦᠯᠵᠢᠯ ᠰᠤᠪᠢᠯᠠᠯᠲᠠ ᠶᠢᠨ ᠲᠤᠷᠰᠢᠯᠲᠠ ᠶᠢᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠ ᠬᠤᠶᠠᠳᠤᠭᠠᠷ ᠬᠤᠭᠤᠴᠠᠭᠠᠨ ᠤ ᠤᠩᠭᠤᠨ ᠮᠠᠩᠬᠠᠨ ᠤ ᠮᠠᠰᠢᠨ ᠲᠡᠷᠭᠡ ᠶᠢᠨ ᠬᠡᠬᠡᠷᠡᠯᠡᠨ ᠤᠷᠤᠯᠳᠤᠬᠤ ᠤᠷᠤᠯᠳᠤᠭᠠᠨ ᠤ ᠡᠬᠢᠯᠡᠯᠲᠡ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2018-09-29
      9 ᠰᠠᠷ᠎ᠠ ᠶᠢᠨ 26 ᠤ ᠡᠳᠦᠷ᠂ ᠤᠯᠠᠭᠠᠨᠲᠤᠯᠤᠭᠠᠢ ᠪᠠᠯᠭᠠᠰᠤᠨ ᠤ ᠪᠠᠶᠠᠠᠭᠤᠯ ᠭᠠᠴᠠᠭᠠᠨ ᠳᠤ ᠲᠤᠮᠳᠠᠲᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠵᠢᠴᠢ ᠪᠡᠶ᠎ᠡ ᠲᠠᠮᠢᠷ ᠰᠡᠯᠡᠭᠦᠴᠡᠯ ᠡᠷᠡᠭᠦᠯᠵᠢᠯ ᠰᠤᠪᠢᠯᠠᠯᠲᠠ ᠶᠢᠨ ᠲᠤᠷᠰᠢᠯᠲᠠ ᠶᠢᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠ ᠬᠤᠶᠠᠳᠤᠭᠠᠷ ᠬᠤᠭᠤᠴᠠᠭᠠᠨ ᠤ ᠤᠩᠭᠤᠨ ᠮᠠᠩᠬᠠᠨ ᠤ ᠮᠠᠰᠢᠨ ᠲᠡᠷᠭᠡ ᠶᠢᠨ ᠬᠡᠬᠡᠷᠡᠯᠡᠨ ᠤᠷᠤᠯᠳᠤᠬᠤ ᠤᠷᠤᠯᠳᠤᠭᠠᠨ ᠤ ᠡᠬᠢᠯᠡᠯᠲᠡ  ᠶᠢᠨ ᠶᠤᠰᠤᠯᠠᠯ ᠠᠮᠵᠢᠯᠲᠠᠲᠠᠢ ᠶᠠᠪᠤᠭᠳᠠᠯ᠎ᠠ᠃ ᠤᠷᠳᠤᠰ ᠶᠢᠨ ᠡᠳᠦᠷ ᠤᠨ ᠰᠤᠨᠢᠨ ᠤ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠬᠤᠷᠢᠶᠠᠨ ᠲᠠᠷᠤᠭ᠎ᠠ ᠵᠠᠨ ᠵᠢᠶᠡᠨ ᠪᠢᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠯᠢ ᠰᠢᠤ ᠹᠧᠩ᠂ ᠬᠤᠰᠢᠭᠤ ᠲᠡᠳ᠋ ᠬᠤᠰᠢᠭᠤ ᠲᠠᠷᠤᠭ᠎ᠠ ᠯᠢ ᠬᠤᠩ ᠯᠢᠶᠠᠩ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠯᠧᠢ ᠬᠠᠰ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠽᠤᠤ ᠶᠢᠨ ᠱᠠᠨ᠂ ᠤᠯᠠᠭᠠᠨᠲᠤᠯᠤᠭᠠᠢ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠳ᠂ ᠤᠯᠠᠭᠠᠨᠲᠤᠯᠤᠭᠠᠢ ᠪᠠᠯᠭᠠᠰᠤᠨ ᠳᠤ ᠰᠠᠭᠤᠷᠢᠰᠢᠭ᠎ᠠ ᠭᠡᠰᠡᠭ ᠠᠵᠤ ᠠᠬᠤᠶᠢᠯᠠᠯ ᠶᠢᠨ ᠬᠠᠷᠢᠭᠤᠴᠠᠯᠭᠠᠲᠠᠨ ᠡᠬᠢᠯᠡᠯᠲᠡ ᠶᠢᠨ ᠶᠤᠰᠤᠯᠠᠯ ᠳᠤ ᠤᠷᠤᠯᠴᠠᠯ᠎ᠠ᠃
           ᠶᠤᠰᠤᠯᠠᠯ ᠳᠡᠭᠡᠷ᠎ᠡ ᠯᠢ ᠬᠤᠩ ᠯᠢᠶᠠᠩ ᠶᠠᠷᠢᠶ᠎ᠠ ᠲᠠᠯᠪᠢᠵᠦ ᠢᠯᠡᠷᠭᠡᠶᠢᠯᠡᠭᠦ ᠳᠤ ᠪᠠᠨ᠂ ᠪᠢᠳᠠ ᠡᠷᠬᠡᠪᠰᠢ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠪᠠᠷ ᠠᠵᠠ ᠲᠤᠬᠢᠶᠠᠯ ᠪᠤᠯᠭᠠᠨ ᠮᠠᠨ ᠤ ᠬᠤᠰᠢᠭᠤᠨ ᠤ ᠲᠠᠷᠢᠶᠠᠯᠠᠬᠤ ᠰᠤᠶᠤᠯ ᠢ ᠶᠡᠬᠡᠪᠡᠷ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠢᠷᠠᠭᠤ ᠨᠠᠶᠢᠷᠠᠭ ᠢ ᠴᠢᠷᠮᠠᠶᠢᠨ ᠪᠢᠴᠢᠭᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠢᠶᠠᠨ ᠬᠠᠯᠠᠮᠵᠢᠯᠠᠵᠤ᠂ ᠮᠠᠯᠴᠢᠨ ᠲᠠᠷᠢᠶᠠᠴᠢᠳ ᠤᠨ ᠰᠠᠨᠠᠭᠠᠴᠢᠯᠭᠠᠲᠤ ᠴᠢᠨᠠᠷ᠂ ᠪᠦᠲᠦᠭᠡᠯᠴᠢ ᠴᠢᠨᠠᠷ᠂ ᠢᠳᠡᠪᠬᠢᠵᠢᠯ ᠢ ᠤᠯᠠᠮ ᠴᠢᠨᠠᠭᠰᠢᠳᠠ ᠲᠠᠶᠢᠴᠢᠯᠠᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠳᠤᠭᠠᠨ ᠢ ᠰᠠᠶᠢᠲᠤᠷ ᠬᠢᠵᠦ᠂ ᠢᠯᠡᠯᠲᠡ ᠤᠯᠬᠤ ᠭᠦᠴᠦᠷᠬᠡᠭ ᠶᠡᠭᠡ ᠬᠦᠳᠡᠯᠭᠡᠭᠴᠢ ᠭᠦᠴᠦ ᠶᠢ ᠤᠯᠠᠮ ᠨᠢᠭᠡ ᠠᠯᠬᠤᠮ ᠨᠢᠭᠲᠠᠷᠠᠭᠤᠯᠤᠨ᠂ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠪᠠ ᠨᠤᠮᠢᠨ ᠨᠤᠭᠤᠭᠠᠨ ᠬᠦᠭᠵᠢᠨ ᠮᠠᠨᠳᠤᠯᠲᠠ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃
   
         ᠶᠤᠰᠤᠯᠠᠯ ᠲᠡᠭᠡᠷ᠎ᠡ ᠤᠷᠳᠤᠰ ᠶᠢᠨ ᠡᠳᠦᠷ ᠤᠨ ᠰᠤᠨᠢᠨ ᠤ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠬᠤᠷᠢᠶᠠᠨ ᠲᠠᠷᠤᠭ᠎ᠠ ᠵᠠᠨ ᠵᠢᠶᠡᠨ ᠪᠢᠨ᠂ ᠬᠤᠰᠢᠭᠤ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠯᠢ ᠬᠤᠩ ᠯᠢᠶᠠᠩ᠂ ᠪᠠᠶᠠᠠᠭᠤᠤᠯ ᠭᠠᠴᠠᠭᠠᠨ ᠤ ᠡᠷᠡᠭᠦᠯᠵᠢᠯ ᠰᠤᠪᠢᠯᠠᠯᠳᠠ ᠶᠢᠨ ᠲᠥᠪ ᠤᠨ ᠫᠠᠶᠢᠰᠠ ᠶᠢ ᠰᠠᠭᠦᠵᠤ᠂ ᠯᠢ ᠰᠢᠤ ᠹᠧᠩ ᠠᠴᠠ ᠲᠤᠰ ᠤᠳᠠᠭᠠᠨ ᠤ ᠰᠢᠷᠢᠰ ᠠᠵᠢᠯᠯᠠᠭ᠎ᠠ ᠡᠬᠢᠯᠡᠭᠰᠡᠨ ᠢ ᠵᠠᠷᠯᠠᠪᠠ᠃      ᠶᠤᠰᠤᠯᠠᠯ ᠳᠡᠭᠡᠷ᠎ᠡ ᠪᠠᠰᠠ ᠤᠷᠳᠤᠰ ᠨᠠᠷᠢᠨ ᠨᠤᠤᠰᠤᠲᠤ ᠬᠤᠨᠢ᠂ ᠨᠤᠲᠤᠭ ᠤᠨ ᠤᠯᠠᠭᠠᠨ ᠦᠬᠡᠷ᠂ ᠭᠠᠭ᠋ᠠᠢ ᠵᠡᠷᠭᠡ ᠶᠢᠨ ᠮᠠᠯᠵᠢᠨ ᠳᠡᠵᠢᠭᠡᠭᠰᠡᠨ ᠵᠢᠱᠢᠶᠡᠴᠢ ᠡᠷᠦᠬᠡ ᠨᠦᠭᠦᠳ ᠢ ᠱᠠᠩᠨᠠᠨ ᠭᠦᠬᠢᠭᠦᠯᠦᠭᠰᠡᠨ ᠪᠠ ᠠᠭᠤᠳᠠᠮ ᠲᠠᠯᠠᠪᠠᠢ  ᠳᠤ ᠡᠯᠪᠡᠭ ᠬᠤᠷᠢᠶᠠᠯᠲᠠ ᠶᠢᠨ ᠮᠦᠷᠦᠶᠢᠴᠡᠭᠡᠨ ᠳᠤ ᠱᠠᠩᠨᠠᠯ ᠭᠦᠷᠲᠡᠭᠰᠡᠨ ᠪᠦᠲᠦᠭᠡᠭᠳᠡᠭᠦᠨ ᠢ ᠲᠡᠯᠭᠡᠨ ᠦᠵᠡᠭᠦᠯᠬᠦ  ᠶᠢᠨ ᠬᠠᠮᠲᠤ ᠪᠤᠷᠤᠯᠠᠭᠤᠯᠵᠤ᠂ ᠮᠠᠯᠴᠢᠨ ᠲᠠᠷᠢᠶᠠᠴᠢᠨ ᠳᠤ ᠵᠤᠷᠢᠭᠵᠢᠭᠤᠯᠤᠯ ᠦᠭᠴᠦ ᠠᠵᠤ ᠠᠬᠤᠢ ᠦᠷ᠎ᠡ ᠠᠰᠢᠭ ᠢ  ᠨᠢ ᠨᠡᠮᠡᠭᠳᠡᠭᠦᠯᠬᠦ ᠳᠤ ᠲᠠᠪᠴᠠᠩ ᠬᠠᠩᠭᠠᠭᠰᠠᠨ ᠪᠠᠶᠢᠨ᠎ᠠ᠃
           ᠶᠤᠰᠤᠯᠠᠯ ᠳᠡᠭᠡᠷ᠎ᠡ ᠪᠠᠰᠠ ᠮᠤᠩᠭᠤᠯ ᠤᠯᠤᠰ ᠤᠨ ᠨᠡᠷᠡᠲᠤ ᠲᠠᠭᠤᠴᠢᠨ ᠪᠠᠲᠤᠰᠦ᠋ᠬᠡ ᠪᠤᠯᠤᠨ ᠠᠪᠢᠶᠠᠰᠤᠯᠢᠭ ᠵᠢᠭᠠᠯ ᠪᠠᠲᠤᠡᠨᠡᠷᠢᠯ᠂ ᠮᠠᠨ ᠤ ᠬᠤᠰᠢᠭᠤᠨ ᠤ ᠵᠠᠯᠠᠭᠤ ᠲᠠᠭᠤᠴᠢᠨ ᠠᠴᠠ ᠭᠤᠶᠤ ᠰᠠᠶᠢᠬᠠᠨ ᠲᠤᠭᠯᠠᠯᠲᠠ ᠭᠠᠷᠭᠠᠵᠤ ᠠᠬᠤᠢ ᠲᠠᠯᠠᠪᠠᠢ ᠳᠤ ᠬᠦᠭᠵᠢᠶᠡᠨ ᠨᠠᠷᠭᠢᠶᠠᠨ ᠨᠡᠮᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号