ᠤᠯᠠᠭᠠᠨᠲᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭ᠎ᠠ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠵᠢᠴᠢ ᠬᠤᠶᠠᠳᠤᠭᠠᠷ ᠤᠳᠠᠭᠠᠨ ᠤ ᠮᠠᠯᠴᠢᠳ ᠤᠨ ᠨᠠᠭᠠᠳᠤᠮ ᠤᠨ ᠶᠡᠭᠡ ᠬᠤᠷᠠᠯ ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2018-09-03
     8 ᠰᠠᠷ᠎ᠠ ᠶᠢᠨ 30 ᠤ ᠡᠳᠦᠷ᠂ ᠤᠯᠠᠭᠠᠨᠲᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭ᠎ᠠ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠵᠢᠴᠢ ᠬᠤᠶᠠᠳᠤᠭᠠᠷ ᠤᠳᠠᠭᠠᠨ ᠤ ᠮᠠᠯᠴᠢᠳ ᠤᠨ ᠨᠠᠭᠠᠳᠤᠮ  ᠤᠨ ᠶᠡᠭᠡ ᠬᠤᠷᠠᠯ ᠠᠮᠵᠢᠯᠲᠠᠲᠠᠢ ᠶᠠᠪᠤᠭᠳᠠᠯ᠎ᠠ᠃ ᠬᠤᠲᠠ ᠠᠴᠠ ᠮᠠᠨ ᠤ ᠬᠤᠰᠢᠭᠤᠨ ᠳᠤ ᠲᠤᠮᠢᠯᠠᠭᠰᠠᠨ ᠱᠠᠭᠠᠷᠳᠠᠨ ᠪᠠᠶᠢᠴᠠᠭᠠᠬᠤ ᠲᠠᠪᠤᠳᠤᠭᠠᠷ ᠲᠤᠭᠤᠶᠢᠯᠠᠩ ᠤᠨ ᠬᠠᠷᠢᠭᠤᠴᠠᠯᠭᠠᠳᠠᠨ᠂ ᠤᠯᠠᠭᠠᠨᠲᠤᠯᠤᠭᠠᠢ ᠪᠠᠯᠭᠠᠰᠤᠨ ᠤ ᠨᠠᠮ ᠵᠠᠰᠠᠭ  ᠤᠨ ᠬᠠᠮᠢᠶ᠎ᠠ ᠪᠦᠬᠦᠢ ᠤᠳᠤᠷᠢᠳᠤᠯᠭ᠎ᠠ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠤᠨ ᠬᠠᠷᠢᠭᠤᠴᠠᠯᠭᠠᠲᠠᠨ᠂ ᠬᠤᠰᠢᠭᠤ ᠬᠢᠨᠠᠨ ᠪᠤᠳᠤᠬᠤ ᠲᠤᠪᠴᠢᠶᠠᠨ ᠤ ᠬᠠᠷᠢᠭᠤᠴᠠᠯᠭᠠᠲᠠᠨ ᠵᠢᠴᠢ ᠭᠠᠴᠠᠭᠠᠨ ᠤ ᠠᠬᠠᠮᠠᠳ ᠤᠳᠤᠷᠢᠳᠤᠯᠭ᠎ᠠ ᠨᠠᠷ ᠡᠬᠢᠯᠡᠯᠲᠡ ᠶᠢᠨ ᠶᠤᠰᠤᠯᠠᠯ ᠳᠤ ᠤᠷᠤᠯᠴᠠᠭᠰᠠᠨ ᠪᠠᠶᠢᠨ᠎ᠠ᠃
         ᠨᠠᠭᠠᠳᠤᠮ ᠤᠨ ᠬᠤᠷᠠᠯ ᠲᠡᠭᠡᠷ᠎ᠡ ᠭᠠᠴᠠᠭᠠᠨ ᠤ ᠵᠢᠷᠭᠤᠭᠠᠨ ᠮᠠᠯᠵᠢᠯ ᠤᠨ ᠬᠤᠷᠰᠢᠶᠠᠨ ᠤ ᠮᠠᠯᠴᠢᠳ ᠤᠨ ᠵᠢᠭᠰᠠᠭᠠᠯ᠂  ᠤᠶᠠᠭᠠᠴᠢᠳ ᠤᠨ ᠵᠢᠭᠰᠠᠭᠠᠯ᠂ ᠲᠠᠮᠢᠷᠴᠢᠳ ᠤᠨ ᠵᠢᠭᠰᠠᠭᠠᠯ ᠤᠨ ᠦᠵᠡᠬᠦᠯᠦᠯᠭᠡ ᠶᠠᠪᠤᠭᠳᠠᠵᠤ᠂ ᠭᠠᠴᠠᠭᠠᠨ ᠤ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠤᠷᠠᠰᠬᠠᠯ ᠤᠨ ᠪᠤᠳᠠᠰ ᠭᠠᠷᠳᠠᠭᠤᠯᠤᠨ ᠰᠢᠯᠢᠳᠡᠭ ᠮᠠᠯᠴᠢᠨ᠂ ᠭᠠᠴᠠᠭᠠᠨ ᠤ ᠠᠬᠠᠮᠠᠳ ᠤᠳᠤᠷᠢᠳᠤᠯᠭ᠎ᠠ᠂ ᠳᠡᠷᠭᠡᠳᠡᠬᠢ ᠰᠠᠶᠢᠨ ᠬᠦᠮᠦᠨ ᠢ ᠱᠠᠩᠨᠠᠨ ᠬᠦᠬᠢᠬᠦᠯᠬᠦ  ᠶᠢᠨ ᠬᠠᠮᠲᠤ ᠶᠡᠭᠡ ᠰᠤᠷᠭᠠᠭᠤᠯᠢ ᠳᠤ ᠰᠢᠯᠭᠠᠭᠳᠠᠨ ᠤᠷᠤᠭᠰᠠᠨ ᠰᠤᠷᠤᠭᠴᠢ ᠪᠠ ᠬᠦᠴᠢᠷᠳᠡᠯᠲᠠᠢ ᠰᠤᠷᠤᠭᠴᠢ ᠶᠢ  ᠳᠡᠮᠵᠢᠨ ᠳᠤᠰᠠᠯᠠᠭᠰᠠᠨ ᠪᠠᠶᠢᠨ᠎ᠠ᠃
         ᠲᠤᠰ ᠤᠳᠠᠭᠠᠨ ᠤ ᠨᠠᠭᠠᠳᠤᠮ ᠤᠨ ᠬᠤᠷᠠᠯ ᠲᠡᠭᠡᠷ᠎ᠡ ᠪᠠᠰᠠ ᠡᠷ᠎ᠡ ᠶᠢᠨ ᠭᠤᠷᠪᠠᠨ ᠨᠠᠭᠠᠳᠤᠮ ᠤᠨ ᠮᠦᠷᠦᠶᠢᠴᠡᠭᠡᠨ ᠪᠠ ᠦᠳᠡᠰᠢᠯᠡᠭᠡ ᠶᠢᠨ ᠨᠠᠶᠢᠷ ᠶᠠᠪᠤᠭᠳᠠᠭᠰᠠᠨ ᠤ ᠬᠠᠮᠲᠤ ᠤᠷᠤᠯᠳᠤᠭᠠᠨ ᠤ ᠲᠦᠷᠦᠯ ᠵᠦᠢᠯ ᠤᠨ ᠱᠠᠩᠨᠠᠯ ᠤᠯᠭᠤᠬᠤ ᠶᠤᠰᠤᠯᠠᠯ ᠶᠠᠪᠤᠭᠳᠠᠭᠰᠠᠨ ᠪᠠᠶᠢᠨ᠎ᠠ᠃
   
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号