9 ᠰᠠᠷ᠎ᠠ ᠶᠢᠨ 25 ᠤ ᠡᠳᠤᠷ᠂ ᠦᠤᠰᠢᠨᠵᠤᠤ ᠪᠠᠯᠭᠠᠰᠤ ᠠᠩᠬᠠᠳᠤᠭᠠᠷ ᠬᠤᠭᠤᠴᠠᠭᠠᠨ ᠤ ᠮᠠᠯᠴᠢᠨ | ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ ᠢ ᠪᠡᠯᠭᠡᠯᠡᠬᠦ ᠰᠢᠷᠢᠰ ᠠᠵᠢᠯᠯᠠᠭᠠᠨ ᠢ ᠶᠠᠪᠤᠭᠳᠠᠭᠤᠯᠪᠠ᠃ | ᠦᠰᠢᠨᠵᠤᠤ ᠪᠠᠯᠭᠠᠰᠤᠨ ᠤ ᠤᠳᠤᠷᠢᠳᠤᠯᠭ᠎ᠠ ᠺᠠᠳ᠋ᠷ ᠠᠵᠢᠯᠲᠠᠳ᠂ ᠪᠠᠯᠭᠠᠰᠤᠨ ᠳᠤ ᠰᠠᠭᠤᠭ᠎ᠠ ᠪᠠᠶᠢᠭᠤᠯᠭ᠎ᠠ ᠨᠢᠭᠡᠴᠢ | ᠶᠢᠨ ᠠᠵᠢᠯᠲᠠᠨ᠂ ᠭᠠᠴᠠᠭ᠎ᠠ ᠲᠤᠰᠬᠤᠨ ᠤ ᠠᠵᠢᠯᠲᠠᠳ ᠵᠢᠴᠢ ᠮᠠᠯᠴᠢᠳ ᠲᠠᠷᠢᠶᠠᠴᠢᠳ ᠠᠵᠢᠯᠯᠠᠭᠠᠨ ᠳᠤ ᠤᠷᠤᠯᠴᠠᠪᠠ | ᠃ ᠦᠤᠰᠢᠨᠵᠤᠤ ᠪᠠᠯᠭᠠᠰᠤᠨ ᠤ ᠨᠠᠮ ᠤᠨ ᠡᠭᠦᠷ ᠤᠨ ᠱᠦᠵᠢ ᠰᠤᠶᠤᠯᠵᠢᠷᠭᠠᠯ ᠠᠴᠠ ᠶᠠᠷᠢᠶ᠎ᠠ ᠲᠠᠯᠪᠢᠵᠤ᠂ ᠪᠠᠯᠭᠠᠰᠤᠨ | ᠤ ᠳᠡᠳ᠋ ᠱᠦᠵᠢ ᠪᠠᠯᠭᠠᠰᠤᠨ ᠳᠠᠷᠤᠭ᠎ᠠ ᠺᠠᠩ ᠷᠦᠢ ᠠᠴᠠ ᠡᠯᠪᠡᠭ ᠬᠤᠷᠢᠶᠠᠯᠲᠠ ᠶᠢᠨ ᠪᠠᠶᠠᠷ ᠡᠬᠢᠯᠡᠭᠰᠡᠨ ᠢ ᠵᠠᠷᠯᠠᠪᠠ᠃ | | | | | | | | | | | ᠲᠤᠰ ᠤᠳᠠᠭᠠᠨ ᠤ ᠠᠵᠢᠯᠯᠠᠭ᠎ᠠ ᠨᠢ ᠡᠯ᠎ᠡ ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠳ ᠤᠨ ᠰᠤᠶᠤᠯ | ᠤᠷᠠᠯᠢᠭ ᠤᠨ ᠪᠦᠯᠬᠦᠮ ᠤᠨ ᠭᠤᠶᠤ ᠰᠠᠶᠢᠬᠠᠨ ᠲᠤᠭᠯᠠᠯᠲᠠ᠂ ᠮᠢᠬ᠎ᠠ ᠲᠤᠰᠤ ᠰᠦ ᠰᠠᠭᠠᠯᠢ ᠭᠤᠸ᠎ᠠ ᠵᠢᠮᠢᠰ ᠵᠡᠷᠭᠡ | ᠨᠤᠲᠤᠭ ᠤᠨ ᠭᠠᠷᠤᠯᠲᠠᠲᠤ ᠢᠳᠡᠭᠡᠨ ᠤ ᠵᠦᠢᠯᠡᠰ ᠤᠨ ᠳᠡᠯᠭᠡᠨ ᠦᠵᠡᠭᠦᠯᠦᠯᠭᠡ᠂ ᠮᠠᠯᠴᠢᠨ ᠲᠠᠷᠢᠶᠠᠴᠢᠨ ᠤ ᠪᠡᠶ᠎ᠡ | ᠲᠠᠮᠢᠷ ᠤᠨ ᠤᠷᠤᠯᠳᠤᠭᠠᠨ᠂ ᠡᠷ᠎ᠡ ᠶᠢᠨ ᠭᠤᠷᠪᠠᠨ ᠨᠠᠭᠠᠳᠤᠮ᠂ ᠮᠠᠯ ᠲᠠᠷᠢᠶᠠᠯᠠᠩ ᠤᠨ ᠪᠦᠲᠦᠭᠳᠡᠭᠦᠨ᠂ ᠲᠠᠷᠢᠶᠠᠯᠠᠩ | ᠤᠨ ᠮᠠᠰᠢᠨ᠂ ᠮᠠᠯᠴᠢᠨ ᠲᠠᠷᠢᠶᠠᠴᠢᠳ ᠤᠨ ᠡᠳ᠋ ᠪᠠᠷᠠᠭᠠᠨ ᠤ ᠦᠵᠡᠭᠦᠯᠭᠡ ᠪᠤᠷᠤᠯᠠᠭᠤᠯᠭ᠎ᠠ ᠶᠢᠨ ᠱᠠᠩᠨᠠᠯ ᠤᠯᠭᠤᠬᠤ | ᠦᠳᠡᠰᠢᠯᠡᠭᠡ ᠵᠡᠷᠭᠡ ᠠᠭᠤᠯᠭ᠎ᠠ ᠪᠠᠷ ᠶᠠᠪᠤᠭᠳᠠᠭᠰᠠᠨ ᠪᠠᠶᠢᠨ᠎ᠠ᠃ | | | | | | | | | | | ᠱᠠᠩᠨᠠᠯ ᠤᠯᠭᠤᠬᠤ ᠦᠳᠡᠰᠢᠯᠡᠭᠡ ᠲᠡᠭᠡᠷ᠎ᠡ ᠪᠠᠰᠠ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠠᠴᠠ | ᠮᠠᠯᠴᠢᠨ ᠲᠠᠷᠢᠶᠠᠴᠢᠨ ᠳᠤ ᠪᠠᠨ ᠠᠶ᠎ᠠ ᠲᠠᠭᠤᠤ᠂ ᠤᠷᠠᠨ ᠪᠦᠵᠢᠭ ᠤᠨ ᠲᠤᠭᠯᠠᠯᠳᠠ ᠭᠠᠷᠭᠠᠭᠰᠠᠨ ᠠᠴᠠ ᠭᠠᠳᠠᠨ᠎ᠠ | ᠠᠯᠳᠠᠷᠳᠤ ᠲᠠᠭᠤᠴᠢᠨ ᠵᠢᠩᠬᠤᠸᠠᠷ ᠪᠤᠯᠤᠨ ᠬᠦᠤ ᠪᠠᠭᠠᠳᠤᠷ ᠬᠤᠶᠠᠷ ᠴᠤ ᠦᠪᠡᠷ ᠤᠨ ᠠᠶ᠎ᠠ ᠲᠠᠭᠤᠤ ᠪᠠᠨ ᠡᠷᠬᠦᠵᠣ | ᠠᠬᠤᠢ ᠲᠠᠯᠠᠪᠠᠢ ᠶᠢᠨ ᠦᠵᠡᠭᠴᠢᠳ ᠤᠨ ᠲᠠᠭᠠᠰᠢᠶᠠᠯ ᠢ ᠬᠦᠷᠳᠡᠵᠣ ᠦᠳᠡᠰᠢᠯᠡᠭᠡ ᠶᠢ ᠤᠯᠠᠮ ᠬᠦᠷ ᠬᠦᠭᠵᠢᠶᠡᠨ ᠲᠠᠢ | ᠪᠤᠯᠭᠠᠵᠠᠢ᠃ | | | | | | | | | | | |