ᠬᠦᠳᠡᠭᠡ ᠠᠵᠥ ᠠᠬᠤᠢ ᠬᠦᠳᠡᠭᠡ ᠳᠤᠰᠬᠤᠨ ᠤ ᠶᠠᠮᠤᠨ᠄  ᠬᠤᠤᠷ ᠶᠡᠬᠡᠳᠡᠢ ᠳᠠᠷᠢᠶᠠᠨ ᠡᠮ ᠢ ᠲᠦᠷᠭᠡᠪᠴᠢᠯᠡᠨ ᠬᠡᠷᠡᠭᠯᠡᠯᠲᠡ ᠠᠴᠠ ᠭᠠᠷᠭᠠᠨ᠎ᠠ
ᠨᠡᠶᠢᠲᠡᠯᠡᠭᠰᠡᠨ ᠴᠠᠭ᠄
2018-09-05
     ᠰᠢᠨᠬᠤᠸᠠ ᠬᠤᠷᠢᠶᠠᠨ ᠤ ᠬᠦᠬᠡᠬᠤᠳᠠ ᠶᠢᠨ 8 ᠰᠠᠷ᠎ᠠ ᠶᠢᠨ 9᠎ ᠤ ᠴᠠᠬᠢᠯᠭᠠᠨ ᠮᠡᠳᠡᠭᠡ ᠠᠴᠠ 9᠎ ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠬᠠᠢ ᠬᠤᠳᠠ ᠳᠤ ᠶᠠᠪᠤᠭᠲᠠᠭᠰᠠᠠ ᠳᠤᠮᠳᠠᠳᠤ ᠤᠯᠤᠰ ᠤᠨ ᠳᠠᠷᠢᠶᠠᠨ ᠡᠮ ᠤᠨ ᠬᠦᠭᠵᠢᠬᠦᠯᠦᠯᠲᠡ ᠬᠡᠷᠡᠭᠯᠡᠯᠳᠡ ᠶᠢᠨ ᠨᠡᠶᠢᠬᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠡᠷᠡᠭ ᠡᠷᠬᠢᠯᠡᠭᠴᠢᠳ ᠤᠨ ᠬᠤᠷᠠᠯ ᠳᠡᠬᠡᠷ᠎ᠡ᠂ ᠬᠦᠳᠡᠭᠡ ᠠᠵᠥ ᠠᠬᠤᠢ ᠬᠦᠳᠡᠭᠡ ᠳᠤᠰᠬᠤᠨ ᠤ ᠶᠠᠮᠤᠨ ᠤ ᠳᠠᠷᠢᠶᠠᠨ ᠡᠮ ᠢ ᠰᠢᠯᠭᠠᠨ ᠳᠤᠬᠳᠠᠭᠠᠬᠤ ᠭᠠᠵᠠᠷ ᠤᠨ ᠶᠡᠷᠦᠩᠬᠡᠢ ᠳᠠᠷᠢᠶᠠᠯᠠᠩ ᠤᠨ ᠳᠧᠭᠨᠢᠭᠴᠢ ᠵᠢᠢ ᠶᠢᠩ ︽ᠠᠯᠬᠤᠮ ᠠᠯᠬᠤᠮ ᠢᠶᠠᠷ ᠠᠬᠢᠵᠤ᠂ ᠠᠯᠬᠤᠮ ᠬᠤᠪᠢᠶᠠᠨ ᠬᠡᠷᠡᠭᠵᠢᠬᠦᠯᠬᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠬᠡ ᠪᠠᠷ ᠬᠡᠷᠡᠭᠯᠡᠬᠦ︾ ᠵᠠᠷᠴᠢᠮ ᠶᠤᠰᠤᠭᠠᠷ ᠴᠢᠷᠮᠠᠶᠢᠵᠥ ᠪᠠᠶᠢᠭᠠᠳ 5 ᠵᠢᠯ ᠤᠨ ᠳᠤᠳᠤᠷ᠎ᠠ ᠬᠤᠤᠷ ᠶᠠᠬᠡᠳᠡᠢ ᠳᠠᠷᠢᠶᠠᠨ ᠡᠮ ᠢ ᠬᠡᠷᠡᠭᠯᠡᠯᠲᠡ ᠠᠴᠠ ᠭᠠᠷᠭᠠᠬᠤ ᠶᠢᠨ ᠬᠠᠮᠳᠤ ᠳᠠᠩᠰᠠᠯᠠᠭᠤᠯᠤᠭᠠᠳ 15 ᠵᠢᠯ ᠠᠴᠠ ᠲᠡᠭᠡᠭᠰᠢ ᠪᠤᠯᠵᠤ ᠪᠠᠶᠢᠭ᠎ᠠ ᠬᠠᠭᠤᠴᠢᠨ ᠳᠠᠷᠢᠶᠠᠨ ᠡᠮ ᠳᠤ ᠦᠶᠡᠯᠡᠯ ᠤᠨ ᠴᠢᠨᠠᠷᠳᠠᠢ ᠦᠨᠡᠯᠡᠯᠳᠡ ᠬᠢᠬᠦ ᠶᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠦᠨ᠎ᠡ ᠬᠡᠵᠥ ᠢᠯᠡᠳᠬᠡᠪᠡ᠃      ᠵᠢᠢ ᠶᠢᠩ ᠲᠡᠭᠡᠷ᠎ᠠ ᠵᠠᠭᠤᠨ ᠤ ᠨᠠᠶᠠᠭᠠᠳ ᠤᠨ ᠠᠴᠠ ᠨᠡᠭᠠᠰᠢ ᠯᠢᠦ ᠯᠢᠦ ᠯᠢᠦ᠂ ᠳ᠋ᠢ ᠳ᠋ᠢ ᠲᠢ ᠵᠡᠷᠬᠡ 43 ᠵᠦᠢᠯ ᠤᠨ ᠬᠤᠤᠷ ᠶᠡᠬᠡᠳᠠᠢ ᠠᠶᠤᠯ ᠲᠠᠢ ᠲᠠᠷᠢᠶᠠᠨ ᠡᠮ ᠢ ᠨᠢᠭᠡᠨᠲᠡ ᠬᠡᠷᠡᠭᠯᠡᠬᠡᠨ ᠠᠴᠠ ᠭᠠᠷᠭᠠᠵᠤ᠂ ᠤᠳᠤᠬᠠᠨ ᠳᠤ ᠲᠠᠷᠢᠶᠠᠯᠠᠩ ᠳᠤ ᠭᠡᠷᠡᠭᠯᠡᠵᠤ ᠪᠠᠶᠢᠭ᠎ᠠ ᠲᠠᠩᠰᠠᠯᠠᠭᠤᠯᠤᠬᠰᠠᠨ ᠬᠦᠴᠤᠨ ᠲᠠᠢ ᠬᠤᠤᠷ ᠶᠡᠬᠡᠳᠠᠢ ᠲᠠᠷᠢᠶᠠᠨ ᠡᠮ 10 ᠵᠦᠢᠯ ᠪᠠᠶᠢᠨ᠎ᠠ᠃ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠬᠤᠤᠷ ᠶᠡᠬᠡᠳᠠᠢ ᠲᠠᠷᠢᠶᠠᠨ ᠡᠮ ᠳᠤ ᠨᠡᠩ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠠᠪᠴᠤ᠂ ᠤᠳᠤᠬᠠᠨ ᠳᠤ ᠲᠢ ᠮᠢᠶᠧ ᠸᠧᠢ᠂ ᠤᠰᠤᠨ ᠠᠮᠢᠨ ᠬᠦᠬᠦᠷᠳᠤ ᠹᠤᠰᠹᠤᠷ᠂ ᠮᠧᠲ᠋ᠢᠯᠳᠤ ᠹᠤᠰᠹᠤᠷ ᠤᠨ ᠲᠤᠬᠠᠢ ᠪᠤᠯᠤᠮᠵᠢᠳᠤ ᠨᠤᠳᠠᠯᠠᠯ ᠬᠢᠵᠤ᠂ ᠬᠢᠯᠢ ᠳᠤᠳᠤᠷ᠎ᠠ ᠭᠡᠷᠡᠭᠯᠡᠬᠦ ᠶᠢ ᠴᠠᠭᠠᠵᠠᠯᠠᠵᠤ᠂ ᠲᠡᠷᠡᠴᠢᠯᠠᠨ ᠮᠧᠲ᠋ᠢᠯᠳᠤ ᠤᠨᠳᠤᠤ ᠤᠳᠠᠨ ᠹᠤᠰᠹᠤᠷ᠂ ᠬᠤᠷᠤᠬᠠᠢ ᠠᠷᠢᠯᠭᠠᠬᠤ ᠹᠤᠰᠹᠤᠷ᠂ ᠶᠠᠩ ᠯᠧ ᠬᠦᠸᠧ᠂ ᠹᠤᠰᠹᠤᠷᠳᠤ ᠬᠦᠩᠬᠡᠨ ᠴᠠᠭᠠᠨ ᠢ ᠬᠡᠷᠡᠭᠯᠡᠬᠡᠨ ᠠᠴᠠ ᠭᠠᠷᠭᠠᠬᠤ ᠲᠦᠰᠤᠯ ᠢ ᠡᠬᠢᠯᠡᠬᠦᠯᠦᠭᠰᠡᠨ ᠪᠠᠶᠢᠨ᠎ᠠ᠃ ᠡᠬᠦᠨ ᠤ ᠬᠠᠮᠳᠤ  ᠲᠠᠩᠰᠠᠯᠠᠭᠤᠯᠤᠭᠠᠳ 15 ᠵᠢᠯ ᠠᠴᠠ ᠲᠡᠭᠡᠭᠰᠢ ᠪᠤᠯᠵᠤ ᠪᠠᠶᠢᠭ᠎ᠠ ᠲᠠᠷᠢᠶᠠᠨ ᠡᠮ ᠳᠤ ᠦᠶᠡᠯᠡᠯ ᠤᠨ ᠴᠢᠨᠠᠷᠳᠠᠢ ᠦᠨᠡᠯᠠᠯᠳᠠ ᠬᠢᠨ᠎ᠠ᠃ ᠠᠩᠬ᠎ᠠ ᠠᠯᠬᠤᠮ ᠤᠨ ᠪᠦᠷᠢᠳᠬᠡᠯ ᠢ ᠦᠨᠳᠤᠰᠤᠯᠠᠪᠠᠯ ᠤᠳᠤᠬᠠᠨ ᠳᠤ ᠮᠠᠨ ᠤ ᠤᠯᠤᠰ ᠤᠨ ᠲᠠᠩᠰᠠᠯᠠᠭᠤᠯᠤᠭᠠᠳ 15 ᠵᠢᠯ ᠠᠴᠠ ᠲᠡᠭᠡᠭᠰᠢ ᠪᠤᠯᠵᠤ ᠪᠠᠶᠢᠭ᠎ᠠ ᠲᠠᠷᠢᠶᠠᠨ ᠡᠮ 478 ᠵᠦᠢᠯ ᠪᠠᠶᠢᠨ᠎ᠠ᠃ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠠᠴᠠ ᠠᠩᠬ᠎ᠠ ᠠᠯᠬᠤᠮ ᠰᠢᠬᠢᠷ ᠡᠪᠡᠰᠤᠨ ᠤ ᠹᠤᠰᠹᠢᠨ᠂ ᠳ᠋ᠦᠸᠧ ᠵᠢᠶᠦ᠋ᠨ ᠯᠢᠩ ᠵᠡᠷᠬᠡ 10 ᠵᠦᠢᠯ ᠤᠨ ᠲᠠᠷᠢᠶᠠᠨ ᠡᠮ ᠳᠤ ᠦᠨᠡᠯᠠᠯᠳᠠ ᠬᠢᠵᠤ᠂ ᠲᠡᠷᠡᠴᠢᠯᠠᠨ ᠪᠤᠰᠤᠳ ᠲᠡᠩᠰᠠᠯᠠᠭᠤᠯᠤᠭᠠᠳ 15 ᠵᠢᠯ ᠠᠴᠠ ᠲᠡᠭᠡᠭᠰᠢ ᠪᠤᠯᠵᠤ ᠪᠠᠶᠢᠭ᠎ᠠ ᠲᠠᠷᠢᠶᠠᠨ ᠡᠮ ᠤᠨ ᠲᠦᠷᠤᠯ ᠵᠦᠢᠯ ᠳᠤ ᠦᠶᠡᠯᠡᠯ ᠤᠨ ᠴᠢᠨᠠᠷᠳᠠᠢ ᠦᠨᠡᠯᠡᠯᠳᠠ ᠬᠢᠬᠦ ᠶᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠬᠦ ᠪᠠᠷ ᠬᠦᠴᠦᠯᠡᠨ᠎ᠡ ᠭᠡᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号