ᠤᠯᠠᠭᠠᠨᠳᠤᠯᠤᠭᠠᠢ ᠪᠠᠯᠭᠠᠰᠤ ᠠᠭᠤᠷᠬᠠᠢ ᠶᠢᠨ ᠤᠷᠤᠨ ᠤ ᠠᠷᠠᠳ ᠢ ᠨᠡᠭᠦᠯᠭᠡᠬᠦ ᠠᠵᠢᠯ ᠢ ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2018-09-05
     ᠤᠶᠢᠷ᠎ᠠ ᠶᠢᠨ ᠵᠢᠯ ᠠᠴᠠ ᠤᠯᠠᠭᠠᠨᠳᠤᠯᠤᠭᠠᠢ ᠪᠠᠯᠭᠠᠰᠤ ᠨᠢ ᠤᠷᠢᠳᠠᠪᠠᠷ ᠨᠡᠭᠦᠯᠭᠡᠵᠤ ᠲᠠᠷᠠᠭ᠎ᠠ ᠨᠢ ᠨᠡᠭᠡᠭᠡᠨ ᠬᠦᠭᠵᠢᠬᠦᠯᠬᠦ ᠱᠠᠭᠠᠷᠳᠠᠯᠭ᠎ᠠ ᠪᠠᠷ ᠤᠯᠠᠨ ᠠᠷᠭ᠎ᠠ ᠠᠪᠴᠠᠯ ᠢᠶᠠᠷ ᠠᠭᠤᠷᠬᠠᠢ ᠶᠢᠨ ᠤᠷᠤᠨ ᠤ ᠠᠷᠠᠳ ᠢ ᠨᠡᠭᠦᠯᠭᠡᠭᠦ ᠠᠵᠢᠯ ᠢ ᠰᠠᠶᠢᠳᠤᠷ ᠬᠢᠵᠤ ᠡᠶ᠎ᠡ ᠵᠤᠬᠢᠴᠠᠯᠳᠤ ᠠᠭᠤᠷᠬᠠᠢ ᠶᠢᠨ ᠤᠷᠤᠨ ᠤ ᠪᠦᠳᠦᠭᠡᠨ ᠪᠠᠶᠢᠭᠤᠯᠤᠯᠳᠡ ᠶᠢ ᠠᠬᠢᠭᠤᠯᠵᠤ ᠪᠤᠢ᠃      ᠤᠯᠠᠨ ᠲᠦᠮᠡᠨ ᠤ ᠠᠰᠢᠭ ᠲᠤᠰᠠ ᠶᠢᠨ ᠬᠠᠮᠠᠭᠠᠯᠠᠬᠴᠢ ᠪᠤᠯᠵᠤ᠂ ᠮᠠᠯᠴᠢᠨ ᠲᠠᠷᠢᠶᠠᠴᠢᠨ ᠤ ᠨᠡᠭᠦᠭᠰᠡᠨ ᠤ ᠲᠠᠷᠠᠭᠠᠬᠢ ᠠᠮᠢᠳᠤᠷᠠᠯ ᠤᠨ ᠶᠠᠰᠤ ᠴᠢᠨᠡᠷ ᠢ ᠨᠡᠮᠡᠭᠳᠡᠭᠦᠯᠭᠦ ᠶᠢ ᠨᠠᠷᠢᠨ ᠵᠤᠬᠢᠴᠠᠭᠤᠯᠵᠤ᠂ ᠤᠷᠤᠨ ᠰᠠᠭᠤᠴᠠ ᠶᠢᠨ ᠲᠤᠬᠢᠷᠠᠭᠤᠯᠭ᠎ᠠ᠂ ᠲᠠᠷᠢᠶᠠᠨ ᠭᠠᠵᠠᠷ᠂ ᠨᠤᠳᠤᠭ ᠪᠠᠯᠴᠢᠭᠡᠷ ᠤᠨ ᠨᠦᠬᠦᠪᠦᠷᠢ ᠵᠡᠷᠭᠡ ᠲᠠᠯ᠎ᠠ ᠠᠴᠠ ᠮᠠᠯᠴᠢᠨ ᠲᠠᠷᠢᠶᠠᠴᠢᠳ ᠤᠨ ᠨᠡᠭᠦᠨ ᠰᠢᠯᠵᠢᠭᠰᠡᠨ ᠠᠴᠠ ᠪᠤᠯᠤᠬᠰᠠᠨ ᠤᠶᠢᠯᠡᠳᠪᠤᠷᠢᠯᠡᠯ ᠠᠮᠢᠳᠤᠷᠠᠯ ᠤᠨ ᠨᠦᠯᠦᠭᠡ ᠶᠢ ᠪᠦᠭᠦ ᠲᠠᠯ᠎ᠠ ᠪᠠᠷ ᠪᠤᠳᠦᠯᠬᠢᠯᠡᠵᠤ᠂ ᠪᠦᠭᠦ ᠪᠠᠯᠭᠠᠰᠤᠨ ᠤ 111 ᠨᠠᠭᠦᠯᠭᠡᠭᠦ ᠡᠷᠦᠭᠡ ᠳᠤ ᠬᠦᠷᠴᠦ ᠪᠠᠶᠢᠳᠠᠯ ᠢ ᠤᠶᠢᠯᠠᠭᠠᠨ᠂ ᠰᠠᠨᠠᠯ ᠰᠠᠨᠠᠭᠤᠯᠭ᠎ᠠ ᠱᠠᠭᠠᠷᠳᠠᠯᠭ᠎ᠠ ᠲᠤᠷᠠᠳᠤᠯᠭ᠎ᠠ ᠶᠢ ᠨᠢ ᠰᠤᠨᠤᠰᠴᠦ᠂ ᠬᠤᠷᠢᠶᠠᠩᠭᠤᠶᠢᠯᠠᠨ ᠳ᠋ᠦᠩᠨᠡᠵᠤ᠂ ᠠᠭᠤᠷᠬᠠᠢ  ᠶᠢᠨ ᠬᠠᠷᠢᠭᠤᠴᠠᠯᠭᠠᠳᠠᠨ ᠲᠠᠢ ᠵᠦᠪᠯᠡᠨ ᠠᠰᠠᠭᠤᠳᠠᠯ ᠢ ᠰᠢᠢᠳᠪᠤᠷᠢᠯᠡᠵᠤ᠂ ᠨᠡᠭᠦᠯᠭᠡᠭᠦ ᠡᠷᠦᠭᠡ ᠶᠢᠨ ᠠᠰᠢᠭ ᠲᠤᠰᠠ ᠶᠢ ᠦᠨᠡᠨᠭᠦ ᠪᠠᠳᠤᠯᠠᠵᠤ ᠪᠤᠢ᠃      ᠵᠦᠷᠢᠴᠠᠯ ᠮᠦᠷᠭᠦᠯᠳᠦᠭᠡᠨ ᠤ ᠡᠶᠡᠳᠡᠭᠦᠯᠦᠭᠴᠢ ᠪᠤᠯᠵᠤ᠂ ᠬᠤᠯᠪᠤᠬᠳᠠᠯ ᠪᠦᠭᠦᠢ ᠵᠦᠷᠢᠴᠡᠯ ᠮᠦᠷᠭᠦᠯᠳᠦᠭᠡᠨ ᠢ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠤᠯᠪᠤᠭᠠᠯᠠᠨ ᠰᠢᠢᠳᠪᠤᠷᠢᠯᠡᠵᠤ᠂ ᠠᠵᠤ ᠠᠬᠤᠶᠢᠯᠠᠯ ᠪᠠ ᠭᠠᠴᠠᠭ᠎ᠠ ᠲᠤᠰᠬᠤᠨ ᠤ ᠬᠠᠷᠢᠭᠤᠴᠠᠯᠭᠠᠳᠠᠨ᠂ ᠮᠠᠯᠴᠢᠨ ᠲᠠᠷᠢᠶᠠᠴᠢᠨ ᠢ ᠵᠤᠬᠢᠶᠠᠨ ᠪᠠᠶᠢᠭᠤᠯᠤᠨ ᠬᠤᠷᠠᠯ ᠬᠤᠷᠠᠯᠳᠤᠭᠤᠯᠬᠤ᠂ ᠡᠷᠦᠭᠡ ᠪᠠᠷ ᠭᠦᠷᠴᠦ ᠪᠠᠶᠢᠳᠠᠯ ᠢ ᠨᠢ ᠤᠶᠢᠯᠠᠭᠠᠬᠤ ᠵᠡᠷᠭᠡ ᠭᠡᠯᠪᠡᠷᠢ ᠪᠠᠷ ᠲᠤᠬᠠᠢ ᠶᠢᠨ ᠲᠠᠯᠠᠪᠡᠢ ᠳᠤᠨᠢ ᠡᠶᠡᠳᠡᠭᠦᠯᠦᠨ ᠵᠤᠬᠢᠴᠠᠭᠤᠯᠵᠤ᠂ ᠡᠯ᠎ᠠ ᠲᠦᠷᠦᠯ ᠤᠨ ᠲᠦᠷᠦ ᠶᠢᠨ ᠪᠤᠳᠤᠯᠭ᠎ᠠ᠂ ᠨᠦᠭᠦᠪᠦᠷᠢ ᠪᠡ ᠠᠷᠤ ᠲᠠᠯ᠎ᠠ ᠶᠢᠨ ᠲᠤᠬᠢᠷᠠᠭᠤᠯᠭ᠎ᠠ ᠵᠡᠷᠭᠡ ᠠᠵᠢᠯ ᠢ ᠪᠦᠭᠦ ᠲᠠᠯ᠎ᠠ ᠪᠠᠷ ᠨᠠᠷᠢᠨ ᠲᠠᠶᠢᠯᠪᠤᠷᠢᠯᠠᠨ ᠤᠶᠢᠯᠠᠭᠠᠭᠤᠯᠵᠤ᠂ ᠲᠦᠷᠦ ᠶᠢᠨ ᠪᠤᠳᠤᠯᠭ᠎ᠠ ᠨᠦᠭᠦᠪᠦᠷᠢ  ᠶᠢᠨ ᠲᠠᠯ᠎ᠠ ᠳᠠᠬᠢ ᠤᠶᠢᠯᠠᠭᠠᠯᠳᠠ ᠲᠤᠳᠠᠮᠠᠭ ᠠᠴᠠ ᠪᠤᠯᠵᠤ ᠵᠦᠷᠢᠴᠡᠯ ᠮᠦᠷᠭᠦᠯᠳᠦᠭᠡᠨ ᠡᠭᠦᠰᠭᠦ ᠶᠢ ᠪᠠᠭᠠᠰᠬᠠᠵᠤ ᠪᠤᠢ᠃      ᠠᠭᠤᠷᠬᠠᠢ ᠶᠢᠨ ᠤᠷᠤᠨ ᠤ ᠠᠷᠠᠳ ᠢ ᠨᠡᠭᠦᠯᠭᠡᠭᠦ ᠠᠬᠢᠭᠤᠯᠤᠬᠴᠢ ᠪᠤᠯᠵᠤ᠂ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠳᠤᠷ ᠬᠢᠵᠤ᠂ ᠨᠡᠭᠦᠯᠭᠡᠨ ᠰᠢᠯᠵᠢᠭᠦᠯᠭᠦ ᠠᠵᠢᠯ ᠳᠤ ᠤᠯᠠᠨ ᠲᠦᠮᠡᠨ ᠤ ᠬᠠᠪᠰᠤᠷᠦᠯᠭ᠎ᠠ ᠲᠡᠮᠵᠢᠯᠭᠡ ᠶᠢ ᠤᠯᠵᠤ᠂ ᠬᠢᠨᠡᠨ ᠬᠠᠮᠢᠶᠠᠷᠤᠯᠳᠡ ᠪᠠᠨ ᠴᠢᠩᠭᠠᠳᠬᠠᠵᠤ᠂ ᠬᠢᠨᠡᠨ ᠪᠠᠶᠢᠴᠠᠭᠠᠬᠤ ᠠᠵᠤ ᠠᠬᠤᠶᠢᠯᠠᠯ ᠨᠢ ᠡᠷᠡᠰ ᠴᠢᠩᠭ᠎ᠠ ᠱᠠᠭᠠᠷᠳᠠᠯᠭ᠎ᠠ ᠶᠢᠨ ᠲᠤᠬᠳᠠᠭᠠᠯ ᠶᠤᠰᠤᠭᠠᠷ ᠴᠢᠨᠠᠷ ᠰᠠᠶᠢᠲᠠᠢ ᠦᠨᠳᠤᠷ ᠪᠦᠳᠦᠮᠵᠢᠳᠡᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠡ ᠪᠠ ᠡᠯ᠎ᠠ ᠲᠦᠷᠦᠯ ᠤᠨ ᠨᠦᠭᠦᠪᠦᠷᠢ ᠮᠦᠩᠭᠦ ᠶᠢ ᠲᠠᠷᠬᠠᠭᠠᠬᠤ ᠠᠵᠢᠯ ᠢ ᠪᠠᠶᠠᠯᠠᠭᠦᠯᠵᠦ᠂ ᠨᠡᠭᠦᠨ ᠰᠢᠯᠵᠢᠭᠰᠡᠨ ᠠᠷᠠᠳ ᠢ ᠲᠤᠬᠢᠷᠠᠭᠤᠯᠬᠤ ᠤᠳᠤᠷᠢᠳᠬᠤ ᠲᠤᠭᠤᠶᠢᠢᠯᠠᠩ ᠢ ᠪᠠᠶᠢᠭᠤᠯᠵᠤ᠂ ᠮᠠᠯᠴᠢᠨ ᠲᠠᠷᠢᠶᠠᠴᠢᠨ ᠤ ᠲᠤᠬᠠᠢ ᠶᠢᠨ ᠲᠠᠯᠠᠪᠡᠢ ᠶᠢᠨ ᠠᠰᠠᠭᠤᠨ ᠯᠠᠪᠯᠠᠯᠳᠠ ᠶᠢ ᠬᠤᠯᠪᠤᠬᠳᠠᠯ ᠪᠦᠭᠦᠢ ᠰᠠᠯᠠᠭ᠎ᠠ ᠮᠦᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠳᠠᠨ ᠬᠠᠷᠢᠭᠤᠯᠳᠠ ᠦᠭᠴᠦ᠂ ᠤᠳᠤᠬᠠᠨ ᠤ ᠠᠵᠢᠯ ᠤᠨ ᠪᠡᠶᠢᠳᠡᠯ ᠤᠨ ᠬᠠᠷᠢᠭᠤ ᠮᠡᠳᠡᠭᠦᠯᠦᠯᠳᠡ ᠬᠢᠵᠤ᠂ ᠠᠭᠤᠷᠬᠠᠢ ᠶᠢᠨ ᠤᠷᠤᠨ ᠤ ᠠᠷᠠᠳ ᠢ ᠨᠡᠭᠦᠯᠭᠡᠨ ᠰᠢᠯᠵᠢᠭᠦᠯᠭᠦ ᠠᠵᠢᠯ ᠢ ᠰᠠᠶᠢᠳᠤᠷ ᠬᠢᠵᠤ ᠪᠤᠢ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号