ᠤᠯᠠᠭᠠᠠᠲᠤᠯᠤᠭᠠᠢ ᠪᠠᠯᠭᠠᠰᠤ ᠭᠡᠰᠡᠭ ᠠᠵᠣ ᠠᠬᠤᠶᠢᠯᠠᠯ ᠢ ᠲᠠᠶᠢᠴᠢᠯᠠᠨ ᠲᠠᠮᠵᠢᠨ ᠲᠤᠰᠠᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-09-05
       ᠣᠶᠢᠷ᠎ᠠ ᠶᠢᠨ ᠡᠳᠤᠷ᠂ ᠤᠯᠠᠭᠠᠠᠲᠤᠯᠤᠭᠠᠢ ᠪᠠᠯᠭᠠᠰᠤ ᠦᠪᠦᠷ ᠮᠤᠩᠭᠤᠯ ᠤᠨ ᠱᠢ ᠯᠢᠨ ᠪᠡᠯᠡ ᠤᠷᠤᠭᠤᠯᠤᠯᠳᠠ ᠶᠢᠨ ᠪᠦᠯᠦᠭᠯᠡᠯ᠂ ᠴᠠᠩ ᠴᠢᠩ ᠤᠨ ᠴᠢᠯᠠᠭᠤᠨ ᠲᠤᠰᠤᠨ ᠤ ᠲᠠᠪᠤᠳᠤᠭᠠᠷ ᠪᠡᠶᠢᠭᠠᠯᠢ ᠶᠢᠨ ᠰᠢᠲᠠᠮᠠᠬᠠᠢ ᠬᠡᠢ ᠭᠠᠷᠭᠠᠬᠤ ᠦᠢᠯᠡᠳᠪᠦᠷᠢ ᠵᠡᠷᠭᠡ ᠠᠵᠣ ᠠᠬᠤᠶᠢᠯᠠᠯ ᠢ ᠲᠠᠶᠢᠴᠢᠯᠠᠨ ︽ᠰᠤᠷᠭᠠᠨ ᠬᠦᠮᠦᠵᠢᠯ ᠢ ᠬᠠᠯᠠᠮᠵᠢᠯᠠᠨ ᠠᠩᠬᠠᠷᠴᠤ᠂ ᠨᠡᠶᠢᠬᠡᠮ ᠳᠤ ᠬᠤᠪᠢ ᠨᠡᠮᠡᠷᠢ ᠦᠵᠡᠬᠦᠯᠤᠶ᠎ᠠ︾ ᠭᠤᠤᠯ ᠰᠡᠳᠦᠪᠲᠤ ᠲᠠᠮᠵᠢᠨ ᠲᠤᠰᠠᠯᠠᠬᠤ ᠠᠵᠢᠯᠯᠠᠭ᠎ᠠ ᠦᠷᠨᠢᠬᠦᠯᠪᠡ᠃ ᠤᠯᠠᠭᠠᠨᠲᠤᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠳᠠᠨ᠂ ᠬᠤᠰᠢᠭᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠦᠪᠦᠷ ᠮᠤᠩᠭᠤᠯ ᠤᠨ ᠱᠢ ᠯᠢᠨ ᠪᠡᠯᠡ ᠤᠷᠤᠭᠤᠯᠤᠯᠳᠠ ᠶᠢᠨ ᠪᠦᠯᠦᠭᠯᠡᠯ᠂ ᠴᠠᠩ ᠴᠢᠩ ᠤᠨ ᠴᠢᠯᠠᠭᠤᠨ ᠲᠤᠰᠤᠨ ᠤ ᠲᠠᠪᠤᠳᠤᠭᠠᠷ ᠪᠠᠶᠢᠭᠠᠯᠢ ᠶᠢᠨ ᠰᠢᠲᠠᠮᠠᠬᠠᠢ ᠬᠡᠢ ᠭᠠᠷᠭᠠᠬᠤ ᠦᠢᠯᠡᠳᠪᠦᠷᠢ᠂ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ᠬᠠᠷᠢᠭᠤᠴᠠᠯᠭᠠᠳᠠᠨ᠂ ᠪᠠᠯᠭᠠᠰᠤᠨ ᠤ ᠪᠦᠬᠦ ᠺᠠᠳ᠋ᠷ ᠠᠵᠢᠯᠲᠠᠨ᠂ ᠬᠦᠨᠳᠦ ᠡᠪᠡᠳᠴᠢᠳᠡᠢ ᠡᠷᠦᠬᠡ᠂ ᠬᠡᠰᠡᠭ ᠰᠤᠷᠤᠭᠴᠢᠳ ᠤᠨ ᠲᠦᠯᠦᠬᠡᠯᠡᠭᠴᠢ ᠠᠵᠢᠯᠯᠠᠭᠠᠨ ᠳᠤ ᠤᠷᠤᠯᠴᠠᠪᠠ᠃      ᠠᠵᠢᠯᠯᠠᠭᠠᠨ ᠳᠤ ᠦᠪᠦᠷ ᠮᠤᠩᠭᠤᠯ ᠤᠨ ᠱᠢ ᠯᠢᠨ ᠪᠡᠯᠡ ᠤᠷᠤᠭᠤᠯᠤᠯᠳᠠ ᠶᠢᠨ ᠪᠦᠯᠦᠭᠯᠡᠯ᠂ ᠴᠠᠩ ᠴᠢᠩ  ᠤᠨ ᠴᠢᠯᠠᠭᠤᠨ ᠲᠤᠰᠤᠨ ᠤ ᠲᠠᠪᠤᠳᠤᠭᠠᠷ ᠪᠠᠶᠢᠭᠠᠯᠢ ᠶᠢᠨ ᠰᠢᠲᠠᠮᠠᠬᠠᠢ ᠬᠡᠢ ᠭᠠᠷᠭᠠᠬᠤ ᠦᠢᠯᠡᠳᠪᠦᠷᠢ ᠵᠡᠷᠭᠡ ᠠᠵᠣ ᠠᠬᠤᠶᠢᠯᠠᠯ ᠠᠴᠠ 15.66 ᠲᠦᠮᠡᠨ ᠲᠦᠭᠦᠷᠢᠭ ᠭᠠᠷᠭᠠᠵᠤ ᠤᠯᠠᠭᠠᠠᠲᠤᠯᠤᠭᠠᠢ ᠪᠠᠯᠭᠠᠰᠤᠨ ᠤ 18 ᠬᠦᠨᠳᠦ ᠡᠪᠡᠳᠴᠢᠳᠡᠨ᠂ ᠰᠢᠨ᠎ᠡ ᠪᠠᠷ ᠶᠡᠭᠡ ᠰᠤᠷᠭᠠᠭᠤᠯᠢ ᠳᠤ ᠤᠷᠤᠭᠰᠠᠨ 30 ᠰᠤᠷᠤᠭᠴᠢ᠂ ᠭᠤᠤᠯᠳᠠᠯᠭ᠎ᠠ ᠲᠠᠢ ᠦᠨᠳᠤᠷ ᠲᠤᠮᠳᠠᠲᠤ ᠳᠤ ᠰᠢᠯᠭᠠᠨ ᠤᠷᠤᠭᠰᠠᠨ 6 ᠰᠤᠷᠤᠭᠴᠢ ᠶᠢ ᠲᠠᠮᠵᠢᠨ ᠲᠤᠰᠠᠯᠠᠬᠤ ᠶᠢᠨ ᠬᠠᠮᠲᠤ ᠤᠯᠠᠭᠠᠠᠲᠤᠯᠤᠭᠠᠢ ᠪᠠᠯᠭᠠᠰᠤᠨ ᠤ 67 ᠡᠷᠦᠬᠡ ᠶᠢᠨ 183 ᠬᠦᠴᠢᠷᠳᠡᠯᠳᠡᠢ ᠬᠦᠮᠦᠨ ᠢ ᠨᠡᠶᠢᠬᠡᠮ ᠤᠨ ᠲᠠᠭᠠᠳᠬᠠᠯ ᠳᠤ ᠤᠷᠤᠭᠤᠯᠵᠤ ᠰᠤᠷᠤᠭᠴᠢᠳ ᠢ ᠬᠦᠴᠢᠷ ᠢ ᠢᠯᠡᠨ ᠴᠢᠷᠮᠠᠶᠢᠨ ᠰᠤᠷᠤᠯᠴᠠᠵᠤ ᠬᠦᠴᠢᠷᠳᠡᠯᠳᠡᠢ ᠠᠷᠠᠳ ᠳᠦᠮᠡᠨ ᠤ ᠢᠳᠡᠭᠡᠯ ᠵᠤᠷᠢᠭ ᠢ ᠪᠠᠳᠤᠳᠬᠠᠨ ᠡᠷᠳᠡᠭᠡᠨ ᠶᠠᠳᠠᠭᠤ ᠠᠴᠠ ᠠᠩᠬᠢᠵᠢᠷᠠᠬᠤ ᠶᠢ ᠵᠤᠷᠢᠭᠵᠢᠭᠤᠯᠵᠠᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号