ᠨᠠᠮᠤᠷ ᠤᠨ ᠣᠯᠠᠷᠢᠯ ᠤᠨ ᠡᠯᠪᠡᠭ ᠬᠤᠷᠢᠶᠠᠯᠳᠠ ᠶᠢᠨ ᠴᠠᠭ ᠬᠦᠷᠴᠣ ᠢᠷᠡᠬᠦ ᠪᠠᠷ ᠮᠠᠨ ᠤ ᠬᠤᠰᠢᠭᠤ ᠨᠢ | ᠲᠠᠪᠤᠨ ᠲᠦᠮᠡᠨ ᠮᠤ᠋ ᠶᠢᠨ ᠵᠠᠬᠢᠶᠠᠯᠠᠭ᠎ᠠ ᠶᠢᠨ ᠲᠦᠮᠦᠰᠦ ᠪᠠᠨ ᠡᠬᠢᠯᠡᠨ ᠬᠤᠷᠢᠶᠠᠯ᠎ᠠ᠃ ᠡᠨᠡ ᠬᠡᠳᠦᠨ ᠡᠳᠦᠷ᠂ | ᠰᠢᠷᠬᠤᠰᠣᠨ ᠪᠠᠯᠭᠠᠰᠣᠨ ᠤ ᠪᠡᠳᠣ ᠶᠢᠨ ᠳᠣᠬᠤᠢ ᠳᠣᠰᠬᠤᠨ ᠳᠤ ᠰᠠᠭᠤᠷᠢᠰᠢᠵᠣ ᠪᠠᠶᠢᠭ᠎ᠠ ᠹᠧᠩ ᠾᠧ ᠿᠢ ᠯᠢ | ᠲᠠᠷᠢᠶᠠᠯᠠᠩ ᠤᠨ ᠨᠡᠬᠡᠬᠡᠯᠳᠡ ᠶᠢᠨ ᠬᠢᠵᠠᠭᠠᠷᠲᠤ ᠺᠤᠮᠫᠠᠨᠢ ᠶᠢᠨ ᠲᠦᠮᠦᠰᠦᠨ ᠤ ᠰᠠᠭᠤᠷᠢᠨ ᠭᠠᠵᠠᠷ ᠲᠤ ᠡᠯ᠎ᠡ ᠵᠣᠶᠢᠯ | ᠤᠨ ᠮᠠᠰᠢᠨ ᠮᠧᠬᠠᠨᠢᠭ ᠲᠦᠮᠦᠰᠦ ᠬᠤᠷᠢᠶᠠᠨ ᠶᠠᠭᠠᠷᠠᠯᠳᠣᠵᠣ᠂ ᠡᠳᠦᠷ ᠪᠦᠷᠢ ᠪᠠᠷᠤᠭ 150 ᠮᠤ᠋ ᠶᠢᠨ 750 ᠲᠤᠨ | ᠲᠦᠮᠦᠰᠦ ᠢ ᠬᠤᠷᠢᠶᠠᠵᠤ ᠲᠠᠷᠢᠬᠤ ᠠᠴᠠ ᠠᠪᠤᠭᠠᠳ ᠵᠦᠬᠡᠬᠡᠪᠦᠷᠢᠯᠡᠬᠦ ᠪᠦᠬᠦ ᠶᠠᠪᠤᠴᠠ ᠶᠢ ᠮᠠᠰᠢᠨᠴᠢᠯᠠᠭᠰᠡᠨ ᠪᠠᠶᠢᠨ᠎ᠠ᠃ | | ᠡᠨᠡ ᠵᠢᠯ ᠦᠤᠰᠢᠨ ᠬᠤᠰᠢᠭᠤᠨ ᠤ ᠹᠧᠩ ᠾᠧ ᠿᠢ ᠯᠢ ᠲᠠᠷᠢᠶᠠᠯᠠᠩ ᠤᠨ ᠨᠡᠬᠡᠬᠡᠯᠳᠡ ᠶᠢᠨ ᠬᠢᠵᠠᠭᠠᠷᠲᠤ | ᠺᠤᠮᠫᠠᠨᠢ ᠨᠢ ᠬᠦᠷᠦᠰᠦ ᠰᠢᠷᠤᠢ ᠡᠯᠡᠰᠦᠷᠭᠡᠭ᠂ ᠬᠢᠷᠠᠭᠤ ᠣᠨᠠᠬᠤ ᠨᠢ ᠣᠷᠣᠢ ᠪᠡᠶᠢᠳᠠᠭ ᠳᠠᠪᠠᠭᠤᠯᠢᠭ ᠲᠠᠢ ᠪᠠᠲᠤ ᠶᠢᠨ | ᠲᠤᠬᠤᠢ ᠲᠤᠰᠬᠤᠨ ᠳᠤ 3200 ᠮᠤ᠋ ᠶᠢᠨ ᠲᠦᠮᠦᠰᠦ ᠲᠠᠷᠢᠵᠣ ᠪᠠᠢ ᠱᠢ ᠢᠳᠡᠭᠡᠨ ᠤ ᠲᠤᠮᠳᠠᠲᠤ ᠳᠠᠬᠢ ᠬᠢᠵᠠᠭᠠᠷᠲᠤ | ᠺᠤᠮᠫᠠᠨᠢ ᠲᠠᠢ ᠤᠷᠳᠤ ᠬᠤᠭᠤᠴᠠᠭᠠᠨ ᠤ ᠵᠠᠬᠢᠶᠠᠯᠠᠭ᠎ᠠ ᠶᠢᠨ ᠭᠡᠷ᠎ᠡ ᠲᠤᠭᠳᠠᠵᠤ᠂ ᠪᠠᠢ ᠱᠢ ᠢᠳᠡᠭᠡᠨ ᠤ ᠺᠤᠮᠫᠠᠨᠢ ᠠᠴᠠ | ᠲᠠᠷᠢᠬᠤ ᠶᠠᠪᠤᠴᠠ ᠳᠠᠬᠢ ᠮᠡᠷᠭᠡᠵᠢᠯ ᠤᠨ ᠵᠢᠯᠤᠭᠤᠳᠤᠯᠭ᠎ᠠ᠂ ᠶᠠᠰᠤ ᠴᠢᠨᠠᠷ ᠤᠨ ᠬᠢᠨᠠᠯᠳᠠ ᠲᠠᠯᠪᠢᠵᠤ᠂ ᠲᠦᠮᠦᠰᠦ ᠶᠢ | ᠵᠢᠩ ᠪᠦᠷᠢ 0.7 ᠲᠦᠬᠦᠷᠡᠭ ᠢᠶᠠᠷ ᠬᠤᠷᠢᠶᠡᠨ ᠠᠪᠴᠣ᠂ ᠬᠤᠷᠢᠶᠠᠨ ᠠᠪᠤᠭᠰᠠᠨ ᠲᠦᠮᠦᠰᠦ ᠪᠠᠨ ᠨᠢᠬᠡᠳᠣᠯᠳᠡᠢ | ᠬᠠᠶᠢᠷᠴᠠᠭᠯᠠᠨ ᠳᠡᠭᠡᠭᠡᠪᠣᠷᠢᠯᠡᠵᠣ ᠪᠠᠢ ᠱᠢ ᠢᠳᠡᠭᠡᠨ ᠤ ᠺᠤᠮᠫᠠᠨᠢ ᠶᠢᠨ ᠱᠠᠩᠬᠠᠢ᠂ ᠦᠬᠠᠨ᠂ ᠪᠡᠬᠡᠵᠢᠩ᠂ ᠰᠢ ᠠᠨ | ᠵᠡᠷᠭᠡ ᠭᠠᠵᠠᠷ ᠤᠨ ᠬᠦᠢᠳᠡᠨ ᠬᠦᠮᠦᠷᠭᠡ ᠳᠤ ᠬᠦᠷᠭᠡᠨ ᠣᠶᠢᠯᠡᠳᠪᠣᠷᠢᠯᠡᠨ ᠪᠣᠯᠪᠠᠰᠣᠷᠠᠭᠤᠯᠵᠣ ᠲᠦᠮᠦᠰᠦᠨ ᠬᠡᠷᠴᠢᠮᠡᠯ | ᠬᠢᠬᠡᠳ ᠳᠡᠯᠡᠭᠡᠢ ᠶᠢᠨ ᠡᠯ᠎ᠡ ᠣᠯᠣᠰ ᠪᠦᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠵᠤ ᠪᠠᠶᠢᠨ᠎ᠠ᠃ | ᠮᠠᠨ ᠤ ᠬᠤᠰᠢᠭᠤ ᠨᠢ ᠠᠵᠤ ᠦᠢᠯᠡᠰ ᠤᠨ ᠪᠦᠲᠦᠴᠡ ᠳᠤ ᠪᠠᠨ ᠦᠷᠬᠦᠯᠵᠢᠯᠡᠨ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠤᠯᠳᠠ ᠬᠢᠵᠦ᠂ ᠮᠠᠯᠴᠢᠨ ᠲᠠᠷᠢᠶᠠᠴᠢᠳ ᠢ ᠲᠠᠶᠢᠴᠢᠯᠠᠨ ᠲᠦᠮᠦᠰᠦ ᠲᠠᠷᠢᠭᠤᠯᠵᠤ᠂ ᠲᠠᠷᠢᠮᠠᠯ ᠤᠨ ᠲᠠᠯᠠᠪᠠᠢ | ᠪᠠᠨ ᠦᠷᠭᠡᠳᠭᠡᠨ᠂ ᠪᠦᠬᠦ ᠬᠤᠰᠢᠭᠤᠨ ᠤ ᠬᠡᠪᠴᠢᠶᠡᠨ ᠳᠤ 5 ᠲᠦᠮᠡᠨ ᠮᠤ᠋ ᠲᠦᠮᠦᠰᠦ ᠲᠠᠷᠢᠵᠤ᠂ ᠮᠤ᠋ ᠪᠦᠷᠢ ᠶᠢᠨ | ᠤᠨᠠᠯᠳᠠ 5000 ᠵᠢᠩ ᠤᠷᠴᠢᠮ ᠬᠦᠷᠴᠦ᠂ ᠡᠨᠡ ᠵᠢᠯ ᠤᠨ ᠵᠠᠬ᠎ᠠ ᠲᠡᠯᠭᠡᠬᠦᠷ ᠤᠨ ᠦᠨ᠎ᠡ ᠲᠤᠤᠷ᠎ᠠ ᠪᠠᠶᠢᠭ᠎ᠠ | ᠪᠠᠶᠢᠳᠠᠯ ᠲᠤᠤᠷ᠎ᠠ᠂ ᠵᠢᠩ ᠪᠦᠷᠢ ᠶᠢ 0.6 ᠲᠦᠬᠦᠷᠡᠭ ᠢᠶᠠᠷ ᠪᠤᠳᠤᠪᠠᠯ ᠪᠤᠷᠤᠯᠠᠭᠤᠯᠭ᠎ᠠ ᠶᠢᠨ ᠦᠷᠳᠡᠭ 1.5 | ᠳ᠋ᠦᠩᠰᠢᠭᠤᠷ ᠲᠦᠬᠦᠷᠡᠭ ᠳᠤ ᠬᠦᠷᠬᠦ ᠪᠠᠷ ᠪᠠᠶᠢᠨ᠎ᠠ᠃ |