ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠣᠷᠳᠣᠰ ᠤᠨ ᠨᠠᠷᠢᠨ | ᠨᠣᠣᠰᠣᠳᠣ ᠬᠤᠨᠢ ᠶᠢ ᠢᠬᠢᠷᠡᠯᠡᠬᠦᠯᠬᠦ ᠳᠦᠷᠣᠯ ᠵᠣᠶᠢᠯ ᠢ ᠭᠡᠷᠡᠭᠵᠢᠬᠦᠯᠵᠣ ᠪᠠᠶᠢᠭ᠎ᠠ ᠮᠠᠯᠴᠢᠨ ᠡᠷᠣᠬᠡ ᠳᠤ ᠦᠨᠳᠦᠷ | ᠣᠭᠤᠷᠠᠭᠳᠣ ᠳᠠᠵᠢᠭᠡᠯ ᠪᠤᠷᠳᠤᠭ᠎ᠠ ᠬᠦᠷᠭᠡᠨ ᠦᠭᠴᠦ᠂ ᠤᠷᠳᠤᠰ ᠤᠨ ᠨᠠᠷᠢᠨ ᠨᠤᠤᠰᠤᠲᠤ ᠬᠤᠨᠢᠨ ᠤ ᠢᠬᠢᠷᠡᠯᠡᠬᠦ | ᠨᠤᠷᠮ᠎ᠠ ᠶᠢ ᠳᠡᠭᠡᠭᠰᠢᠯᠡᠭᠦᠯᠬᠦ ᠪᠣᠳᠠᠳᠡᠢ ᠠᠷᠭ᠎ᠠ ᠠᠪᠴᠠᠯ ᠢᠶᠠᠷ ᠮᠠᠯᠴᠢᠳ ᠤᠨ ᠣᠷᠣᠯᠭ᠎ᠠ ᠶᠢ ᠳᠡᠭᠡᠭᠰᠢᠯᠡᠭᠦᠯᠬᠦ ᠳᠤ | ᠪᠠᠲᠤᠯᠠᠭ᠎ᠠ ᠬᠠᠨᠭ᠍ᠭᠠᠵᠣ ᠪᠠᠶᠢᠨ᠎ᠠ᠃ | ᠣᠶᠢᠷ᠎ᠠ ᠶᠢᠨ ᠡᠳᠣᠷ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠮᠠᠨ ᠤ ᠬᠤᠰᠢᠭᠤᠨ | ᠤ ᠰᠢᠨᠵᠢᠯᠡᠬᠦ ᠤᠬᠠᠭᠠᠨ ᠤ ᠲᠧᠭᠨᠢᠭ ᠮᠡᠷᠭᠡᠵᠢᠯ ᠤᠨ ᠲᠤᠪᠴᠢᠶ᠎ᠠ ᠪᠤᠯᠤᠨ ᠬᠤᠲᠠ ᠶᠢᠨ ᠡᠳ᠋ ᠤᠨ ᠵᠠᠰᠠᠭ ᠤᠨ | ᠲᠤᠪᠴᠢᠶᠠᠨ ᠤ ᠲᠦᠷᠦᠯ ᠵᠦᠢᠯ ᠢᠶᠠᠷ 125 ᠳᠣᠨ ᠦᠨᠳᠣᠷ ᠣᠭᠤᠷᠠᠭᠳᠣ ᠲᠡᠵᠢᠭᠡᠯ ᠪᠤᠷᠳᠤᠭ᠎ᠠ ᠶᠢ ᠤᠷᠤᠭᠤᠯᠤᠨ᠂ | ᠪᠦᠬᠦ ᠬᠤᠰᠢᠭᠤᠨ ᠤ ᠲᠠᠪᠤᠨ ᠰᠤᠮᠤ ᠪᠠᠯᠭᠠᠰᠤᠨ ᠤ ᠭᠠᠷ ᠬᠡᠭᠡᠯᠳᠦᠬᠦᠯᠭᠡ ᠶᠢ ᠬᠢᠵᠦ ᠪᠠᠶᠢᠭ᠎ᠠ ᠲᠤᠰᠬᠠᠢ ᠡᠷᠦᠬᠡ ᠶᠢᠨ | ᠳᠦᠯᠵᠢᠬᠦ ᠬᠤᠨᠢ ᠨᠢ 100 ᠲᠤᠯᠤᠭᠠᠢ ᠠᠴᠠ ᠳᠡᠭᠡᠭᠰᠢ ᠪᠠᠶᠢᠬᠤ 50 ᠡᠷᠦᠬᠡ ᠳᠤ ᠲᠡᠭᠰᠢᠳᠬᠡᠭᠡᠳ ᠡᠷᠦᠬᠡ ᠪᠦᠷᠢ | ᠳᠤ 2.5 ᠲᠤᠨ ᠪᠤᠷᠳᠤᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠭᠰᠠᠨ ᠪᠠᠶᠢᠨ᠎ᠠ᠃ ᠭᠠᠯᠠᠭᠤᠳᠣ | ᠪᠠᠯᠭᠠᠰᠣᠨ ᠤ ᠰᠡᠪᠬᠦᠯ ᠭᠠᠴᠠᠭᠠᠨ ᠤ ᠣᠷᠳᠣᠰ ᠤᠨ ᠨᠠᠷᠢᠨ ᠨᠣᠣᠰᠣᠳᠣ ᠬᠤᠨᠢ ᠮᠠᠯᠵᠢᠬᠤ ᠵᠢᠱᠢᠶᠠᠴᠢ ᠡᠷᠣᠭᠡ | ᠪᠠᠶᠠᠨᠳᠦ᠋ᠭᠦᠷᠡᠩ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠠᠴᠠ 2.5 ᠳᠣᠨ ᠳᠡᠵᠢᠬᠡᠯ ᠪᠣᠷᠳᠤᠭ᠎ᠠ | ᠢ ᠬᠤᠪᠢᠳᠡᠨ ᠣᠯᠣᠭᠠᠳ ᠣᠷᠳᠣᠰ ᠤᠨ ᠨᠠᠷᠢᠨ ᠨᠣᠣᠰᠣᠳᠣ ᠬᠤᠨᠢᠨ ᠤ ᠣᠶᠢᠯᠡᠰ ᠢᠶᠠᠨ ᠬᠦᠭᠵᠢᠬᠦᠯᠬᠦ ᠳᠤ ᠤᠯᠠᠮ | ᠢᠳᠡᠭᠡᠯ ᠲᠠᠢ ᠪᠤᠯᠤᠭᠰᠠᠨ ᠪᠠᠶᠢᠨ᠎ᠠ᠃ | ᠤᠷᠴᠢᠮ ᠤᠨ ᠵᠢᠯ ᠠᠴᠠ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ | ᠦᠪᠡᠷᠳᠡᠭᠡᠨ ᠵᠠᠰᠠᠬᠤ ᠤᠷᠤᠨ ᠪᠣᠯᠣᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠲᠠᠢ ᠬᠠᠮᠳᠣᠷᠠᠯᠴᠡᠨ ᠤᠷᠳᠤᠰ ᠨᠠᠷᠢᠨ ᠨᠤᠤᠰᠤᠲᠤ ᠬᠤᠨᠢᠨ ᠤ ᠳᠦᠯᠵᠢᠬᠦ ᠨᠤᠷᠮ᠎ᠠ ᠶᠢ | ᠳᠡᠭᠡᠭᠰᠢᠯᠡᠭᠦᠯᠬᠦ ᠲᠠᠯ᠎ᠠ ᠪᠠᠷ ᠤᠯᠠᠨ ᠲᠠᠯ᠎ᠠ ᠶᠢᠨ ᠲᠤᠷᠰᠢᠯᠲᠠ ᠬᠢᠵᠦ ᠨᠡᠯᠢᠶᠡᠳ ᠠᠮᠵᠢᠯᠲᠠ ᠣᠯᠵᠣ ᠢᠬᠢᠷᠡᠯᠡᠬᠦᠯᠬᠦ | ᠲᠤᠭᠲᠠᠯᠴᠠᠭ᠎ᠠ᠂ ᠳᠡᠵᠢᠭᠡᠨ ᠪᠤᠷᠳᠤᠬᠤ ᠲᠤᠭᠲᠠᠯᠴᠠᠭ᠎ᠠ᠂ ᠲᠠᠨᠢᠯᠴᠠᠭᠤᠯᠤᠨ ᠲᠡᠯᠭᠡᠷᠡᠬᠦᠯᠬᠦ ᠲᠤᠭᠲᠠᠯᠴᠠᠭ᠎ᠠ᠂ ᠬᠢᠵᠢᠭ ᠢ | ᠰᠡᠷᠭᠡᠶᠢᠯᠡᠬᠦ ᠲᠤᠭᠲᠠᠯᠴᠠᠭ᠎ᠠ᠂ ᠦᠢᠯᠡᠳᠬᠦᠨ ᠢ ᠪᠤᠷᠤᠯᠠᠭᠤᠯᠬᠤ ᠲᠤᠭᠳᠠᠯᠴᠠᠭ᠎ᠠ ᠵᠡᠷᠭᠡ ᠤᠷᠳᠤᠰ ᠤᠨ ᠨᠠᠷᠢᠨ | ᠨᠤᠤᠰᠤᠲᠤ ᠬᠤᠨᠢᠨ ᠤ ᠳᠦᠯᠵᠢᠬᠦ ᠪᠠᠷᠢᠮᠵᠢᠶ᠎ᠠ ᠪᠠ ᠴᠢᠨᠠᠷ ᠢ ᠬᠡᠮᠵᠢᠬᠦ ᠲᠤᠭᠳᠠᠯᠴᠠᠭ᠎ᠠ ᠶᠢ ᠪᠠᠶᠢᠭᠤᠯᠵᠤ ᠮᠠᠯᠴᠢᠳ ᠤᠨ | ᠣᠷᠣᠯᠭ᠎ᠠ ᠢ ᠪᠣᠳᠠᠳᠡᠢ ᠠᠷᠭ᠎ᠠ ᠬᠡᠮᠵᠢᠶ᠎ᠠ ᠪᠠᠷ ᠨᠡᠮᠡᠭᠳᠡᠭᠦᠯᠣᠭ᠍ᠰᠡᠨ ᠪᠡᠶᠢᠨ᠎ᠠ᠃ |