ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠢ ᠠᠨ᠂ ᠱᠠᠨᠳᠦ᠋ᠩ᠂ ᠪᠡᠭᠡᠵᠢᠩ ᠵᠡᠷᠭᠡ ᠭᠠᠵᠠᠷ ᠢᠶᠠᠷ ᠬᠦᠷᠴᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠤᠬᠢᠴᠠᠭᠤᠯᠬᠤ ᠬᠠᠮᠢᠶ᠎ᠠ ᠪᠦᠬᠦᠢ ᠠᠵᠢᠯ ᠤᠨ ᠳᠤᠬᠠᠢ ᠵᠦᠪᠳᠡᠯᠴᠡᠪᠡ
ᠨᠡᠶᠢᠲᠡᠯᠡᠭᠰᠡᠨ ᠴᠠᠭ᠄
2018-09-05
     8 ᠰᠠᠷ᠎ᠠ ᠶᠢᠨ 27 ᠤ ᠡᠳᠦᠷ ᠠᠴᠠ 31 ᠤ ᠡᠳᠦᠷ᠂ ᠬᠤᠰᠢᠭᠤ ᠨᠠᠮ ᠬᠤᠷᠢᠶᠠᠨ ᠤ ᠱᠦᠵᠢ ᠡᠷᠳᠡᠨᠢᠪᠢᠯᠢᠭ ᠰᠢ ᠠᠨ᠂ ᠱᠠᠨᠳᠦ᠋ᠩ᠂ ᠪᠡᠭᠡᠵᠢᠩ ᠵᠡᠷᠭᠡ ᠭᠠᠵᠠᠷ ᠢᠶᠠᠷ ᠬᠦᠷᠴᠦ᠂ ᠱᠠᠨᠰᠢ ᠮᠤᠵᠢ ᠶᠢᠨ ᠨᠡᠬᠦᠷᠡᠰᠤᠨ ᠠᠵᠤ ᠦᠢᠯᠡᠰ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠶᠠᠨᠵᠸᠤ ᠶᠢᠨ ᠠᠭᠤᠷᠬᠠᠢ ᠶᠢᠨ ᠦᠢᠯᠡᠰ ᠤᠨ ᠪᠦᠯᠦᠭᠯᠡᠯ᠂ ᠱᠠᠨᠳᠦ᠋ᠩ ᠤᠨ ᠡᠨᠧᠷᠬᠢ ᠶᠢᠨ ᠰᠤᠷᠪᠤᠯᠵᠢ ᠶᠢᠨ ᠽᠢ ᠪᠦᠸᠧ ᠤᠨ ᠠᠭᠤᠷᠬᠠᠢ ᠶᠢᠨ ᠦᠢᠯᠡᠰ ᠤᠨ ᠪᠦᠯᠦᠭᠯᠡᠯ᠂ ᠵᠦᠩ ᠮᠸᠢ ᠪᠦᠯᠦᠭᠯᠡᠯ ᠵᠡᠷᠭᠡ ᠠᠵᠤ ᠠᠬᠤᠶᠢᠯᠠᠯ ᠤᠨ  ᠭᠤᠤᠯ ᠬᠠᠷᠢᠭᠤᠴᠠᠯᠭᠠᠲᠠᠨ ᠲᠠᠢ ᠬᠠᠮᠳᠤ ᠤᠷᠤᠨ ᠨᠤᠲᠤᠭ ᠠᠵᠤ ᠠᠬᠤᠶᠢᠯᠠᠯ ᠤᠨ ᠬᠤᠭᠤᠷᠤᠨᠳᠤᠬᠢ ᠬᠠᠮᠲᠤᠷᠠᠯᠴᠠᠭ᠎ᠠ ᠶᠢ ᠴᠢᠩᠭᠠᠳᠬᠠᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠤᠬᠠᠢ ᠦᠷᠭᠡᠨ ᠢᠶᠠᠷ ᠰᠤᠯᠢᠯᠴᠠᠭ᠎ᠠ ᠬᠢᠵᠤ᠂ ᠨᠢᠭᠡ ᠰᠢᠷᠢᠰ ᠪᠦᠲᠦᠴᠡ ᠶᠢᠨ ᠴᠢᠨᠠᠷᠲᠠᠢ ᠬᠠᠮᠳᠤᠷᠠᠨ ᠠᠵᠢᠯᠯᠠᠬᠤ ᠬᠠᠮᠳᠤ ᠶᠢᠨ ᠲᠠᠨᠢᠯᠲᠠ ᠶᠢ ᠪᠦᠷᠢᠯᠳᠦᠬᠦᠯᠦᠨ᠂ ᠮᠠᠨ ᠤ ᠬᠤᠰᠢᠭᠤᠨ ᠤ ᠪᠡᠯᠡ ᠤᠷᠤᠭᠤᠯᠤᠯᠲᠠ ᠪᠠᠨ ᠨᠡᠮᠡᠭᠳᠡᠬᠦᠯᠵᠤ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠬᠦᠨᠳᠤ ᠴᠢᠬᠤᠯᠠ ᠠᠴᠢ ᠬᠤᠯᠪᠤᠭᠳᠠᠯ ᠲᠠᠢ ᠶᠤᠮ᠃
     ᠡᠷᠳᠡᠨᠢᠪᠢᠯᠢᠭ ᠱᠠᠨᠰᠢ ᠮᠤᠵᠢ ᠶᠢᠨ ᠨᠡᠬᠦᠷᠡᠰᠤᠨ ᠠᠵᠤ ᠦᠢᠯᠡᠰ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠤᠨ ᠳᠣᠰᠠᠯᠠᠭᠴᠢ᠂ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠯᠢᠶᠠᠩ ᠢᠤᠢ ᠺᠦᠨ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠵᠢᠶᠠᠨ ᠹᠧᠩ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ 16 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠨᠡᠭᠦᠷᠡᠰᠦ ᠪᠠᠷ ᠨᠡᠶᠢᠯᠡᠮᠡᠯ ᠬᠡᠢ ᠶᠢ ᠦᠢᠯᠡᠳᠬᠦ ᠲᠦᠷᠦᠯ ᠵᠦᠢᠯ ᠢ ᠳᠠᠬᠢᠨ ᠡᠬᠢᠯᠡᠬᠦᠯᠤᠨ ᠪᠦᠲᠦᠭᠡᠨ ᠪᠠᠶᠢᠭᠤᠯᠬᠤ ᠠᠵᠢᠯ  ᠤᠨ ᠳᠤᠬᠠᠢ ᠰᠠᠭᠤᠳᠠᠯ ᠤᠨ ᠬᠤᠷᠠᠯ ᠬᠢᠵᠤ ᠶᠠᠷᠢᠯᠴᠠᠪᠠ᠃ ᠡᠷᠳᠡᠨᠢᠪᠢᠯᠢᠭ ᠵᠢᠭᠠᠬᠤ ᠳᠤ ᠪᠠᠨ ᠳᠤᠰ ᠲᠦᠷᠦᠯ ᠵᠦᠢᠯ  ᠨᠢ ᠠᠵᠤ ᠦᠢᠯᠡᠰ ᠢ ᠬᠦᠭᠵᠢᠬᠦᠯᠬᠦ ᠲᠦᠷᠤ ᠶᠢᠨ ᠪᠤᠳᠤᠯᠭ᠎ᠠ ᠲᠠᠢ ᠨᠡᠶᠢᠴᠡᠵᠤ᠂ ᠠᠵᠤ ᠦᠢᠯᠡᠰ ᠤᠨ ᠬᠦᠭᠵᠢᠯᠲᠡ ᠶᠢᠨ ᠬᠠᠨᠳᠤᠰᠢ ᠲᠠᠢ ᠳᠤᠬᠢᠷᠠᠯᠴᠠᠨ᠂ ᠠᠵᠤ ᠦᠢᠯᠡᠰ ᠢ ᠳᠠᠶᠢᠴᠢᠯᠠᠨ ᠳᠠᠭᠠᠭᠤᠯᠬᠤ ᠴᠢᠳᠠᠪᠤᠷᠢ ᠪᠠᠷ ᠴᠢᠩᠭ᠎ᠠ᠂ ᠠᠰᠢᠭ ᠬᠤᠨᠵᠢᠪᠦᠷᠢ ᠤᠯᠬᠤ ᠳᠠᠯᠳᠠ ᠬᠦᠴᠦᠨ ᠲᠠᠢ ᠪᠠᠶᠢᠵᠤ᠂ ᠱᠠᠨᠰᠢ ᠶᠢᠨ ᠨᠡᠬᠦᠷᠡᠰᠤᠨ ᠦᠢᠯᠡᠰ ᠤᠨ ᠪᠦᠯᠦᠭᠯᠡᠯ ᠪᠠᠶᠢᠳᠠᠯ ᠢ ᠡᠵᠡᠮᠰᠢᠨ ᠵᠤᠷᠢᠭᠲᠠᠢ ᠪᠠᠷ ᠳᠤᠰ ᠲᠦᠷᠦᠯ ᠵᠦᠢᠯ ᠢ ᠦᠷᠬᠦᠯᠵᠢᠯᠡᠨ ᠪᠦᠲᠦᠭᠡᠨ ᠪᠠᠶᠢᠭᠤᠯᠬᠤ ᠶᠢ ᠬᠦᠰᠡᠵᠤ ᠪᠠᠶᠢᠨ᠎ᠠ ᠬᠡᠪᠡ᠃ ᠯᠢᠶᠠᠩ ᠢᠦᠢ ᠺᠦᠨ ᠢᠯᠡᠷᠬᠡᠶᠢᠯᠡᠬᠦ ᠳᠤ ᠪᠠᠨ ᠲᠡᠮᠡᠭᠡᠳᠤ᠂ ᠦᠦᠰᠢᠨ ᠬᠤᠰᠢᠭᠤ ᠵᠡᠷᠭᠡ ᠭᠠᠵᠠᠷ ᠤᠷᠤᠨ ᠳᠤ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢ ᠬᠦᠭᠵᠢᠬᠦᠯᠬᠦ ᠪᠤᠯ ᠱᠠᠨᠰᠢ ᠶᠢᠨ ᠨᠡᠬᠦᠷᠡᠰᠦᠨ ᠦᠢᠯᠡᠰ ᠤᠨ ᠪᠦᠯᠦᠭᠯᠡᠯ ᠤᠨ ᠪᠠᠶᠢᠯᠳᠤᠬᠤ ᠪᠤᠳᠤᠯᠭ᠎ᠠ ᠶᠢᠨ ᠰᠤᠩᠭᠤᠯᠲᠠ ᠪᠠᠶᠢᠵᠤ᠂ ᠵᠢᠶᠠᠨ ᠹᠧᠩ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ 16 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠨᠡᠭᠦᠷᠡᠰᠦ ᠪᠠᠷ ᠨᠡᠶᠢᠯᠡᠮᠡᠯ ᠬᠡᠢ ᠶᠢ ᠦᠢᠯᠡᠳᠬᠦ ᠲᠦᠷᠦᠯ ᠵᠦᠢᠯ ᠨᠢ ᠲᠤᠰ ᠪᠠᠶᠢᠯᠳᠤᠬᠤ ᠪᠤᠳᠤᠯᠭ᠎ᠠ ᠶᠢᠨ ᠭᠤᠤᠯ ᠲᠤᠯᠬᠤ ᠴᠡᠭ ᠪᠤᠯᠤᠨ᠎ᠠ᠃ ᠱᠠᠨᠰᠢ ᠨᠡᠭᠦᠷᠡᠰᠦᠨ ᠦᠢᠯᠡᠰ ᠤᠨ ᠪᠦᠯᠦᠭᠯᠡᠯ ᠨᠢ ᠳᠠᠬᠢᠨ ᠡᠬᠢᠯᠡᠬᠦᠯᠤᠨ ᠪᠦᠲᠦᠭᠡᠨ ᠪᠠᠶᠢᠭᠤᠯᠬᠤ ᠨᠦᠬᠦᠴᠡᠯ ᠪᠠ ᠲᠦᠰᠦᠪ ᠢ ᠨᠠᠷᠢᠨ ᠰᠤᠳᠤᠯᠤᠨ᠂ ᠮᠡᠷᠭᠡᠵᠢᠯ ᠤᠨ ᠲᠠᠯ᠎ᠠ ᠶᠢᠨ ᠠᠰᠠᠭᠤᠳᠠᠯ ᠢ ᠢᠳᠡᠪᠬᠢᠲᠠᠢ ᠰᠢᠢᠳᠪᠦᠷᠢᠯᠡᠵᠦ᠂ ᠳᠠᠬᠢᠨ ᠡᠬᠢᠯᠡᠬᠦᠯᠬᠦ ᠠᠵᠢᠯ  ᠤᠨ ᠠᠬᠢᠴᠠ ᠪᠠᠨ ᠲᠦᠷᠭᠡᠳᠬᠡᠨ᠎ᠠ ᠬᠡᠪᠡ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠵᠦᠪᠳᠡᠯᠴᠡᠨ ᠳᠤᠰᠬᠠᠢ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠦᠷᠦᠯ ᠵᠦᠢᠯ ᠢ ᠲᠠᠬᠢᠨ ᠡᠬᠢᠯᠡᠬᠦᠯᠦᠨ ᠪᠠᠶᠢᠭᠤᠯᠬᠤ ᠶᠠᠪᠤᠴᠠ ᠳᠤ ᠬᠢ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠲᠤᠬᠠᠢ ᠵᠦᠪᠳᠡᠯᠴᠡᠪᠡ᠃      ᠡᠷᠳᠡᠨᠢᠪᠢᠯᠢᠭ ᠪᠠᠰᠠ ᠵᠦᠩ ᠮᠸᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠶᠠᠨ ᠵᠢᠶᠠᠩ᠂ ᠶᠡᠷᠦᠩᠬᠡᠢ ᠳᠠᠭᠠᠭᠠᠮᠠᠯ ᠫᠧᠩ ᠢ᠂ ᠶᠠᠨᠵᠸᠤ ᠶᠢᠨ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠰᠢ ᠶᠦᠩ᠂ ᠶᠡᠷᠦᠩᠬᠡᠢ ᠳᠠᠭᠠᠭᠠᠮᠠᠯ ᠯᠢ ᠸᠧᠢ᠂ ᠱᠠᠨᠳᠦ᠋ᠩ ᠤᠨ ᠡᠨᠧᠷᠬᠢ ᠶᠢᠨ ᠰᠤᠷᠪᠤᠯᠵᠢ ᠶᠢᠨ ᠽᠢ ᠪᠦᠸᠧ ᠤᠨ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠤ᠋ ᠯᠢ ᠰᠢᠨ᠂ ᠶᠡᠷᠦᠩᠬᠡᠢ ᠳᠠᠭᠠᠭᠠᠮᠠᠯ ᠰᠦᠨ ᠰᠢ ᠺᠦᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠠᠬᠢᠭᠤᠯᠬᠤ ᠠᠵᠢᠯ ᠤᠨ ᠳᠤᠬᠠᠢ ᠰᠠᠭᠤᠳᠠᠯ ᠤᠨ ᠬᠤᠷᠠᠯ ᠬᠢᠪᠡ᠃ ᠡᠷᠳᠡᠨᠢᠪᠢᠯᠢᠭ ᠵᠢᠭᠠᠬᠤ ᠳᠠᠭᠠᠨ᠂ ᠤᠳᠤᠬᠠᠨ ᠳᠤ ᠦᠦᠰᠢᠨ ᠬᠤᠰᠢᠭᠤᠨ ᠤ ᠪᠡᠯᠡ ᠤᠷᠤᠭᠤᠯᠬᠤ ᠬᠦᠭᠵᠢᠯᠲᠡ ᠶᠢᠨ ᠤᠷᠴᠢᠨ ᠳᠠᠰᠤᠷᠠᠯᠲᠠ ᠦᠭᠡᠢ ᠰᠢᠯᠢᠳᠡᠭᠵᠢᠵᠦ᠂ ᠠᠵᠤ ᠠᠬᠤᠶᠢᠯᠡᠯ ᠭᠠᠵᠠᠷ ᠤᠷᠤᠨ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠬᠦᠷᠲᠡᠵᠤ ᠬᠠᠮᠳᠤ ᠪᠠᠷ ᠬᠦᠭᠵᠢᠬᠦ ᠲᠠᠯᠳᠠ ᠬᠦᠴᠦᠨ ᠪᠠ ᠤᠷᠤᠨ ᠵᠠᠢ ᠮᠠᠰᠢ ᠶᠡᠭᠡ ᠪᠠᠶᠢᠨ᠎ᠠ᠂ ᠡᠯ᠎ᠡ ᠲᠤᠮᠤ ᠠᠵᠤ ᠠᠬᠤᠶᠢᠯᠠᠯ ᠪᠡᠯᠡ ᠤᠷᠤᠭᠤᠯᠤᠯᠲᠠ  ᠪᠠᠨ ᠦᠷᠬᠦᠯᠵᠢᠯᠡᠨ ᠨᠡᠮᠡᠭᠳᠡᠬᠦᠯᠵᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ ᠬᠤᠶᠠᠷ ᠲᠠᠯ᠎ᠠ ᠪᠠᠷ ᠢᠶᠠᠨ ᠬᠠᠮᠳᠤᠷᠠᠯᠴᠠᠨ ᠬᠠᠮᠲᠤᠪᠡᠷ ᠢᠯᠠᠬᠤ ᠶᠢ ᠪᠡᠶᠡᠯᠡᠬᠦᠯᠬᠦ ᠶᠢ ᠬᠦᠰᠡᠵᠤ ᠪᠠᠶᠢᠨ᠎ᠠ᠃
     ᠵᠦᠩ ᠮᠸᠢ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠯᠢ ᠶᠠᠨ ᠵᠢᠶᠠᠩ ᠢᠯᠡᠷᠬᠡᠶᠢᠯᠡᠬᠦ ᠳᠤ ᠪᠠᠨ ᠵᠦᠩ ᠮᠸᠢ ᠪᠦᠯᠦᠭᠯᠡᠯ ᠦᠤᠰᠢᠨ ᠬᠤᠰᠢᠭᠤ ᠲᠠᠢ ᠬᠠᠮᠳᠤᠷᠠᠯᠴᠠᠬᠤ ᠪᠠᠨ ᠲᠡᠭᠡᠲᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠤ ᠨᠡᠶᠢᠯᠡᠮᠡᠯ ᠬᠡᠢ ᠪᠠᠷ ᠵᠢᠯ ᠤᠨ ᠭᠠᠷᠤᠯᠲᠠ ᠨᠢ 100 ᠲᠦᠮᠡᠨ ᠲᠤᠨ ᠮᠧᠲ᠋ᠢᠯ ᠠᠯᠺᠤᠤᠯ ᠦᠢᠯᠡᠳᠬᠦ ᠮᠡᠷᠭᠡᠵᠢᠯ  ᠢ ᠬᠤᠪᠢᠷᠠᠭᠤᠯᠤᠭᠰᠠᠨ ᠲᠦᠷᠦᠯ ᠵᠦᠢᠯ᠂ ᠵᠦᠩ ᠮᠸᠢ ᠮᠧᠩ ᠳ᠋ᠠ ᠶᠢᠨ ᠰᠢᠨ᠎ᠡ ᠡᠨᠧᠷᠬᠢ ᠶᠢᠨ ᠺᠤᠮᠫᠠᠨᠢ ᠶᠢᠨ ᠲᠠᠮᠦᠷ ᠵᠠᠮ ᠤᠨ ᠲᠤᠰᠬᠠᠢ ᠱᠤᠭᠤᠮ ᠤᠨ ᠲᠦᠷᠦᠯ ᠵᠦᠢᠯ ᠢ ᠨᠠᠮᠤᠷ ᠡᠬᠢᠯᠡᠬᠦᠯᠦᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ ᠬᠡᠪᠡ᠃      ᠶᠠᠨᠵᠸᠤ ᠶᠢᠨ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠯᠢ ᠰᠢ ᠶᠦᠩ ᠢᠯᠡᠷᠬᠡᠶᠢᠯᠡᠬᠦ ᠳᠤ ᠪᠠᠨ ᠵᠦᠸᠧ ᠵᠧᠩ 120 ᠲᠦᠮᠡᠨ ᠲᠤᠨ ᠨᠡᠭᠦᠷᠡᠰᠦ ᠪᠠᠷ ᠮᠧᠲ᠋ᠢᠯ ᠠᠯᠺᠤᠤᠯ ᠦᠢᠯᠡᠳᠬᠦ ᠲᠦᠷᠦᠯ ᠵᠦᠢᠯ ᠢ ᠲᠠᠬᠢᠨ ᠡᠬᠢᠯᠡᠬᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠶᠢᠨ ᠬᠠᠮᠲᠤ ᠦᠤᠰᠢᠨ ᠬᠤᠰᠢᠭᠤᠨ ᠳᠤ ᠮᠢᠩᠭᠠᠨ ᠲᠦᠮᠡᠨ ᠺᠢᠯᠤᠸᠠᠲ ᠬᠡᠲᠦ ᠬᠢᠵᠠᠭᠠᠷ ᠲᠠᠷᠤᠯᠲᠠᠲᠤ ᠴᠠᠬᠢᠯᠭᠠᠨ ᠭᠠᠷᠭᠠᠬᠤ ᠲᠦᠷᠦᠯ ᠵᠦᠢᠯ ᠪᠠ ᠠᠭᠤᠷᠬᠠᠢ ᠶᠢᠨ ᠤᠷᠤᠨ ᠤ ᠠᠮᠢ ᠠᠬᠤᠢ ᠶᠢᠨ ᠨᠤᠭᠤ ᠭᠠᠵᠠᠷ ᠤᠨ ᠴᠡᠴᠡᠷᠯᠢᠭ ᠤᠨ ᠲᠦᠷᠦᠯ ᠵᠦᠢᠯ ᠢ ᠲᠦᠯᠦᠪᠵᠢᠬᠦᠯᠦᠨ ᠪᠦᠲᠦᠭᠡᠨ ᠪᠠᠶᠢᠭᠤᠯᠤᠨ᠎ᠠ ᠬᠡᠪᠡ᠃      ᠱᠠᠨᠳᠦ᠋ᠩ ᠤᠨ ᠡᠨᠧᠷᠬᠢ ᠶᠢᠨ ᠰᠤᠷᠪᠤᠯᠵᠢ ᠶᠢᠨ ᠽᠢ ᠪᠦᠸᠧ ᠤᠨ ᠠᠭᠤᠷᠬᠠᠢ ᠶᠢᠨ ᠦᠢᠯᠡᠰ ᠤᠨ ᠪᠦᠯᠦᠭᠯᠡᠯ  ᠤᠨ ᠬᠡᠷᠡᠭ ᠮᠡᠳᠡᠭᠴᠢᠳ ᠤᠨ ᠲᠠᠷᠤᠭ᠎ᠠ ᠵᠤ᠋ ᠯᠢ ᠰᠢᠨ ᠢᠯᠡᠷᠬᠡᠶᠢᠯᠡᠬᠦ ᠳᠤ ᠪᠠᠨ ᠤᠳᠤᠬᠠᠨ ᠤ ᠪᠠᠶᠢᠭ᠎ᠠ ᠨᠡᠭᠦᠷᠡᠰᠦᠨ ᠤ ᠲᠤᠬᠢᠷᠠᠭᠤᠯᠤᠭᠰᠠᠨ ᠡᠬᠢ ᠪᠠᠶᠠᠯᠢᠭ ᠲᠤ ᠪᠠᠨ ᠲᠦᠰᠢᠭᠯᠡᠵᠤ ᠨᠡᠭᠦᠷᠡᠰᠦᠨ ᠬᠦᠢᠯᠭᠡᠭᠡᠨ ᠤ ᠲᠦᠪᠯᠡᠷᠡᠬᠦᠯᠦᠨ ᠲᠡᠭᠡᠭᠡᠪᠦᠷᠢᠯᠡᠬᠦ ᠦᠷᠳᠡᠭᠡ ᠪᠠ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠡᠪᠴᠢᠶᠡᠵᠢᠯ ᠢᠶᠠᠨ ᠦᠷᠭᠡᠳᠬᠡᠵᠤ ᠤᠷᠤᠨ ᠨᠤᠲᠤᠭ ᠲᠠᠢ ᠬᠠᠮᠲᠤᠪᠡᠷ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠲᠡ  ᠶᠢ ᠠᠬᠢᠭᠤᠯᠤᠨ᠎ᠠ ᠬᠡᠪᠡ᠃
      ᠰᠠᠭᠤᠳᠠᠯ ᠤᠨ ᠬᠤᠷᠠᠯ ᠳᠤ ᠡᠷᠳᠠᠨᠢᠪᠢᠯᠢᠭ᠌ ᠢᠯᠡᠷᠬᠡᠶᠢᠯᠡᠬᠦ ᠳᠡᠭᠡᠨ ᠬᠤᠰᠢᠭᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠠᠴᠠ ᠡᠯ᠎ᠡ ᠠᠵᠣ ᠠᠬᠤᠶᠢᠯᠡᠯ ᠢ ᠦᠩᠬᠡᠷᠡᠭᠰᠡᠨ ᠲᠠᠢ ᠪᠠᠨ ᠨᠢᠬᠡᠨ ᠠᠳᠠᠯᠢ ᠪᠠᠷ ᠳᠡᠮᠵᠢᠵᠣ ᠠᠵᠣ ᠠᠬᠤᠶᠢᠯᠡᠯ ᠳᠤ ᠰᠢᠯᠢᠳᠡᠭ ᠣᠶᠢᠯᠡᠴᠢᠯᠡᠭᠡ ᠦᠨᠳᠣᠷ ᠪᠦᠳᠣᠮᠵᠢᠳᠣ ᠣᠶᠢᠯᠡᠴᠢᠯᠡᠭᠡ ᠶᠢ ᠬᠠᠩᠭᠠᠨ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠢ ᠪᠣᠢ ᠪᠣᠯᠭᠠᠨ᠎ᠠ᠃ ᠡᠯ᠎ᠡ ᠠᠵᠣ ᠠᠬᠤᠶᠢᠯᠡᠯ ᠤᠨ ᠬᠢᠨ ᠨᠡᠶᠢᠬᠡᠮ ᠤᠨ ᠬᠠᠷᠢᠭᠤᠴᠠᠯᠭ᠎ᠠ ᠪᠠᠨ ᠢᠳᠡᠪᠬᠢᠳᠡᠢ ᠰᠠᠶᠢᠨ ᠪᠠᠶᠠᠯᠡᠬᠦᠯᠵᠣ ᠶᠠᠳᠠᠭᠤ ᠠᠴᠠ ᠠᠩᠬᠢᠵᠢᠷᠠᠭᠤᠯᠣᠨ ᠪᠣᠭᠤᠮᠳᠠ ᠰᠢᠪᠳᠣᠯᠬᠤ᠂ ᠰᠣᠷᠭᠠᠨ ᠬᠦᠮᠦᠵᠢᠯ ᠡᠮ ᠡᠮᠨᠡᠯᠬᠡ᠂ ᠪᠣᠯᠪᠠᠰᠣᠨ ᠬᠤᠳᠠ ᠶᠢ ᠡᠬᠦᠳᠣᠨ ᠪᠠᠶᠢᠭᠤᠯᠬᠤ ᠵᠡᠷᠬᠡ ᠳᠠᠯ᠎ᠠ ᠪᠠᠷ ᠣᠷᠣᠨ ᠨᠣᠳᠤᠭ ᠤᠨ ᠵᠠᠰᠠᠭ ᠤᠨ ᠣᠷᠳᠣᠨ ᠳᠤ ᠨᠡᠩ ᠢᠯᠡᠬᠦᠣ ᠬᠠᠪᠰᠣᠷᠣᠮᠵᠢ ᠳᠠᠮᠵᠢᠯᠬᠡ ᠦᠵᠡᠬᠦᠯᠬᠦ ᠶᠢᠨ ᠬᠠᠮᠳᠣ ᠡᠯ᠎ᠡ ᠳᠣᠮᠣ ᠠᠵᠣ ᠠᠬᠤᠶᠢᠯᠡᠯ ᠭᠠᠯᠠᠭᠤᠳᠣ ᠪᠠᠯᠭᠠᠰᠣᠨ ᠤ ᠳᠣᠭᠤᠷᠢᠭ ᠲᠤ ᠠᠵᠣ ᠠᠬᠤᠶᠢᠯᠡᠯ ᠤᠨ ᠬᠤᠪᠢᠶᠠᠷᠢ ᠪᠠᠶᠢᠭᠤᠯᠣᠮᠵᠢ ᠪᠣᠶᠣ ᠠᠵᠣ ᠠᠬᠤᠶᠢᠯᠡᠯ ᠤᠨ ᠠᠮᠢᠳᠣᠷᠠᠯ ᠤᠨ ᠶᠡᠷᠦᠩᠬᠡᠢ ᠬᠡᠯᠳᠡᠰ ᠤᠨ ᠰᠠᠭᠤᠷᠢᠨ ᠭᠠᠵᠠᠷ ᠢᠶᠠᠨ ᠳᠣᠬᠢᠷᠠᠭᠤᠯᠣᠨ ᠪᠠᠶᠢᠭᠤᠯᠬᠤ ᠶᠢ ᠬᠦᠰᠡᠵᠤ ᠪᠠᠶᠢᠨ᠎ᠠ ᠭᠡᠪᠡ᠃ ᠡᠷᠳᠠᠨᠢᠪᠢᠯᠢᠭ᠌ ᠱᠠᠭᠠᠷᠳᠠᠬᠤ ᠳᠠᠭᠠᠨ ᠡᠯ᠎ᠡ ᠰᠠᠭᠤᠷᠢᠰᠢᠭ᠎ᠠ ᠠᠵᠣ ᠠᠬᠤᠶᠢᠯᠡᠯ ᠨᠢ ᠠᠶᠣᠯᠬᠦᠢ ᠣᠶᠢᠯᠡᠳᠪᠣᠷᠢᠯᠡᠯ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠬᠡ ᠠᠵᠢᠯ ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠣ ᠪᠡᠯᠡ ᠣᠷᠣᠭᠤᠯᠣᠯᠳᠠ ᠪᠠᠨ ᠨᠡᠮᠡᠭᠳᠡᠬᠦᠯᠦᠨ ᠣᠷᠴᠢᠨ ᠳᠣᠭᠤᠷᠢᠨ  ᠤ ᠬᠠᠮᠠᠭᠠᠯᠠᠯᠳᠠ ᠶᠢᠨ ᠳᠣᠨᠤᠭ ᠲᠦᠬᠦᠬᠡᠷᠣᠮᠵᠢ ᠶᠢᠨ ᠪᠠᠶᠢᠭᠤᠯᠣᠯᠳᠠ ᠶᠢᠨ ᠠᠬᠢᠴᠠ ᠶᠢ ᠲᠦᠷᠬᠡᠳᠬᠡᠵᠣ ᠠᠰᠠᠭᠤᠳᠠᠯ ᠡᠬᠦᠰᠬᠦ ᠦᠬᠡᠢ ᠪᠠᠶᠢᠬᠤ ᠶᠢ ᠪᠠᠳᠣᠯᠠᠬᠤ ᠬᠡᠷᠡᠭᠳᠡᠢ ᠬᠡᠪᠠ᠃      ᠡᠷᠳᠡᠨᠢᠪᠢᠯᠢᠭ ᠪᠠᠰᠠ ᠱᠠᠨᠳᠦ᠋ᠩ ᠤᠨ ᠴᠢᠩ ᠶᠤᠸᠠᠨ ᠪᠦᠯᠦᠭᠯᠡᠯ᠂ ᠽᠢ ᠪᠦᠸᠧ ᠤᠨ ᠡᠬᠡ ᠬᠠᠭᠤᠷᠠᠢ ᠶᠢᠨ ᠪᠠᠯ ᠴᠢᠯᠠᠭᠤᠨ ᠤ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠲᠠᠢ ᠲᠦᠷᠦᠯ ᠵᠦᠢᠯ ᠢ ᠤᠷᠤᠭᠤᠯᠬᠤ ᠲᠤᠬᠠᠢ ᠤᠴᠢᠷ ᠢ ᠶᠠᠷᠢᠯᠴᠠᠪᠠ᠃ ᠡᠷᠳᠡᠨᠢᠪᠢᠯᠢᠭ ᠮᠠᠨ ᠤ ᠬᠤᠰᠢᠭᠤᠨ ᠤ ᠬᠠᠮᠢᠶ᠎ᠠ ᠪᠦᠬᠦᠢ ᠠᠵᠤ ᠦᠢᠯᠡᠰ ᠢ ᠬᠦᠭᠵᠢᠬᠦᠯᠬᠦ ᠰᠠᠭᠤᠷᠢ ᠨᠦᠬᠦᠴᠡᠯ ᠪᠠ ᠲᠠᠪᠠᠭᠤᠯᠢᠭ ᠲᠠᠯ᠎ᠠ ᠶᠢ ᠨᠠᠷᠢᠨ ᠲᠠᠨᠢᠯᠴᠠᠭᠤᠯᠵᠤ ᠡᠯ᠎ᠡ ᠠᠵᠤ ᠠᠬᠤᠶᠢᠯᠠᠯ ᠤᠨ ᠦᠤᠰᠢᠨ ᠬᠤᠰᠢᠭᠤᠨ ᠳᠤ ᠪᠡᠯᠡ ᠤᠷᠤᠭᠤᠯᠤᠨ ᠦᠢᠯᠡᠰ ᠢᠶᠠᠨ ᠮᠠᠨᠳᠤᠭᠤᠯᠬᠤ ᠬᠠᠮᠲᠤᠪᠡᠷ ᠬᠦᠭᠵᠢᠬᠦ  ᠶᠢ ᠪᠠᠶᠠᠷᠯᠠᠨ ᠤᠭᠳᠤᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠠᠯᠪᠠᠨ ᠭᠡᠷ ᠤᠨ ᠡᠷᠬᠢᠯᠡᠭᠴᠢ ᠵᠤᠦ ᠶᠦᠩ ᠹᠧᠩ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠼᠤᠤ ᠶᠢᠨ ᠱᠠᠨ᠂ ᠨᠠᠷᠢᠠᠭᠤᠤᠯ ᠠᠵᠤ ᠦᠢᠯᠡᠳᠪᠦᠷᠢ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠵᠦᠩ ᠬᠤᠩ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠪᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号