ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠪᠡᠬᠡᠵᠢᠩ ᠳᠠᠬᠢ ᠳᠦᠷᠦᠬᠦᠴᠦᠳ ᠤᠨ ᠬᠤᠷᠠᠯ ᠤᠨ ᠲᠤᠭᠤᠷᠢᠭ ᠰᠢᠷᠠᠬᠡᠨ ᠤ ᠬᠤᠷᠠᠯ ᠬᠤᠷᠠᠯᠳᠤᠪᠡ ᠰᠢ ᠶᠢᠨ ᠫᠢᠩ ᠡᠷᠬᠢᠯᠡᠵᠥ ᠪᠡᠬᠡᠵᠢᠩ ᠤᠨ ᠳᠤᠩᠬᠠᠭ ᠪᠤᠯᠤᠨ ᠪᠡᠬᠡᠵᠢᠩ ᠤᠨ ᠠᠵᠢᠯᠯᠠᠭᠠᠨ ᠤ ᠳᠦᠯᠦᠪᠯᠡᠭᠡ ᠶᠢ ᠪᠠᠳᠤᠯᠠᠪᠠ
ᠨᠡᠶᠢᠲᠡᠯᠡᠭᠰᠡᠨ ᠴᠠᠭ᠄
2018-09-06
     9 ᠰᠠᠷ᠎ᠠ ᠶᠢᠨ 4 ᠤ ᠡᠳᠤᠷ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠪᠡᠬᠡᠵᠢᠩ ᠳᠠᠬᠢ ᠳᠦᠷᠦᠬᠦᠴᠦᠳ ᠤᠨ ᠬᠤᠷᠠᠯ ᠤᠨ ᠲᠤᠭᠤᠷᠢᠭ ᠰᠢᠷᠠᠬᠡᠨ ᠤ ᠬᠤᠷᠠᠯ ᠠᠷᠠᠳ ᠤᠨ ᠶᠡᠭᠡ ᠬᠤᠷᠠᠯ ᠤᠨ ᠳᠠᠩᠬᠢᠮ ᠳᠤ ᠬᠤᠷᠠᠯᠳᠤᠪᠠ᠃ ᠤᠯᠤᠰ ᠤᠨ ᠳᠡᠷᠢᠬᠦᠯᠡᠭᠴᠢ ᠰᠢ ᠶᠢᠨ ᠫᠢᠩ ᠨᠢᠭᠡᠳᠦᠭᠡᠷ ᠱᠠᠳᠤᠨ ᠤ ᠬᠤᠷᠠᠯ ᠢ ᠡᠷᠬᠢᠯᠡᠪᠡ᠃                                                                   ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠬᠦᠳᠡᠷᠯᠡᠪᠡ
          9 ᠰᠠᠷ᠎ᠠ ᠶᠢᠨ 4 ᠤ ᠡᠳᠤᠷ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠪᠡᠬᠡᠵᠢᠩ ᠳᠠᠬᠢ ᠳᠦᠷᠦᠬᠦᠴᠦᠳ ᠤᠨ ᠬᠤᠷᠠᠯ ᠤᠨ ᠲᠤᠭᠤᠷᠢᠭ ᠰᠢᠷᠠᠬᠡᠨ ᠤ ᠬᠤᠷᠠᠯ ᠠᠷᠠᠳ ᠤᠨ ᠶᠡᠭᠡ ᠬᠤᠷᠠᠯ ᠤᠨ ᠳᠠᠩᠬᠢᠮ ᠳᠤ ᠬᠤᠷᠠᠯᠳᠤᠪᠠ᠃ ᠤᠯᠤᠰ ᠤᠨ ᠳᠡᠷᠢᠬᠦᠯᠡᠭᠴᠢ ᠰᠢ ᠶᠢᠨ ᠫᠢᠩ ᠪᠤᠯᠤᠨ ᠶᠠᠷᠢᠶᠠᠨ ᠤ ᠳᠠᠪᠴᠠᠩ ᠤᠨ ᠬᠠᠮᠳᠤ ᠶᠢᠨ ᠳᠡᠷᠢᠬᠦᠯᠡᠭᠴᠢ ᠤᠯᠤᠰ ᠡᠮᠤᠨᠡᠳᠤ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠳᠤᠰ ᠳᠤᠰ ᠨᠢᠬᠡᠳᠦᠬᠡᠷ ᠱᠠᠳᠤ ᠪᠤᠯᠤᠨ ᠬᠤᠶᠠᠳᠤᠭᠠᠷ ᠱᠠᠳᠤᠨ ᠤ ᠬᠤᠷᠠᠯ ᠢ ᠡᠷᠬᠢᠯᠡᠪᠡ᠃                    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠲᠣᠤ ᠰᠡᠭᠦᠳᠡᠷᠯᠡᠪᠡ      ᠰᠢᠨᠬᠤᠸᠠ ᠬᠤᠷᠢᠶᠠᠨ ᠤ ᠪᠡᠬᠡᠵᠢᠩ ᠤᠨ 9 ᠰᠠᠷ᠎ᠠ ᠶᠢᠨ 4 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠸᠠᠩ ᠵᠦᠸᠧ ᠯᠦᠨ ᠯᠢᠦ ᠢᠥᠢ ᠵᠢᠶᠠ︶ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠪᠡᠬᠡᠵᠢᠩ ᠳᠠᠬᠢ ᠳᠦᠷᠦᠬᠦᠴᠦᠳ ᠤᠨ ᠬᠤᠷᠠᠯ ᠤᠨ ᠲᠤᠭᠤᠷᠢᠭ ᠰᠢᠷᠠᠬᠡᠨ ᠤ ᠬᠤᠷᠠᠯ 4 ᠤ ᠡᠳᠤᠷ ᠠᠷᠠᠳ ᠤᠨ ᠶᠡᠭᠡ ᠬᠤᠷᠠᠯ ᠤᠨ ᠳᠠᠩᠬᠢᠮ ᠳᠤ ᠬᠤᠷᠠᠯᠳᠤᠪᠠ᠃ ᠤᠯᠤᠰ ᠤᠨ ᠳᠡᠷᠢᠬᠦᠯᠡᠭᠴᠢ ᠰᠢ ᠶᠢᠨ ᠫᠢᠩ ᠪᠤᠯᠤᠨ ᠶᠠᠷᠢᠶᠠᠨ ᠤ ᠳᠠᠪᠴᠠᠩ ᠤᠨ ᠬᠠᠮᠳᠤ ᠶᠢᠨ ᠳᠡᠷᠢᠬᠦᠯᠡᠭᠴᠢ ᠤᠯᠤᠰ ᠡᠮᠤᠨᠡᠳᠤ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠳᠤᠰ ᠳᠤᠰ ᠨᠢᠬᠡᠳᠦᠬᠡᠷ ᠱᠠᠳᠤ ᠪᠤᠯᠤᠨ ᠬᠤᠶᠠᠳᠤᠭᠠᠷ ᠱᠠᠳᠤᠨ ᠤ ᠬᠤᠷᠠᠯ ᠢ ᠡᠷᠬᠢᠯᠡᠪᠡ᠃ ᠬᠤᠷᠠᠯ ᠠᠴᠠ ︽ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠳᠤᠬᠠᠢ ᠪᠡᠬᠡᠵᠢᠩ ᠤᠨ ᠳᠤᠩᠬᠠᠭ︾ ᠪᠤᠯᠤᠨ ︽ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ — ᠪᠡᠬᠡᠵᠢᠩ ᠤᠨ ᠠᠵᠢᠯᠯᠠᠭᠠᠨ ᠤ ᠳᠦᠯᠦᠪᠯᠡᠭᠡ ︵2019 — 2021 ᠤᠨ︶︾ ᠶᠢ ᠪᠠᠳᠤᠯᠠᠪᠠ᠃      ᠦᠳᠡ ᠶᠢᠨ ᠡᠮᠤᠨᠡᠬᠢ 10 ᠴᠠᠬ ᠤᠨ ᠦᠶ᠎ᠡ ᠪᠠᠷ᠂ ᠰᠢ ᠶᠢᠨ ᠫᠢᠩ ᠶᠠᠷᠢᠶᠠᠨ ᠤ ᠳᠠᠪᠴᠠᠩ ᠤᠨ ᠬᠠᠮᠳᠤ ᠶᠢᠨ ᠳᠡᠷᠢᠬᠦᠯᠡᠭᠴᠢ ᠤᠯᠤᠰ ᠡᠮᠤᠨᠡᠳᠤ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠵᠢᠴᠢ ᠶᠠᠷᠢᠶᠠᠨ ᠤ ᠳᠠᠪᠴᠠᠩ ᠤᠨ ᠠᠹᠷᠢᠺᠠ ᠳᠢᠪ ᠤᠨ 53 ᠪᠦᠷᠢᠯᠳᠦᠬᠦᠨ ᠤ ᠳᠦᠯᠦᠬᠡᠯᠡᠭᠴᠢᠳ ᠤᠨ ᠪᠦᠯᠬᠦᠮ ᠤᠨ ᠳᠠᠷᠤᠭ᠎ᠠ ᠲᠠᠢ ᠬᠠᠮᠳᠤ ᠬᠤᠷᠠᠯ ᠤᠨ ᠳᠠᠯᠠᠪᠠᠢ ᠳᠤ ᠠᠯᠬᠤᠨ ᠤᠷᠤᠪᠠ᠃ ᠰᠢ ᠶᠢᠨ ᠫᠢᠩ ᠬᠤᠷᠠᠯ ᠡᠬᠢᠯᠡᠭᠰᠡᠨ ᠢ ᠵᠠᠷᠯᠠᠪᠠ᠃      ᠬᠤᠷᠠᠯ ᠳᠤ ᠤᠷᠤᠯᠴᠠᠬᠰᠠᠨ ᠡᠯ᠎ᠡ ᠳᠠᠯ᠎ᠠ ᠶᠢᠨ ᠬᠢᠨ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢ ᠠᠬᠢᠭᠤᠯᠬᠤ᠂ ᠡᠯ᠎ᠡ ᠬᠦᠷᠢᠶᠡᠨ ᠳᠠᠬᠢ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ᠂ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ᠂ ︽ᠨᠢᠬᠡ ᠪᠦᠰᠡ ᠨᠢᠬᠡ ᠵᠠᠮ︾ ᠢ ᠬᠠᠮᠳᠤ ᠪᠠᠷ ᠪᠦᠳᠦᠬᠡᠨ ᠪᠠᠶᠢᠭᠤᠯᠬᠤ ᠵᠢᠴᠢ ᠬᠠᠮᠳᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠤᠷᠤᠨ ᠤ ᠠᠰᠠᠭᠤᠳᠠᠯ ᠤᠨ ᠳᠤᠬᠠᠢ ᠦᠵᠡᠯᠳᠡ ᠪᠠᠨ ᠶᠠᠷᠢᠪᠠ᠃      ᠰᠢ ᠶᠢᠨ ᠫᠢᠩ᠂ ᠬᠤᠶᠠᠷ ᠡᠳᠤᠷ ᠤᠨ ᠳᠤᠷᠰᠢ ᠪᠡᠬᠡᠵᠢᠩ ᠳᠠᠬᠢ ᠳᠦᠷᠦᠬᠦᠴᠦᠳ ᠤᠨ ᠬᠤᠷᠠᠯ ︽ᠬᠠᠮᠳᠤᠷᠠᠯᠴᠠᠵᠥ ᠬᠠᠮᠳᠤ ᠪᠠᠷ ᠠᠰᠢᠬ ᠬᠦᠷᠳᠡᠵᠥ᠂ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠭᠠᠷ ᠬᠤᠯᠪᠤᠯᠴᠠᠨ ᠪᠠᠶᠢᠭᠤᠯᠬᠤ︾ ᠡᠨᠡ ᠬᠦ ᠭᠤᠤᠯ ᠰᠡᠳᠦᠪ ᠤᠨ ᠳᠤᠭᠤᠷᠢᠨ ᠳᠤ ᠬᠠᠮᠳᠤᠷᠠᠯᠴᠠᠭᠠᠨ ᠤ ᠬᠠᠮᠳᠤ ᠶᠢᠨ ᠳᠠᠨᠢᠯᠳᠠ ᠪᠠᠨ ᠨᠢᠬᠳᠠᠷᠠᠭᠤᠯᠵᠥ᠂ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠭᠤᠯᠵᠥ᠂ ᠳᠤᠮᠳᠠᠳᠤ ᠠᠹᠷᠢᠺᠠ ᠬᠠᠮᠳᠤᠷᠠᠯᠴᠠᠵᠥ ᠬᠠᠮᠳᠤ ᠪᠠᠷ ᠠᠰᠢᠬ ᠬᠦᠷᠳᠡᠬᠦ᠂ ᠬᠠᠮᠳᠤ ᠪᠠᠷ ᠬᠦᠭᠵᠢᠬᠦ ᠭᠤᠤᠯ ᠬᠦᠭ ᠠᠶᠢᠵᠠᠮ ᠢ ᠳᠠᠬᠢᠨᠳᠠ ᠴᠢᠪᠬᠠᠳᠠᠪᠠ ᠬᠡᠵᠥ ᠴᠢᠬᠤᠯᠠᠴᠢᠯᠠᠪᠠ᠃      ᠰᠢ ᠶᠢᠨ ᠫᠢᠩ᠂ ᠶᠡᠷᠢᠶᠠᠨ ᠤ ᠳᠠᠪᠴᠠᠩ ᠤᠨ ᠪᠡᠬᠡᠵᠢᠩ ᠤᠨ ᠳᠦᠷᠦᠬᠦᠴᠤᠳ ᠤᠨ ᠬᠤᠷᠠᠯ ᠠᠴᠠ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠪᠠᠶᠢᠭᠤᠯᠤᠬᠳᠠᠭᠰᠠᠨ 18 ᠵᠢᠯ ᠤᠨ ᠳᠤᠷᠰᠢᠬᠢ᠂ ᠤᠨᠴᠠᠭᠠᠶᠢᠢᠯᠠᠨ 2015 ᠤᠨ ᠤ ᠶᠤᠬᠠᠨᠨᠧᠰᠪᠦ᠋ᠷᠡᠭ ᠲᠠᠬᠢ ᠳᠦᠷᠤᠬᠦᠴᠤᠳ ᠤᠨ ᠬᠤᠷᠠᠯ ᠠᠴᠠ ᠨᠠᠰᠢᠬᠢ ᠳᠤᠮᠳᠠᠳᠤ ᠠᠹᠷᠢᠺᠠ ᠶᠢᠨ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠳᠦᠷᠬᠡᠨ ᠬᠦᠭᠵᠢᠯᠳᠡ ᠶᠢ ᠬᠠᠮᠳᠤ ᠪᠠᠷ ᠡᠷᠬᠢᠴᠡᠬᠦᠯᠵᠥ᠂ ᠳᠤᠮᠳᠠᠳᠤ ᠠᠹᠷᠢᠺᠠ ᠶᠢᠨ ︽ᠠᠷᠪᠠᠨ ᠶᠡᠭᠡ ᠬᠠᠮᠳᠤᠷᠠᠯᠴᠠᠭᠠᠨ ᠤ ᠳᠦᠯᠦᠪᠯᠡᠭᠡ︾ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠬᠰᠠᠨ ᠪᠠᠶᠢᠳᠠᠯ ᠢ ᠬᠢᠨᠠᠨ ᠵᠦᠪᠯᠡᠵᠥ᠂ ᠡᠬᠦᠨ ᠤ ᠳᠤᠬᠠᠢ ᠰᠡᠳᠬᠢᠯ ᠬᠠᠨᠤᠮᠵᠢᠳᠠᠢ ᠪᠠᠶᠢᠨ᠎ᠠ᠃ ᠪᠢᠳᠡ ᠬᠠᠷᠢᠭᠤᠴᠠᠯᠭ᠎ᠠ ᠶᠢ ᠬᠠᠮᠳᠤ ᠪᠠᠷ ᠡᠬᠦᠷᠬᠡᠯᠡᠬᠦ᠂ ᠬᠠᠮᠳᠤᠷᠠᠯᠴᠠᠵᠥ ᠬᠠᠮᠳᠤ ᠪᠠᠷ ᠠᠰᠢᠬ ᠬᠦᠷᠳᠡᠬᠦ᠂ ᠵᠤᠯ ᠵᠢᠷᠭᠠᠯ ᠢ ᠬᠠᠮᠳᠤ ᠪᠠᠷ ᠡᠳ᠋ᠯᠡᠬᠦ᠂ ᠰᠤᠶᠤᠯ ᠢ ᠬᠠᠮᠳᠤ ᠪᠠᠷ ᠴᠡᠴᠡᠭᠯᠡᠬᠦᠯᠬᠦ᠂ ᠠᠮᠤᠷ ᠳᠦᠪᠰᠢᠨ ᠢ ᠬᠠᠮᠳᠤ ᠪᠠᠷ ᠴᠤᠬᠴᠠᠯᠠᠬᠤ᠂ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠭᠠᠷ ᠬᠤᠯᠪᠤᠯᠴᠠᠨ ᠪᠠᠶᠢᠭᠤᠯᠵᠥ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠤᠯᠤᠰ ᠳᠦᠷᠦ ᠶᠢᠨ ᠰᠠᠭᠤᠷᠢ ᠶᠢ ᠪᠠᠬᠢᠵᠢᠬᠦᠯᠵᠥ᠂ ᠳᠤᠮᠳᠠᠳᠤ ᠠᠹᠷᠢᠺᠠ ᠶᠢᠨ ᠠᠷᠠᠳ ᠳᠦᠮᠡᠨ ᠤ ᠬᠠᠶᠢᠷ᠎ᠠ ᠰᠡᠳᠬᠢᠯᠬᠡ ᠶᠢᠨ ᠬᠤᠯᠪᠤᠭᠠᠰᠤ ᠶᠢ ᠴᠢᠩᠭᠠᠯᠠᠵᠥ᠂ ᠳᠤᠮᠳᠠᠳᠤ ᠠᠹᠷᠢᠺᠠ ᠶᠢᠨ ᠬᠠᠮᠳᠤᠷᠠᠯᠴᠠᠭ᠎ᠠ ᠶᠢᠨ ᠴᠠᠬ ᠦᠶ᠎ᠠ ᠶᠢᠨ ᠠᠭᠤᠯᠤᠬᠳᠠᠬᠤᠨ ᠢ ᠳᠡᠬᠦᠯᠳᠡᠷᠵᠢᠬᠦᠯᠬᠦ ᠪᠠᠷ ᠰᠠᠨᠠᠯ ᠨᠢᠬᠡᠳᠡᠢ ᠳᠤᠬᠳᠠᠪᠠ ᠬᠡᠵᠥ ᠵᠢᠭᠠᠵᠥ ᠭᠠᠷᠭᠠᠵᠠᠢ᠃     ᠰᠢ ᠶᠢᠨ ᠫᠢᠩ᠂ ᠪᠢᠳᠡ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠪᠢᠴᠢᠭ ᠮᠠᠲ᠋ᠧᠷᠢᠶᠠᠯ ᠢ ᠨᠢᠭᠡᠳᠦᠯᠲᠡᠢ ᠪᠠᠲᠤᠯᠠᠵᠤ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠬᠦᠭᠵᠢᠯᠲᠡ ᠳᠤ ᠴᠢᠭᠯᠡᠯ ᠢ ᠵᠢᠭᠠᠵᠤ ᠦᠭᠪᠡ ᠃ ︽ᠨᠡᠩ ᠨᠢᠬᠲᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠲᠤᠬᠠᠢ ᠪᠡᠭᠡᠵᠢᠩ ᠤᠨ ᠲᠤᠩᠬᠠᠭ︾ ᠨᠢ ᠳᠤᠮᠳᠠᠳᠤ ᠠᠹᠷᠢᠺᠠ ᠶᠢᠨ ᠤᠳᠤᠬᠠᠨ ᠤ ᠳᠡᠯᠡᠬᠡᠢ ᠶᠢᠨ ᠴᠢᠬᠤᠯᠠ ᠠᠰᠠᠭᠤᠳᠠᠯ ᠳᠠᠬᠢ ᠬᠠᠮᠲᠤ ᠶᠢᠨ ᠲᠠᠨᠢᠯᠲᠠ ᠶᠢ ᠪᠦᠬᠦ ᠲᠠᠯ᠎ᠠ ᠪᠠᠷ ᠢᠯᠡᠷᠡᠭᠦᠯᠵᠦ᠂ ᠳᠤᠮᠳᠠᠳᠤ ᠠᠹᠷᠢᠺᠠ ᠶᠢᠨ ᠪᠦᠯᠬᠦᠮᠳᠡᠵᠦ ᠨᠦᠬᠦᠷᠯᠡᠬᠦ᠂ ᠠᠵᠠ ᠳᠤᠬᠢᠶᠠᠯ ᠢ ᠬᠠᠮᠲᠤ ᠪᠠᠷ ᠡᠳ᠋ᠯᠡᠬᠦ᠂ ᠦᠷᠢᠰᠦᠯᠳᠦᠭᠡᠨ ᠢ ᠬᠠᠮᠲᠤ ᠪᠠᠷ ᠤᠭᠲᠤᠬᠤ ᠵᠤᠷᠢᠭ ᠢ ᠢᠯᠡᠷᠡᠭᠦᠯᠪᠡ᠃ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ — ᠪᠡᠭᠡᠵᠢᠩ ᠤᠨ ᠠᠵᠢᠯᠯᠠᠭᠠᠨ ᠤ ᠲᠦᠯᠦᠪᠯᠡᠭᠡ ︵2019 — 2021 ᠤᠨ︶︾ ᠨᠢ ᠢᠷᠡᠭᠡᠳᠦᠢ ᠶᠢᠨ 3 ᠵᠢᠯ ᠪᠤᠯᠤᠨ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠲᠦᠯᠦᠪᠵᠢᠭᠦᠯᠵᠦ᠂ ᠳᠤᠮᠳᠠᠳᠤ ᠠᠹᠷᠢᠺᠠ ᠶᠢᠨ ᠭᠠᠷ ᠬᠤᠯᠪᠤᠯᠴᠠᠨ ᠬᠡᠷᠡᠭᠵᠢᠭᠦᠯᠬᠦ ︽ᠨᠠᠶᠢᠮᠠᠨ ᠶᠡᠭᠡ ᠠᠵᠢᠯᠯᠠᠭ᠎ᠠ︾᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠨᠡᠮᠡᠭᠳᠡᠭᠦᠯᠬᠦ ᠶᠢ ᠠᠬᠢᠭᠤᠯᠬᠤ ᠡᠷᠡᠰ ᠴᠢᠩᠭ᠎ᠠ ᠵᠤᠷᠢᠯᠲᠠ ᠶᠢ ᠢᠯᠡᠷᠡᠭᠦᠯᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠬᠦ᠂ ᠬᠠᠮᠲᠤ ᠪᠠᠷ ᠬᠦᠭᠵᠢᠬᠦ ᠰᠢᠨ᠎ᠡ ᠠᠤᠭ᠎ᠠ ᠲᠦᠰᠦᠪ ᠢ ᠵᠢᠷᠤᠭᠯᠠᠪᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠢᠳᠡ ᠬᠠᠮᠲᠤ ᠪᠠᠷ ᠵᠦᠪᠯᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠬᠤ ᠶᠢ ᠨᠢᠭᠡᠳᠦᠯᠲᠡᠢ ᠵᠦᠪᠰᠢᠶᠡᠷᠡᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠳᠤᠮᠳᠠᠳᠤ ᠠᠹᠷᠢᠺᠠ ᠶᠢᠨ ᠪᠦᠯᠬᠦᠮᠳᠡᠵᠦ ᠬᠠᠮᠲᠤᠷᠠᠯᠴᠠᠬᠤ ᠨᠡᠷᠡᠲᠦ ᠲᠡᠮᠲᠡᠭᠲᠦ᠂ ᠤᠯᠠᠨ ᠤᠯᠤᠰ ᠤᠨ ᠠᠹᠷᠢᠺᠠ ᠶᠢᠨ ᠬᠠᠮᠲᠤᠷᠠᠯᠴᠠᠭᠠᠨ ᠳᠠᠬᠢ ᠲᠤᠭ ᠲᠡᠮᠲᠡᠭ ᠪᠤᠯᠭᠠᠨ ᠪᠦᠲᠦᠭᠡᠨ ᠪᠠᠶᠢᠭᠤᠯᠬᠤ ᠪᠤᠯᠤᠨ᠎ᠠ᠃ ᠪᠢᠳᠡ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠᠨ ᠴᠢᠩᠭᠠᠳᠬᠠᠵᠤ᠂ ᠶᠡᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ ᠳᠤᠮᠳᠠᠳᠤ ᠠᠹᠷᠢᠺᠠ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ︽2063 ᠤᠨ ᠤ ᠵᠦᠪᠯᠡᠬᠦ ᠵᠦᠢᠯ︾᠂ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ 2030 ᠤᠨ ᠤ ᠦᠷᠭᠦᠯᠵᠢᠯᠡᠬᠦ ᠬᠦᠭᠵᠢᠯᠲᠡ ᠶᠢᠨ ᠵᠦᠪᠯᠡᠬᠦ ᠵᠦᠢᠯ᠂ ᠠᠹᠷᠢᠺᠠ ᠲᠢᠪ ᠤᠨ ᠡᠯ᠎ᠡ ᠤᠯᠤᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠢᠬᠲᠠ ᠤᠶᠠᠯᠳᠤᠭᠤᠯᠵᠤ᠂ ᠠᠹᠷᠢᠺᠠ ᠲᠢᠪ ᠤᠨ ᠬᠦᠭᠵᠢᠯ ᠮᠠᠨᠳᠤᠯᠲᠠ ᠳᠤ ᠨᠡᠩ ᠤᠯᠠᠨ ᠠᠵᠠ ᠳᠤᠬᠢᠶᠠᠯ ᠪᠤᠯᠤᠨ ᠪᠦᠲᠦᠮᠵᠢᠲᠡᠢ ᠲᠠᠪᠴᠠᠩ ᠬᠠᠨᠭ᠍ᠭᠠᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠳᠤ ᠳᠠᠭᠤᠰᠤᠰᠢ ᠦᠭᠡᠢ ᠬᠦᠳᠡᠯᠭᠡᠬᠦ ᠬᠦᠴᠦᠨ ᠪᠤᠯᠤᠨ ᠨᠡᠩ ᠶᠡᠭᠡ ᠤᠷᠤᠨ ᠵᠠᠢ ᠬᠠᠨᠭ᠍ᠭᠠᠵᠤ ᠦᠭᠬᠦ ᠪᠤᠯᠤᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠲᠦᠷᠦᠭᠦᠴᠦᠳ ᠤᠨ ᠬᠤᠷᠠᠯ ᠨᠢ ᠤᠯᠠᠨ ᠤᠯᠤᠰ ᠤᠨ ᠪᠠᠶᠢᠳᠠᠯ᠂ ᠡᠩᠬᠡ ᠲᠠᠶᠢᠪᠤᠩ ᠠᠮᠤᠷ ᠲᠦᠪᠰᠢᠨ᠂ ᠪᠦᠬᠦ ᠪᠦᠮᠪᠦᠷᠴᠡᠭ ᠤᠨ ᠵᠠᠰᠠᠯᠲᠠ ᠵᠡᠷᠭᠡ ᠴᠢᠬᠤᠯᠠ ᠶᠡᠭᠡ ᠲᠡᠯᠡᠬᠡᠢ ᠶᠢᠨ ᠪᠠ ᠭᠠᠵᠠᠷ ᠤᠷᠤᠨ ᠤ ᠠᠰᠠᠭᠤᠳᠠᠯ ᠤᠨ ᠲᠤᠭᠤᠷᠢᠨ ᠳᠤ ᠦᠵᠡᠯᠲᠡ ᠪᠠᠨ ᠭᠦᠨᠵᠡᠭᠡᠢ ᠰᠤᠯᠢᠯᠴᠠᠪᠠ᠃ ᠪᠢᠳᠡ ᠤᠯᠤᠯᠴᠠᠭ᠎ᠠ ᠪᠤᠯᠤᠨ ᠬᠠᠮᠵᠢᠯᠴᠠᠭ᠎ᠠ ᠪᠠᠨ ᠴᠢᠩᠭᠠᠳᠬᠠᠬᠤ ᠪᠠᠷ ᠵᠤᠷᠢᠭ ᠰᠢᠭᠤᠳᠴᠤ᠂ ᠨᠡᠬᠡᠭᠡᠯᠲᠡᠲᠦ ᠬᠡᠯᠪᠡᠷᠢ ᠶᠢᠨ ᠳᠡᠯᠡᠬᠡᠢ ᠶᠢᠨ ᠠᠵᠤ ᠠᠬᠤᠢ ᠪᠤᠯᠤᠨ ᠤᠯᠠᠨ ᠲᠠᠯᠠᠲᠤ ᠠᠷᠠᠯᠵᠢᠶᠠᠨ ᠤ ᠲᠤᠭᠲᠠᠴᠠ ᠶᠢ ᠡᠷᠡᠰ ᠬᠠᠮᠠᠭᠠᠯᠠᠵᠤ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠢ ᠡᠰᠡᠷᠭᠦᠴᠡᠵᠦ᠂ ᠲᠤᠰ ᠲᠤᠰ ᠤᠨ ᠭᠤᠤᠯᠯᠠᠭᠴᠢ ᠠᠰᠢᠭ ᠲᠤᠰᠠ ᠪᠤᠯᠤᠨ ᠬᠦᠭᠵᠢᠵᠦ ᠪᠠᠶᠢᠭ᠎ᠠ ᠤᠯᠤᠰ ᠤᠳ ᠤᠨ ᠪᠦᠬᠦᠯᠢ ᠴᠤᠭᠴᠠ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ᠂ ᠬᠠᠷᠢᠯᠴᠠᠨ ᠬᠦᠨᠳᠦᠳᠭᠡᠵᠦ᠂ ᠡᠷᠬᠡ ᠲᠡᠭᠰᠢ ᠲᠦᠪ ᠭᠤᠤᠯᠴᠢ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠬᠦ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠡᠭ᠂ ᠰᠢᠨ᠎ᠠ ᠴᠠᠭ ᠦᠶ᠎ᠠ ᠶᠢᠨ ᠲᠤᠮᠳᠠᠳᠤ ᠠᠹᠷᠢᠺᠠ ᠶᠢᠨ ᠬᠠᠷᠢᠯᠴᠠᠭ᠎ᠠ ᠶᠠᠭ ᠰᠠᠶᠢᠬᠠᠨ ᠭᠦᠴᠤᠷᠭᠡᠭ ᠶᠡᠭᠡ ᠬᠦᠳᠡᠯᠭᠡᠬᠦ ᠡᠨᠧᠷᠬᠢ ᠶᠢ ᠬᠤᠷᠠᠮᠳᠤᠭᠤᠯᠵᠤ᠂ ᠦᠷᠭᠡᠨ ᠠᠭᠤᠳᠠᠮ ᠰᠠᠶᠢᠨ ᠰᠠᠶᠢᠬᠠᠨ ᠠᠯᠤᠰ ᠢᠷᠡᠭᠡᠳᠦᠢ ᠶᠢ ᠤᠭᠳᠤᠨ ᠠᠪᠴᠢᠷᠠᠪᠠ᠃ ᠲᠤᠮᠳᠠᠳᠤ ᠤᠯᠤᠰ ᠲᠤᠷᠠᠳᠠᠶ᠎ᠠ ᠠᠹᠷᠢᠺᠠ ᠲᠢᠪ ᠯᠦᠭᠡ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠤᠭᠦᠴᠤᠳ ᠤᠨ ᠬᠤᠷᠠᠯ ᠤᠨ ᠲᠤᠷᠤᠨ᠎ᠠ ᠶᠢᠨ ᠰᠠᠯᠬᠢᠨ ᠤ ᠡᠷᠴᠢᠨ ᠲᠡᠭᠡᠷ᠎ᠡ᠂ ᠲᠤᠮᠳᠠᠳᠤ ᠠᠹᠷᠢᠺᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠰᠢᠨ᠎ᠠ ᠲᠡᠭᠳᠡᠷ ᠲᠤ ᠭᠠᠷᠬᠤ ᠶᠢ ᠪᠦᠭᠦ ᠭᠦᠴᠤᠨ ᠢᠶᠠᠷ ᠢᠶᠠᠨ ᠠᠬᠢᠭᠤᠯᠤᠨ᠎ᠠ᠃ ᠪᠢᠳᠠ ᠬᠤᠪᠢᠷᠠᠰᠢ ᠦᠭᠡᠢ ᠴᠢᠩ ᠵᠤᠷᠢᠭ ᠢᠶᠠᠷ ᠲᠤᠮᠳᠠᠳᠤ ᠠᠹᠷᠢᠺᠠ ᠶᠢᠨ ᠤᠯᠠᠮᠵᠢᠯᠠᠯᠳᠤ ᠨᠦᠭᠦᠷᠯᠡᠯ ᠢ ᠵᠠᠯᠭᠠᠮᠵᠢᠯᠠᠵᠤ᠂ ᠲᠤᠮᠳᠠᠳᠤ ᠠᠹᠷᠢᠺᠠ ᠶᠢᠨ ᠨᠦᠭᠦᠷᠯᠡᠯ ᠤᠨ ᠮᠤᠳᠤ ᠶᠢ ᠦᠨᠳᠤᠰᠤ ᠨᠡᠩ ᠭᠦᠨ ᠨᠠᠪᠴᠢ ᠨᠡᠩ ᠰᠠᠬᠤᠯᠢᠭ ᠪᠤᠯᠭᠠᠨ᠎ᠠ︔ ᠬᠤᠪᠢᠷᠠᠰᠢ ᠦᠭᠡᠢ ᠴᠢᠩ ᠵᠤᠷᠢᠭ ᠢᠶᠠᠷ ᠲᠤᠮᠳᠠᠳᠤ ᠠᠹᠷᠢᠺᠠ ᠶᠢᠨ ᠤᠯᠤᠰ ᠲᠦᠷᠤ ᠶᠢᠨ ᠢᠳᠡᠭᠡᠯᠴᠡᠭᠡ ᠪᠠᠨ ᠭᠦᠨᠵᠡᠭᠡᠶᠢᠷᠡᠭᠦᠯᠵᠤ᠂ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠪᠠᠶᠢᠯᠳᠤᠬᠤ ᠪᠤᠳᠤᠯᠭ᠎ᠠ ᠶᠢᠨ ᠰᠠᠭᠤᠷᠢ ᠶᠢ ᠨᠡᠩ ᠪᠠᠬᠢᠵᠢᠬᠦᠯᠤᠨ᠎ᠠ︔ ᠬᠤᠪᠢᠷᠠᠰᠢ ᠦᠭᠡᠢ ᠴᠢᠩ ᠵᠤᠷᠢᠭ ᠢᠶᠠᠷ ᠲᠤᠮᠳᠠᠳᠤ ᠠᠹᠷᠢᠺᠠ ᠶᠢᠨ ᠬᠠᠮᠳᠤ ᠶᠢᠨ ᠭᠦᠭᠵᠢᠯᠳᠠ ᠶᠢ ᠠᠬᠢᠭᠤᠯᠵᠤ᠂ ᠬᠠᠮᠳᠤᠷᠠᠯᠴᠠᠭᠠᠨ ᠤ ᠦᠷ᠎ᠠ ᠪᠦᠳᠤᠭᠡᠯ ᠢ ᠲᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠳᠤᠷ ᠭᠦᠷᠳᠡᠭᠡᠨ᠎ᠡ︔ ᠬᠤᠪᠢᠷᠠᠰᠢ ᠦᠭᠡᠢ ᠴᠢᠩ ᠵᠤᠷᠢᠭ ᠢᠶᠠᠷ ᠲᠤᠮᠳᠠᠳᠤ ᠠᠹᠷᠢᠺᠠ ᠶᠢᠨ ᠪᠦᠯᠭᠦᠮᠳᠠᠯ ᠬᠠᠮᠵᠢᠯᠴᠠᠭ᠎ᠠ ᠶᠢ ᠴᠢᠩᠭᠠᠳᠬᠠᠵᠤ᠂ ᠲᠡᠯᠡᠭᠡᠢ ᠶᠢᠨ ᠡᠩᠭᠡ ᠲᠠᠶᠢᠪᠤᠡᠭ ᠬᠢᠭᠡᠳ ᠭᠦᠭᠵᠢᠯᠳᠠ ᠶᠢᠨ ᠶᠡᠭᠡ ᠤᠷᠤᠰᠬᠠᠯ ᠢ ᠨᠡᠩ ᠴᠢᠩᠭ᠎ᠠ ᠭᠦᠴᠤᠨ ᠲᠠᠢ ᠪᠤᠯᠭᠠᠨ᠎ᠠ ᠭᠡᠵᠤ ᠴᠢᠬᠤᠯᠠᠴᠢᠯᠠᠪᠠ᠃      ᠰᠢ ᠶᠢᠨ ᠫᠢᠡᠭ᠂ ᠲᠤᠮᠳᠠᠳᠤ ᠠᠹᠷᠢᠺᠠ ᠶᠢᠨ ᠬᠠᠮᠳᠤᠷᠠᠯᠴᠠᠭ᠎ᠠ ᠶᠢᠨ ᠦᠷᠨᠢᠩᠭᠦᠢ ᠭᠦᠭᠵᠢᠯᠳᠠ ᠨᠢ ᠠᠹᠷᠢᠺᠠ ᠲᠢᠪ ᠤᠨ ᠭᠦᠭᠵᠢᠯᠳᠠ ᠶᠢᠨ ᠠᠯᠬᠤᠴᠠ ᠶᠢ ᠠᠬᠢᠭᠤᠯᠤᠭᠰᠠᠨ ᠢᠶᠠᠷ ᠦᠯᠤ ᠪᠠᠷᠠᠮ ᠠᠹᠷᠢᠺᠠ ᠲᠢᠪ ᠤᠨ ᠠᠷᠠᠳ ᠲᠦᠮᠡᠨ ᠂ ᠳᠡᠯᠡᠬᠡᠢ ᠨᠡᠶᠢᠭᠡᠮ ᠤᠨ ᠠᠹᠷᠢᠺᠠ ᠲᠢᠪ ᠲᠠᠬᠢ ᠭᠦᠭᠵᠢᠯᠳᠠ ᠶᠢᠨ ᠢᠷᠡᠭᠡᠳᠤᠢ ᠳᠠᠬᠢ ᠢᠳᠡᠭᠡᠯ ᠢ ᠲᠠᠶᠢᠴᠢᠯᠠᠵᠤ᠂ ᠨᠡᠩ ᠤᠯᠠᠨ ᠤᠯᠤᠰ ᠤᠨ ᠬᠠᠮᠳᠤᠷᠠᠯᠴᠠᠭᠠᠨ ᠤ ᠬᠠᠨᠢᠳᠠᠨ ᠤ ᠠᠹᠷᠢᠺᠠ ᠲᠢᠪ ᠢ ᠬᠤᠪᠢ ᠲᠠᠬᠢᠨ ᠴᠢᠬᠤᠯᠠᠴᠢᠯᠠᠵᠤ᠂ ᠠᠹᠷᠢᠺᠠ ᠲᠢᠪ ᠲᠠᠬᠢ ᠪᠡᠯᠡ ᠤᠷᠤᠭᠤᠯᠤᠯᠳᠠ ᠪᠤᠯᠤᠨ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠲᠠᠶᠢᠴᠢᠯᠠᠪᠠ᠃ ᠪᠢᠳᠠ ᠲᠤᠰ ᠤᠳᠠᠭ᠎ᠠ ᠶᠢᠨ ᠲᠦᠷᠤᠭᠦᠴᠤᠳ ᠤᠨ ᠬᠤᠷᠠᠯ ᠢᠶᠠᠷ ᠰᠢᠨ᠎ᠡ ᠭᠠᠷᠤᠭ᠎ᠠ ᠪᠤᠯᠭᠠᠵᠤ᠂ ᠤᠭ ᠰᠠᠨᠠᠭ᠎ᠠ ᠪᠠᠨ ᠦᠯᠤ ᠮᠠᠷᠳᠠᠨ᠂ ᠪᠦᠯᠬᠦᠮᠳᠠᠨ ᠨᠢᠭᠡᠳᠴᠤ᠂ ᠲᠤᠮᠳᠠᠳᠤ ᠠᠹᠷᠢᠺᠠ ᠶᠢᠨ ᠬᠠᠮᠳᠤ ᠪᠠᠷ ᠭᠦᠭᠵᠢᠨ ᠮᠠᠨᠳᠤᠬᠤ ᠠᠭᠤᠤ ᠶᠡᠭᠡ ᠭᠦᠰᠡᠯ ᠵᠡᠭᠦᠳᠤ ᠪᠠᠨ ᠲᠡᠷᠭᠡᠯᠰᠢᠭᠦᠯᠭᠦ ᠶᠢᠨ ᠲᠦᠯᠤᠭᠡ ᠴᠢᠷᠮᠠᠶᠢᠨ ᠲᠡᠮᠡᠴᠡᠵᠡᠬᠡᠶ᠎ᠠ ᠭᠡᠵᠤ ᠵᠢᠭᠠᠵᠤ ᠭᠠᠷᠭᠠᠪᠠ᠃      ᠠᠹᠷᠢᠺᠠ ᠲᠢᠪ ᠤᠨ ᠡᠯ᠎ᠠ ᠤᠯᠤᠰ ᠤᠨ ᠤᠳᠤᠷᠢᠳᠬᠤ ᠭᠦᠮᠤᠰ ᠲᠤᠰ ᠤᠳᠠᠭ᠎ᠠ ᠶᠢᠨ ᠲᠦᠷᠤᠭᠦᠴᠤᠳ ᠤᠨ ᠬᠤᠷᠠᠯ ᠢ ᠲᠡᠭᠡᠳᠤ ᠬᠡᠮᠵᠢᠶ᠎ᠠ ᠪᠠᠷ ᠦᠨᠡᠯᠠᠵᠤ᠂ ᠲᠦᠷᠤᠭᠦᠴᠤᠳ ᠤᠨ ᠬᠤᠷᠠᠯ ᠪᠤᠯ ᠠᠹᠷᠢᠺᠠ ᠲᠤᠮᠳᠠᠳᠤ ᠶᠢᠨ ᠪᠦᠯᠭᠦᠮᠳᠠᠯ ᠬᠠᠮᠳᠤᠷᠠᠯᠴᠠᠭ᠎ᠠ ᠶᠢ ᠴᠢᠩᠭᠠᠳᠬᠠᠬᠤ ᠲᠠᠤᠭᠡᠳᠤ ᠴᠢᠨᠠᠷᠳᠠᠢ ᠦᠪᠡᠳᠡᠭᠰᠢ ᠶᠡᠭᠡ ᠬᠤᠷᠠᠯ ᠪᠤᠯᠵᠠᠢ᠂ ᠠᠹᠷᠢᠺᠠ ᠲᠤᠮᠳᠠᠳᠤ ᠭᠦᠴᠤᠨ ᠢᠶᠠᠨ ᠲᠦᠪᠯᠡᠷᠡᠭᠦᠯᠤᠨ ᠨᠦᠭᠦᠷᠰᠡᠭ ᠬᠠᠮᠳᠤᠷᠠᠯᠴᠠᠭ᠎ᠠ ᠪᠠᠨ ᠴᠢᠩᠭᠠᠳᠬᠠᠵᠤ᠂ ᠭᠦᠭᠵᠢᠵᠤ ᠪᠠᠶᠢᠭ᠎ᠠ ᠤᠯᠤᠰ ᠤᠳ ᠤᠨ ᠶᠡᠭᠡ ᠪᠦᠯᠭᠦᠮᠳᠠᠯ ᠢ ᠠᠬᠢᠭᠤᠯᠬᠤ ᠴᠢᠩᠭ᠎ᠠ ᠲᠤᠬᠢᠶ᠎ᠠ ᠶᠢ ᠲᠡᠯᠡᠭᠡᠢ ᠳᠤ ᠭᠠᠷᠭᠠᠵᠠᠢ᠃ ᠠᠹᠷᠢᠺᠠ ᠲᠢᠪ ᠤᠨ ᠨᠡᠩ ᠤᠯᠠᠨ ᠤᠯᠤᠰ ᠶᠠᠷᠢᠶᠠᠨ ᠤ ᠲᠠᠪᠴᠠᠩ ᠳᠤ ᠤᠷᠤᠯᠴᠠᠭᠰᠠᠨ ᠳᠤ ᠮᠠᠰᠢ ᠪᠠᠶᠠᠷᠳᠠᠢ ᠪᠠᠶᠢᠵᠤ᠂ ᠠᠹᠷᠢᠺᠠ ᠲᠤᠮᠳᠠᠳᠤ ᠶᠢᠨ ᠨᠠᠶᠢᠵᠠ ᠶᠢᠨ ᠬᠦᠷᠢᠶ᠎ᠡ ᠲᠠᠰᠤᠷᠠᠯᠳᠠ ᠦᠭᠡᠢ ᠦᠷᠭᠡᠵᠢᠪᠠ᠃ ᠲᠤᠰ ᠤᠳᠠᠭ᠎ᠠ ᠶᠢᠨ ᠲᠦᠷᠤᠭᠦᠴᠤᠳ ᠤᠨ ᠬᠤᠷᠠᠯ ᠪᠤᠳᠠᠳᠠᠢ ᠶᠢ ᠡᠷᠬᠢᠮᠯᠠᠨ ᠦᠨᠳᠤᠷ ᠪᠦᠳᠤᠮᠵᠢᠳᠠᠢ ᠪᠠᠶᠢᠵᠤ᠂ ᠦᠷ᠎ᠠ ᠪᠦᠳᠤᠮᠵᠢ ᠪᠠᠷ ᠡᠯᠪᠡᠭ ᠪᠤᠯᠵᠤ᠂ ᠠᠹᠷᠢᠺᠠ ᠲᠤᠮᠳᠠᠳᠤ ᠶᠢᠨ ᠬᠠᠮᠳᠤᠷᠠᠯᠴᠠᠭᠠᠨ ᠤ ᠭᠦᠨᠵᠡᠭᠡᠶᠢᠷᠡᠨ ᠭᠦᠭᠵᠢᠬᠦ ᠶᠢ ᠠᠬᠢᠭᠤᠯᠵᠤ᠂ ᠠᠹᠷᠢᠺᠠ ᠲᠤᠮᠳᠠᠳᠤ ᠶᠢᠨ ᠬᠠᠮᠳᠤᠷᠠᠯᠴᠠᠭᠠᠨ ᠤ ᠰᠢᠨ᠎ᠠ ᠴᠠᠭ ᠦᠶ᠎ᠠ ᠶᠢ ᠨᠡᠭᠡᠭᠡᠪᠡ᠃ ᠶᠠᠷᠢᠶᠠᠨ ᠤ ᠲᠠᠪᠴᠠᠩ ᠨᠢ ᠨᠡᠩ ᠨᠢᠭᠳᠠ ᠲᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠᠷ ᠵᠦᠭᠯᠡᠭᠦᠷ ᠪᠤᠯᠭᠠᠵᠤ᠂ ᠭᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠦᠯᠤᠭᠡ ᠨᠡᠩ ᠤᠯᠠᠨ ᠭᠦᠴᠤᠨ ᠢ ᠲᠦᠪᠯᠡᠷᠡᠭᠦᠯᠵᠤ᠂ ᠲᠡᠯᠡᠭᠡᠢ ᠶᠢᠨ ᠡᠩᠭᠡ ᠲᠠᠶᠢᠪᠤᠡᠭ ᠬᠢᠭᠡᠳ ᠭᠦᠭᠵᠢᠯᠳᠠ ᠳᠤ ᠨᠡᠩ ᠤᠯᠠᠨ ᠢᠲᠡᠪᠬᠢ ᠡᠨᠧᠷᠬᠢ ᠶᠢ ᠬᠤᠷᠠᠮᠳᠤᠭᠤᠯᠵᠥ ᠦᠭᠬᠦ ᠪᠤᠯᠤᠨ᠎ᠠ ᠭᠡᠵᠤ ᠰᠠᠨᠠᠯ ᠨᠢᠭᠡᠲᠡᠢ ᠦᠵᠡᠵᠡᠭᠡᠪᠡ᠃       ᠠᠹᠷᠢᠺᠠ ᠶᠢᠨ ᠲᠠᠯ᠎ᠠ ᠶᠢᠨ ᠬᠢᠨ ᠲᠤᠮᠲᠠᠲᠤ ᠠᠹᠷᠢᠺᠠ ᠶᠢᠨ ᠬᠠᠮᠲᠤᠷᠠᠯᠴᠠᠭᠠᠠ ᠤ ᠶᠠᠷᠢᠶᠠᠠ ᠤ ᠲᠡᠪᠴᠠᠩ ᠤᠨ ᠶᠤᠬᠠᠠᠨᠧᠰᠪᠦ᠋ᠷᠡᠭ ᠲᠠᠬᠢ ᠲᠦᠷᠦᠭᠦᠴᠤᠳ ᠤᠨ ᠬᠤᠷᠠᠯ ᠠᠴᠠ ᠲᠤᠭᠲᠠᠭᠠᠭᠰᠠᠠ ︽ᠠᠷᠪᠠᠠ ᠶᠡᠭᠡ ᠬᠠᠮᠲᠤᠷᠠᠯᠴᠠᠭᠠᠠ ᠤ ᠲᠦᠯᠦᠪᠯᠡᠭᠡ︾ ᠶᠢ ᠨᠠᠶᠢᠲᠠᠪᠤᠷᠢᠵᠢᠭᠤᠯᠤᠭᠰᠠᠠ ᠪᠠᠶᠢᠲᠠᠯ ᠳᠤ ᠰᠡᠳᠭᠢᠯ ᠬᠠᠨᠤᠮᠵᠢᠲᠠᠢ ᠪᠠᠶᠢᠵᠦ᠂ ᠲᠡᠷᠢᠭᠦᠯᠡᠭᠴᠢ ᠰᠢ ᠶᠢᠨ ᠫᠢᠩ ᠤᠨ ᠪᠡᠭᠡᠵᠢᠩ ᠳᠠᠬᠢ ᠲᠦᠷᠦᠭᠦᠴᠤᠳ ᠤᠨ ᠬᠤᠷᠠᠯ ᠤᠨ ᠡᠬᠢᠯᠡᠯᠲᠡ ᠶᠢᠨ ᠶᠤᠰᠤᠯᠠᠯ ᠲᠡᠭᠡᠷᠡᠬᠢ ᠶᠠᠷᠢᠶᠠᠠ ᠳᠠᠭᠠᠨ ᠨᠡᠶᠢᠲᠡᠯᠡᠭᠰᠡᠡ ︽ᠨᠠᠶᠢᠮᠠᠠ ᠶᠡᠭᠡ ᠠᠵᠢᠯᠯᠠᠭ᠎ᠠ︾ ᠵᠡᠷᠭᠡ ᠶᠢᠨ ᠠᠹᠷᠢᠺᠠ ᠲᠢᠪ ᠯᠦᠭᠡ ᠶᠢᠨ ᠪᠤᠲᠠᠲᠠᠢ ᠶᠢ ᠡᠷᠬᠢᠮᠯᠡᠭᠰᠡᠡ ᠬᠠᠮᠲᠤᠷᠠᠯᠴᠠᠭ᠎ᠠ ᠶᠢᠨ ᠰᠢᠨ᠎ᠠ ᠵᠤᠷᠢᠯᠲᠠ᠂ ᠰᠢᠨ᠎ᠠ ᠠᠷᠭ᠎ᠠ ᠬᠡᠮᠵᠢᠶ᠎ᠠ ᠶᠢ ᠲᠡᠭᠡᠲᠦ ᠬᠡᠮᠵᠢᠶ᠎ᠠ ᠪᠠᠷ ᠦᠨᠡᠯᠡᠵᠦ᠂ ᠬᠤᠯᠪᠤᠭᠲᠠᠯ ᠪᠦᠬᠦᠢ ᠠᠷᠭ᠎ᠠ ᠬᠡᠮᠵᠢᠶ᠎ᠠ ᠪᠤᠯᠤᠨ ᠰᠠᠨᠠᠭᠠᠴᠢᠯᠠᠭ᠎ᠠ ᠨᠢ ᠠᠹᠷᠢᠺᠠ ᠲᠢᠪ ᠤᠨ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠲᠦᠷᠦᠭᠦᠨ ᠳᠤ ᠲᠠᠯᠪᠢᠵᠦ ᠪᠠᠶᠢᠬᠤ ᠬᠦᠷᠢᠶ᠎ᠠ ᠬᠡᠪᠴᠢᠶᠠᠠ ᠳᠤ ᠪᠦᠷᠢᠮᠦᠰᠦᠨ ᠨᠡᠶᠢᠴᠡᠵᠦ᠂ ᠠᠹᠷᠢᠺᠠ ᠲᠤᠮᠲᠠᠲᠤ ᠶᠢᠨ ᠬᠠᠷᠢᠯᠴᠠᠭ᠎ᠠ ᠶᠢᠨ ᠬᠦᠭᠵᠢᠯᠲᠠ ᠶᠢᠨ ᠦᠵᠦ ᠲᠦᠯᠦᠪᠯᠡᠭᠡ ᠶᠢ ᠴᠢᠩᠭᠠᠳᠬᠠᠠ᠂ ᠨᠡᠩ ᠦᠨᠲᠦᠷ ᠲᠦᠪᠰᠢᠨ ᠲᠡᠭᠡᠷ᠎ᠠ ᠠᠴᠠ ᠠᠹᠷᠢᠺᠠ ᠲᠤᠮᠲᠠᠲᠤ ᠶᠢᠨ ᠬᠠᠮᠲᠤᠷᠠᠯᠴᠠᠵᠦ ᠬᠠᠮᠲᠤ ᠪᠠᠷ ᠠᠰᠢᠭ ᠬᠦᠷᠲᠡᠬᠦ᠂ ᠬᠠᠮᠲᠤ ᠪᠠᠷ ᠬᠦᠭᠵᠢᠭᠦ ᠶᠢ ᠪᠡᠶᠡᠯᠡᠭᠦᠯᠵᠦ᠂ ᠬᠦᠭᠵᠢᠵᠦ ᠪᠠᠶᠢᠭ᠎ᠠ ᠤᠯᠤᠰ ᠤᠳ ᠤᠨ ᠪᠦᠬᠦᠯᠢ ᠴᠤᠭᠴᠠ ᠶᠢᠨ ᠬᠦᠴᠤᠨ ᠢ ᠪᠤᠵᠠᠭᠠᠶᠢᠢᠷᠠᠭᠤᠯᠤᠨ᠂ ᠤᠯᠠᠠ ᠤᠯᠤᠰ ᠤᠨ ᠡᠮᠬᠢ ᠲᠢᠭᠯᠢᠮ ᠨᠡᠩ ᠭᠤᠤᠯᠴᠢ᠂ ᠵᠦᠢ ᠵᠤᠬᠢᠰᠲᠠᠢ ᠴᠢᠭᠯᠡᠯ ᠲᠡᠶᠢᠰᠢ ᠬᠦᠭᠵᠢᠭᠦ ᠶᠢ ᠠᠬᠢᠭᠤᠯᠬᠤ ᠪᠤᠯᠤᠨ᠎ᠠ ᠭᠡᠵᠦ ᠢᠯᠡᠳᠭᠡᠪᠡ᠃ ᠠᠹᠷᠢᠺᠠ ᠶᠢᠨ ᠲᠠᠯ᠎ᠠ ᠶᠢᠨ ᠬᠢᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠲᠡᠮᠵᠢᠵᠦ ᠪᠠᠶᠢᠬᠤ ᠪᠦᠭᠡᠳ ᠮᠠᠭᠲᠠᠠ ᠰᠠᠶᠢᠰᠢᠶᠠᠵᠦ᠂ ᠠᠹᠷᠢᠺᠠ ᠲᠤᠮᠲᠠᠲᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠡ ᠪᠠᠶᠢᠭᠤᠯᠬᠤ ᠨᠢ ᠠᠹᠷᠢᠺᠠ ᠲᠢᠪ ᠤᠨ ᠭᠠᠵᠠᠷ ᠤᠷᠤᠨ ᠤ ᠨᠢᠭᠡ ᠴᠤᠭᠴᠠᠵᠢᠯᠲᠠ ᠶᠢ ᠲᠦᠷᠭᠡᠡ ᠠᠬᠢᠭᠤᠯᠬᠤ ᠪᠦᠭᠡᠳ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ︽2063 ᠤᠨ ᠤ ᠵᠦᠪᠯᠡᠬᠦ ᠵᠦᠢᠯ︾ ᠵᠢᠴᠢ ᠤᠯᠠᠠ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ 2030 ᠤᠨ ᠤ ᠦᠷᠬᠦᠯᠵᠢᠯᠡᠬᠦ ᠬᠦᠭᠵᠢᠯᠲᠠ ᠶᠢᠨ ᠵᠦᠪᠯᠡᠬᠦ ᠵᠦᠢᠯ ᠢ ᠪᠡᠶᠡᠯᠡᠭᠦᠯᠬᠦ ᠳᠤ ᠴᠢᠬᠤᠯᠠ ᠲᠦᠯᠬᠢᠭᠴᠢ ᠬᠦᠴᠦᠨ ᠬᠠᠨᠭ᠍ᠭᠠᠬᠤ ᠪᠤᠯᠤᠨ᠎ᠠ ᠭᠡᠲᠡᠭ ᠢ ᠪᠠᠲᠤ ᠢᠲᠡᠭᠡᠵᠦ ᠪᠠᠶᠢᠨ᠎ᠠ ᠭᠡᠪᠡ᠃      ᠠᠹᠷᠢᠺᠠ ᠶᠢᠨ ᠲᠠᠯ᠎ᠠ ᠶᠢᠨ ᠬᠢᠨ᠂ ᠲᠤᠮᠲᠠᠲᠤ ᠤᠯᠤᠰ ᠶᠡᠷᠦ ᠨᠢ ᠠᠹᠷᠢᠺᠠ ᠲᠢᠪ ᠤᠨ ᠬᠢᠨ ᠤ ᠬᠦᠰᠡᠯ ᠰᠠᠨᠠᠯ ᠢ ᠰᠤᠨᠤᠰᠴᠤ᠂ ᠤᠶᠢᠢᠯᠠᠭᠠᠵᠤ ᠲᠡᠮᠵᠢᠵᠥ ᠢᠷᠡᠪᠡ᠃ ᠲᠤᠮᠲᠠᠲᠤ ᠤᠯᠤᠰ ᠠᠹᠷᠢᠺᠠ ᠲᠢᠪ ᠢ ᠬᠠᠪᠰᠤᠷᠬᠤ ᠳᠠᠭᠠᠨ᠂ ᠠᠹᠷᠢᠺᠠ ᠲᠢᠪ ᠤᠨ ᠤᠯᠤᠰ ᠤᠳ ᠤᠨ ᠲᠤᠲᠤᠭᠠᠲᠤ ᠵᠠᠰᠠᠭ ᠲᠤ ᠶᠡᠷᠦ ᠭᠠᠷ ᠲᠦᠷᠦᠭᠰᠡᠡ ᠦᠭᠡᠢ᠃ ᠲᠤᠮᠲᠠᠲᠤ ᠤᠯᠤᠰ ᠠᠹᠷᠢᠺᠠ ᠯᠤᠭ᠎ᠠ ᠶᠢᠨ ᠬᠠᠮᠲᠤᠷᠠᠯᠴᠠᠭ᠎ᠠ ᠲᠤᠮᠲᠠ ᠶᠡᠷᠦᠨᠢ ᠵᠢᠷᠤᠮ ᠢ ᠲᠦᠷᠦᠭᠦᠨ ᠳᠤ ᠲᠠᠯᠪᠢᠪᠠ᠂ ᠡᠨᠡ ᠨᠢ ᠤᠯᠠᠠ ᠤᠯᠤᠰ ᠤᠨ ᠬᠠᠷᠢᠯᠴᠠᠭ᠎ᠠ ᠳᠤ ᠤᠷᠲᠤ ᠬᠤᠭᠤᠴᠠᠭ᠎ᠠ ᠪᠠᠷ ᠤᠷᠤᠰᠢᠵᠦ ᠪᠠᠶᠢᠬᠤ ᠡᠷᠭᠡ ᠲᠡᠭᠰᠢ ᠪᠤᠰᠤ ᠪᠠᠶᠢᠲᠠᠯ ᠲᠠᠢ ᠢᠯᠡ ᠲᠤᠲᠤ ᠬᠠᠷᠢᠴᠠᠭᠤᠯᠤᠯ ᠪᠤᠯᠵᠠᠢ᠃ ᠲᠤᠮᠲᠠᠲᠤ ᠤᠯᠤᠰ ᠤᠨ ᠤᠯᠠᠠ ᠤᠯᠤᠰ ᠲᠤ ᠲᠦᠪ ᠶᠤᠰᠤ ᠶᠢ ᠰᠠᠨᠠᠭᠠᠴᠢᠯᠠᠵᠤ᠂ ᠠᠹᠷᠢᠺᠠ ᠲᠢᠪ ᠪᠤᠯᠤᠨ ᠬᠦᠭᠵᠢᠵᠦ ᠪᠠᠶᠢᠭ᠎ᠠ ᠤᠯᠤᠰ ᠤᠳ ᠤᠨ ᠲᠦᠪ ᠶᠤᠰᠤᠨ ᠤ ᠡᠷᠭᠡ ᠠᠰᠢᠭ ᠢ ᠬᠠᠮᠠᠭᠠᠯᠠᠬᠰᠠᠠ ᠳᠤ ᠲᠠᠯᠠᠷᠬᠠᠵᠦ ᠪᠠᠶᠢᠨ᠎ᠠ᠃ ᠠᠹᠷᠢᠺᠠ ᠲᠤᠮᠲᠠᠲᠤ ᠡᠯ᠎ᠠ ᠬᠦᠷᠢᠶᠡᠡ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠦᠷᠭᠡᠡ ᠤᠯᠠᠠ ᠬᠦᠭᠵᠢᠵᠦ ᠪᠠᠶᠢᠭ᠎ᠠ ᠤᠯᠤᠰ ᠤᠳ ᠤᠨ ᠤᠯᠠᠠ ᠤᠯᠤᠰ ᠤᠨ ᠬᠡᠷᠡᠭ ᠶᠠᠪᠤᠲᠠᠯ ᠳᠠᠬᠢ ᠦᠢᠯᠡᠲᠦᠯ ᠪᠤᠯᠤᠨ ᠨᠦᠯᠦᠭᠡᠯᠡᠯ ᠢ ᠬᠦᠴᠦᠲᠠᠢ ᠲᠡᠭᠡᠭᠰᠢᠯᠡᠭᠦᠯᠬᠦ ᠶᠤᠮ ᠭᠡᠵᠦ ᠢᠯᠡᠳᠭᠡᠪᠡ᠃      ᠡᠯ᠎ᠠ ᠲᠠᠯ᠎ᠠ ᠶᠢᠨ ᠬᠢᠨ ᠡᠨᠡ ᠤᠲᠠᠭ᠎ᠠ ᠶᠢᠨ ᠲᠦᠷᠦᠭᠦᠴᠤᠳ ᠤᠨ ᠬᠤᠷᠠᠯ ᠤᠨ ᠪᠠᠲᠤᠯᠠᠭᠰᠠᠠ ︽ᠨᠡᠩ ᠨᠢᠭᠲᠠ ᠲᠤᠮᠲᠠᠲᠤ ᠠᠹᠷᠢᠺᠠ ᠶᠢᠨ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ ᠪᠠᠶᠢᠭᠤᠯᠬᠤ ᠲᠤᠬᠠᠢ ᠪᠡᠭᠡᠵᠢᠩ ᠤᠨ ᠲᠤᠩᠬᠠᠭ︾ ᠪᠤᠯᠤᠨ ︽ᠲᠤᠮᠲᠠᠲᠤ ᠠᠹᠷᠢᠺᠠ ᠶᠢᠨ ᠬᠠᠮᠲᠤᠷᠠᠯᠴᠠᠭᠠᠠ ᠤ ᠶᠠᠷᠢᠶᠠᠠ ᠤ ᠲᠠᠪᠴᠠᠩ — ᠪᠡᠭᠡᠵᠢᠩ ᠤᠨ ᠠᠵᠢᠯᠯᠠᠭᠠᠨ ᠤ ᠲᠦᠯᠦᠪᠯᠡᠭᠡ ︵2019 — 2021︶︾ ᠶᠢ ᠲᠡᠭᠡᠲᠦ ᠬᠡᠮᠵᠢᠶ᠎ᠠ ᠪᠠᠷ ᠦᠨᠡᠯᠡᠵᠦ᠂ ᠪᠡᠭᠡᠵᠢᠩ ᠤᠨ ᠠᠵᠢᠯᠯᠠᠭᠠᠨ ᠤ ᠲᠦᠯᠦᠪᠯᠡᠭᠡ ᠶᠢ ᠨᠠᠶᠢᠲᠠᠪᠤᠷᠢᠵᠢᠭᠤᠯᠬᠤ ᠶᠢ ᠪᠦᠬᠦ ᠬᠦᠴᠤᠨ ᠢᠶᠠᠷ ᠢᠶᠠᠨ ᠠᠬᠢᠭᠤᠯᠵᠦ᠂ ᠨᠡᠩ ᠨᠢᠭᠲᠠ ᠲᠤᠮᠲᠠᠲᠤ ᠠᠹᠷᠢᠺᠠ ᠶᠢᠨ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ ᠪᠠᠶᠢᠭᠤᠯᠤᠨ᠎ᠠ ᠬᠡᠪᠡ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠲᠡᠭᠡᠷᠡᠬᠢ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号