ᠲᠣᠯᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ 65 ᠨᠠᠰᠤᠨ ᠠᠴᠠ ᠲᠡᠭᠡᠭᠰᠢᠭᠢ ᠨᠠᠰᠤᠳᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠪᠠᠶ᠎ᠠ ᠶᠢᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2018-09-07
      ᠤᠶᠢᠷ᠎ᠠ ᠶᠢᠨ ᠡᠳᠤᠷ᠂ ᠲᠣᠯᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠤᠰᠢᠭᠤ ᠠᠷᠡᠳ ᠤᠨ ᠡᠮᠨᠡᠯᠭᠡ  ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠶᠠᠷᠤᠩᠭᠡᠶᠢᠯᠡᠭᠰᠠᠨ ᠡᠮᠨᠡᠯᠭᠡ ᠶᠢᠨ ᠬᠤᠷᠢᠶ᠎ᠠ᠂ ᠤᠯᠠᠭᠠᠨᠳᠤᠯᠣᠭᠠᠢ ᠪᠠᠯᠭᠠᠰᠤᠨ  ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠳᠤᠷᠠᠨ ᠭᠠᠴᠠᠭᠠᠨ ᠤ 65 ᠨᠠᠰᠤᠨ ᠠᠴᠠ ᠲᠡᠭᠡᠭᠰᠢᠭᠢ 60 ᠭᠠᠷᠤᠢ ᠨᠠᠰᠤᠳᠠᠶᠢᠴᠤᠳ ᠲᠤ ᠰᠦᠢᠳᠭᠡᠯ ᠬᠤᠷᠢᠶᠠᠬᠤ ᠦᠭᠡᠢ ᠪᠠᠷ ᠪᠠᠶ᠎ᠠ ᠶᠢᠨ ᠡᠷᠡᠭᠦᠯ ᠮᠡᠨᠳᠤ ᠶᠢᠨ ᠪᠠᠶᠢᠴᠠᠭᠠᠯᠳᠠ ᠬᠢᠭᠰᠡᠨ ᠪᠠᠶᠢᠨ᠎ᠠ᠃       ᠲᠤᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠨᠠᠰᠤᠳᠠᠶᠢᠴᠤᠳ ᠲᠤ ᠴᠢᠰᠤᠨ ᠲᠠᠷᠤᠯᠳᠠ᠂ ᠵᠢᠷᠦᠬᠡᠨ  ᠤ ᠯᠤᠭᠰᠢᠯᠲᠠ ᠶᠢᠨ ᠵᠢᠷᠤᠭ᠂ B ᠬᠡᠳᠦ ᠲᠣᠯᠬᠢᠶᠠᠨ᠂ ᠲᠠᠪᠣᠨ ᠡᠷᠭᠡᠲᠡᠨ ᠤ ᠪᠠᠶᠢᠴᠠᠭᠠᠯᠲᠠ ᠶᠢ ᠬᠢᠵᠦ᠂ ᠲᠣᠯᠢ ᠭᠠᠴᠠᠭᠠᠨ ᠤ ᠮᠠᠯᠴᠢᠳ ᠠᠴᠠ ᠭᠠᠳᠠᠨ᠎ᠠ ᠬᠦᠭᠡᠮᠡᠩᠬ᠎ᠠ᠂ ᠲᠤᠭᠤᠷᠢᠮ᠂ ᠨᠠᠷᠢᠨᠭᠤᠤᠯ ᠵᠡᠷᠭᠡ ᠵᠡᠷᠭᠡᠯᠡᠳᠡᠭᠡ ᠭᠠᠴᠠᠭ᠎ᠠ ᠲᠤᠰᠬᠤᠨ ᠠᠴᠠ ᠴᠤ ᠨᠠᠰᠤᠳᠠᠶᠢᠴᠤᠳ ᠬᠦᠷᠦᠯᠴᠡᠨ ᠢᠷᠡᠵᠦ ᠪᠡᠶ᠎ᠡ ᠶᠢᠨ ᠪᠠᠶᠢᠴᠠᠭᠠᠯᠳᠠ ᠬᠢᠯᠬᠡᠭᠰᠡᠨ ᠪᠠᠶᠢᠨ᠎ᠠ᠃      ᠤᠶᠢᠯᠠᠭᠠᠭᠰᠠᠨ ᠢᠶᠠᠷ ᠲᠣᠯᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠮᠠᠯᠴᠢᠨ ᠲᠦᠮᠡᠨ ᠳᠤ ᠵᠢᠯ ᠪᠤᠯᠭᠠᠨ ᠨᠢᠭᠡ ᠤᠳᠠᠭ᠎ᠠ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠮᠠᠯᠴᠢᠳ ᠤᠨ ᠪᠡᠶ᠎ᠡ ᠶᠢᠨ ᠡᠷᠡᠭᠦᠯ ᠮᠡᠨᠳᠤ ᠶᠢ ᠬᠠᠯᠠᠮᠵᠢᠯᠠᠵᠤ ᠪᠤᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号