ᠮᠠᠯᠴᠢᠨ ᠬᠠᠰᠰᠤᠳᠤ ᠮᠠᠯ ᠤᠨ ᠠᠰᠢᠭ ᠰᠢᠮ᠎ᠡ ᠪᠠᠨ ᠪᠤᠷᠤᠯᠠᠭᠤᠯᠵᠤ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-09-07
     ᠤᠷᠴᠢᠮ ᠤᠨ ᠵᠢᠯ ᠠᠴᠠ ᠲᠤᠭ ᠪᠠᠯᠭᠠᠰᠤᠨ ᠤ ᠪᠠᠶᠠᠨᠨᠠᠭᠤᠷ  ᠤᠨ ᠲᠠᠯ᠎ᠠ ᠨᠤᠳᠤᠭ ᠨᠢ ᠪᠠᠶᠢᠭᠠᠯᠢ ᠶᠢᠨ ᠭᠤᠶᠢᠳᠠ ᠰᠠᠶᠢᠬᠠᠨ ᠦᠩᠭᠡ ᠦᠵᠡᠮᠵᠢ ᠪᠠᠷ ᠢᠶᠠᠨ ᠦᠷᠭᠡᠨ ᠤᠯᠠᠨ ᠵᠤᠭᠠᠴᠠᠭᠰᠠᠳ ᠢ ᠤᠭᠳᠤᠨ᠂ ᠤᠶᠢᠷ᠎ᠠ ᠬᠠᠪᠢ  ᠶᠢᠨ ᠭᠡᠰᠡᠭ ᠮᠠᠯᠴᠢᠳ ᠡᠨᠡᠭᠦ ᠠᠵᠠ ᠲᠤᠬᠢᠶᠠᠯ ᠢ ᠠᠳᠬᠤᠨ ᠰᠦ ᠰᠠᠭᠠᠯᠢ ᠶᠢᠨ ᠪᠦᠳᠤᠭᠡᠭᠳᠡᠭᠦᠨ ᠢᠶᠠᠨ ᠪᠤᠭᠤᠳᠠᠯᠯᠠᠨ ᠪᠤᠷᠤᠯᠠᠭᠤᠯᠵᠤ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ᠃        ᠲᠤᠰ ᠵᠤᠭᠠᠴᠠᠯ ᠤᠨ ᠭᠠᠵᠠᠷ ᠠᠴᠠ ᠤᠶᠢᠷᠠᠬᠠᠨ ᠰᠠᠭᠤᠷᠢᠰᠢᠭ᠎ᠠ ᠲᠤᠭ ᠪᠠᠯᠭᠠᠰᠤᠨ ᠤ ᠬᠤᠸᠠᠳᠤᠯᠣᠭᠠᠢ ᠭᠠᠴᠠᠭᠠᠨ ᠤ ᠬᠠᠰᠰᠤᠳᠤ ᠶᠢᠨ ᠬᠢᠨ ᠨᠠᠮ ᠵᠠᠰᠠᠭ ᠤᠨ ᠲᠡᠮᠵᠢᠯᠭᠡ ᠪᠤᠯᠤᠨ ᠦᠪᠡᠷ ᠤᠨ ᠠᠷᠢᠭᠤᠨ ᠬᠦᠳᠡᠯᠮᠤᠷᠢ  ᠳᠤ ᠪᠠᠨ ᠲᠦᠰᠢᠭᠯᠡᠨ 2016 ᠤᠨ ᠳᠤ ᠬᠤᠷᠢ ᠭᠠᠷᠤᠢ ᠲᠦᠮᠡᠨ ᠲᠦᠬᠦᠷᠢᠭ ᠤᠨ ᠪᠡᠯᠡ ᠤᠷᠤᠭᠤᠯᠤᠯᠳᠠ ᠪᠠᠷ ︽ᠠᠷᠢᠭᠤᠨ ᠰᠦ︾ ᠴᠠᠭᠠᠨ ᠢᠳᠡᠭᠡᠨ ᠤ ᠲᠡᠯᠭᠡᠭᠦᠷ ᠢ ᠨᠡᠭᠡᠭᠡᠵᠦ ᠦᠪᠡᠷ ᠤᠨ ᠭᠡᠰᠡᠨ ᠨᠡᠷᠡᠳᠤ ᠲᠡᠮᠳᠡᠭ ᠢ ᠭᠤᠶᠤᠴᠢᠯᠠᠨ ᠤᠯᠤᠭᠠᠳ ᠨᠡᠷᠡᠳᠤ ᠲᠡᠮᠳᠡᠭ ᠤᠨ ᠬᠤᠪᠢ ᠪᠠᠷ ᠰᠦ ᠰᠠᠭᠠᠯᠢ ᠶᠢᠨ ᠪᠦᠳᠤᠭᠡᠭᠳᠡᠭᠦᠨ ᠢᠶᠠᠨ ᠭᠠᠳᠠᠭᠰᠢ ᠪᠤᠷᠤᠯᠠᠭᠤᠯᠵᠤ ᠡᠬᠢᠯᠡᠵᠠᠢ᠃      ᠮᠠᠯᠴᠢᠨ ᠬᠠᠰᠰᠤᠳᠤ ᠶᠢᠨ ᠬᠢᠨ ᠤᠳᠤ ᠠᠷᠪᠠᠨ ᠭᠡᠳᠤᠨ ᠰᠠᠭᠠᠯᠢ ᠶᠢᠨ ᠦᠨᠢᠶ᠎ᠡ ᠲᠠᠵᠢᠭᠡᠵᠦ᠂ ᠰᠠᠭᠠᠭᠰᠠᠨ ᠰᠦ ᠪᠠᠨ ᠴᠠᠭᠠᠨ ᠢᠳᠡᠭᠡᠨ ᠤ ᠪᠦᠳᠤᠭᠡᠭᠳᠡᠭᠦᠨ ᠪᠤᠯᠭᠠᠨ ᠨᠠᠷᠢᠯᠢᠭ ᠪᠤᠯᠪᠠᠰᠤᠷᠠᠭᠤᠯᠤᠨ ᠪᠤᠭᠤᠳᠠᠯᠯᠠᠭᠠᠳ ᠭᠠᠳᠠᠭᠰᠢ ᠪᠤᠷᠤᠯᠠᠭᠤᠯᠬᠤ ᠪᠤᠶᠤ ᠪᠠᠶᠠᠠᠨᠠᠭᠤᠷ ᠤᠨ ᠵᠤᠭᠠᠴᠠᠯ ᠤᠨ ᠭᠠᠵᠠᠷ ᠲᠤ ᠠᠪᠠᠴᠢᠨ ᠪᠤᠷᠤᠯᠠᠭᠤᠯᠵᠤ ᠵᠢᠯ ᠤᠨ ᠴᠡᠪᠡᠷ ᠤᠷᠤᠯᠭ᠎ᠠ ᠠᠷᠪᠠᠨ ᠲᠦᠮᠡ ᠳᠤ ᠬᠦᠷᠴᠤ᠂ ᠰᠦ ᠰᠠᠭᠠᠯᠢ ᠶᠢᠨ ᠪᠦᠳᠤᠭᠡᠭᠳᠡᠭᠦᠨ ᠤ ᠪᠤᠷᠤᠯᠠᠭᠤᠯᠭ᠎ᠠ ᠨᠢ ᠢᠯᠡᠳᠳᠠ ᠰᠠᠶᠢᠵᠢᠷᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号