| | | ᠤᠷᠳᠤᠰ ᠨᠤᠲᠤᠭ ᠲᠤ ᠤᠨᠴᠠᠭᠠᠢ ᠨᠢᠬᠡᠨ ᠬᠤᠨᠢ ᠪᠠᠶᠢᠳᠠᠭ᠂ ᠡᠭᠦᠨ ᠢ ︽ᠤᠷᠳᠤᠰ ᠤᠨ ᠨᠠᠷᠢᠨ ᠨᠤᠤᠰᠤᠳᠤ | ᠬᠤᠨᠢ︾ ᠬᠡᠮᠡᠳᠡᠭ᠃ ᠥᠥᠰᠢᠨ ᠬᠤᠰᠢᠭᠤ 1958 ᠤᠨ ᠠᠴᠠ ᠡᠬᠢᠯᠡᠨ ᠤᠷᠳᠤᠰ ᠤᠨ ᠨᠠᠷᠢᠨ ᠨᠤᠤᠰᠤᠳᠤ | ᠬᠤᠨᠢᠨ ᠤ ᠡᠭᠦᠯᠳᠡᠷ ᠢ ᠪᠤᠶᠢᠵᠢᠭᠤᠯᠤᠨ᠂ 1985 ᠤᠨ ᠳᠤ ᠥᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠬ ᠤᠨ ᠤᠷᠳᠤᠨ ᠠᠴᠠ ᠵᠢᠩᠬᠢᠨᠢ ᠪᠠᠷ ︽ᠤᠷᠳᠤᠰ ᠤᠨ ᠨᠠᠷᠢᠨ ᠨᠤᠤᠰᠤᠳᠤ ᠬᠤᠨᠢ︾ ᠭᠡᠵᠦ | ᠨᠡᠷᠡᠶᠢᠳᠦᠭᠰᠡᠨ ᠪᠠᠶᠢᠨ᠎ᠠ᠃ ᠤᠷᠳᠤᠰ ᠤᠨ ᠨᠠᠷᠢᠨ ᠨᠤᠤᠰᠤᠳᠤ ᠬᠤᠨᠢᠨ ᠤ ᠦᠢᠯᠡᠰ ᠨᠢ ᠬᠠᠭᠠᠰ ᠵᠠᠭᠤᠨ ᠤ ᠳᠤᠷᠰᠢ | ᠡᠭᠦᠯᠳᠡᠷ ᠰᠠᠶᠢᠵᠢᠷᠠᠭᠤᠯᠤᠯᠳᠠ ᠶᠢ ᠴᠢᠬᠤᠯᠠᠴᠢᠯᠠᠨ ᠠᠳᠬᠤᠵᠤ᠂ ᠴᠠᠬ ᠦᠶ᠎ᠡ ᠨᠡᠶᠢᠬᠡᠮ ᠤᠨ ᠬᠦᠭᠵᠢᠯᠳᠡ ᠲᠠᠢ | ᠵᠤᠬᠢᠴᠠᠨ ᠰᠢᠯᠢᠳᠡᠭ ᠡᠭᠦᠯᠳᠡᠷ ᠢ ᠪᠤᠶᠢᠵᠢᠭᠤᠯᠬᠤ᠂ ᠬᠡᠪᠴᠢᠶᠡᠵᠢᠭᠦᠯᠦᠨ ᠲᠡᠵᠢᠬᠡᠨ ᠠᠷᠠᠴᠢᠯᠠᠬᠤ᠂ ᠠᠬᠠᠷ ᠨᠤᠤᠰᠤ ᠪᠠᠨ | ᠰᠢᠭᠤᠳ ᠪᠤᠷᠤᠯᠠᠭᠤᠯᠬᠤ᠂ ᠮᠢᠬᠠᠨ ᠤ ᠲᠦᠷᠦᠯ ᠵᠦᠢᠯ ᠢ ᠨᠠᠷᠢᠯᠢᠬ ᠡᠳ᠋ᠰᠢᠭᠦᠯᠬᠦ᠂ ᠨᠡᠷᠡᠳᠦ ᠳᠡᠮᠳᠡᠭᠲᠦ ᠴᠤᠬᠴᠠᠯᠠᠬᠤ | ᠠᠵᠢᠯ ᠢ ᠳᠠᠰᠤᠷᠠᠯ ᠦᠭᠡᠢ ᠬᠢᠭᠰᠡᠭᠡᠷ ᠦᠨᠦᠳᠦᠷ ᠪᠤᠯᠬᠤ ᠳᠤ ᠪᠦᠬᠦ ᠤᠯᠤᠰ ᠤᠨ ᠲᠡᠷᠢᠭᠦᠨ ᠤ ᠡᠩᠨᠡᠬᠡᠨ ᠳᠤ ᠳᠡᠪᠰᠢᠨ | ᠤᠷᠤᠵᠤ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠮᠠᠯ ᠠᠵᠤ ᠠᠬᠤᠢ ᠶᠢᠨ ᠳᠠᠪᠠᠭᠤᠯᠢᠬ ᠦᠢᠯᠡᠰ ᠪᠤᠯᠵᠤ | ᠬᠦᠭᠵᠢᠵᠡᠢ᠃ | | | | | ᠡᠭᠦᠯᠳᠡᠷ ᠢ ᠪᠤᠶᠢᠵᠢᠭᠤᠯᠤᠭᠰᠠᠨ ᠤᠯᠠ ᠮᠦᠷ | ᠤᠷᠳᠤᠰ ᠤᠨ ᠦᠨᠳᠦᠷᠯᠢᠭ᠂ ᠮᠤᠤᠠᠤᠰᠤ ᠶᠢᠨ ᠡᠯᠡᠰᠦᠷᠬᠡᠭ ᠭᠠᠵᠠᠷ ᠲᠤ ᠪᠠᠶᠢᠷᠢᠯᠠᠭ᠎ᠠ ᠦᠦᠰᠢᠨ | ᠬᠤᠰᠢᠭᠤᠨ ᠤ ᠮᠠᠯᠴᠢᠳ ᠲᠡᠭᠡᠷ᠎ᠡ ᠵᠠᠭᠤᠨ ᠤ ᠳᠠᠪᠢᠭᠠᠳ ᠤᠨ ᠪᠤᠯᠳᠠᠯ᠎ᠠ ᠤᠷᠤᠨ ᠨᠤᠲᠤᠭ ᠤᠨ ᠬᠤᠨᠢ ᠪᠠᠨ | ᠭᠤᠤᠯᠯᠠᠨ ᠮᠠᠯᠵᠢᠵᠤ᠂ 1958 ᠤᠨ ᠠᠴᠠ ᠤᠷᠳᠤᠰ ᠤᠨ ᠨᠠᠷᠢᠨ ᠨᠤᠤᠰᠤᠳᠤ ᠬᠤᠨᠢ ᠪᠤᠶᠢᠵᠢᠭᠤᠯᠬᠤ ᠰᠢᠨ᠎ᠡ | ᠡᠭᠦᠳᠦᠯᠳᠡ ᠶᠢᠨ ᠠᠶᠠᠨ ᠢᠶᠠᠨ ᠡᠬᠢᠯᠡᠭᠦᠯᠦᠭᠰᠡᠨ ᠪᠠᠶᠢᠳᠠᠭ᠃ ᠲᠡᠭᠡᠷ᠎ᠡ ᠵᠠᠭ᠋᠊ ᠤᠨ ᠤ ᠵᠢᠷᠠᠭᠠᠳ ᠤᠨ ᠤ ᠡᠬᠢ ᠪᠠᠷ | ᠤᠷᠳᠤᠰ ᠤᠨ ᠨᠠᠷᠢᠨ ᠨᠤᠤᠰᠤᠳᠤ ᠬᠤᠨᠢ ᠨᠢ ᠤᠷᠤᠨ ᠨᠤᠲᠤᠭ ᠤᠨ ᠮᠤᠩᠭᠤᠯ ᠬᠤᠨᠢ ᠪᠠᠷ ᠡᠬᠡ ᠮᠠᠯ ᠪᠤᠯᠭᠠᠵᠤ᠂ | ᠰᠢᠨᠵᠢᠶᠠᠩ ᠤᠨ ᠨᠠᠷᠢᠨ ᠨᠤᠤᠰᠤᠳᠤ ᠬᠤᠨᠢ ᠪᠠᠷ ᠦᠷ᠎ᠡ ᠶᠢᠨ ᠮᠠᠯ ᠪᠤᠯᠭᠠᠵᠤ᠂ ᠪᠠᠭ᠎ᠠ ᠬᠡᠮᠵᠢᠶᠡᠨ ᠤ ᠵᠦᠪᠯᠡᠯᠳᠦ ᠶᠢᠨ | ᠮᠧᠷᠢᠨᠤᠰ ᠬᠤᠨᠢ ᠪᠤᠯᠤᠨ ᠪᠤᠷᠬᠤᠸᠠᠰ ᠬᠤᠨᠢᠨ ᠤ ᠴᠢᠰᠦ ᠤᠷᠤᠭᠤᠯᠤᠨ ᠡᠭᠦᠯᠳᠡᠷ ᠰᠠᠶᠢᠵᠢᠷᠠᠭᠤᠯᠪᠠ᠃ 1986 | ᠤᠨ ᠠᠴᠠ ᠠᠦ᠋ᠰᠲᠷᠠᠯᠢᠶ᠎ᠠ ᠶᠢᠨ ᠮᠧᠷᠢᠨᠤᠰ ᠬᠤᠨᠢᠨ ᠤ ᠴᠢᠰᠤ ᠶᠢ ᠤᠷᠤᠭᠤᠯᠵᠤ ᠡᠭᠦᠯᠳᠡᠷ ᠰᠠᠶᠢᠵᠢᠷᠠᠭᠤᠯᠵᠠᠢ᠃ | ᠬᠡᠳᠦᠨ ᠵᠢᠯ ᠤᠨ ᠦᠢᠯᠡᠳᠪᠦᠷᠢᠯᠡᠯ ᠦᠢᠯᠡᠳᠦᠯᠬᠡ ᠪᠠᠷ ᠳᠠᠮᠵᠢᠨ᠂ ᠳᠤᠬᠠᠢ ᠶᠢᠨ ᠭᠠᠵᠠᠷ ᠤᠨ ᠮᠠᠯᠴᠢᠳ ᠨᠠᠷᠢᠨ | ᠨᠤᠤᠰᠤᠳᠤ ᠬᠤᠨᠢ ᠮᠠᠯᠵᠢᠬᠤ ᠨᠢ ᠤᠷᠤᠨ ᠨᠤᠳᠤᠬ ᠤᠨ ᠬᠤᠨᠢ ᠮᠠᠯᠵᠢᠬᠤ ᠠᠴᠠ ᠠᠰᠢᠬ ᠤᠷᠤᠯᠭ᠎ᠠ ᠦᠨᠳᠦᠷ | ᠪᠠᠶᠢᠬᠤ ᠶᠢ ᠮᠡᠳᠡᠵᠦ᠂ ᠦᠢᠯᠡᠳᠪᠦᠷᠢᠯᠡᠯ ᠤᠨ ᠤᠷᠴᠢᠨ ᠨᠦᠬᠦᠴᠡᠯ ᠬᠦᠴᠢᠷ ᠪᠡᠷᠬᠡᠰᠢᠶᠡᠯ ᠲᠠᠢ᠂ ᠰᠢᠨᠵᠢᠯᠡᠭᠡ | ᠮᠡᠷᠭᠡᠵᠢᠯ ᠤᠨ ᠲᠦᠪᠰᠢᠨ ᠬᠤᠴᠤᠷᠤᠩᠭᠤᠢ᠂ ᠮᠡᠷᠭᠡᠵᠢᠯᠳᠡᠨ ᠴᠦᠬᠡᠨ ᠨᠦᠬᠦᠴᠡᠯ ᠳᠤᠤᠷ᠎ᠠ ᠬᠦᠮᠦᠨ ᠤ ᠬᠦᠴᠦ ᠪᠠᠷ | 37 ᠦᠷ᠎ᠡ ᠪᠤᠶᠢᠵᠢᠭᠤᠯᠬᠤ ᠴᠡᠭ ᠢ ᠪᠠᠶᠢᠭᠤᠯᠵᠤ᠂ ᠦᠷ᠎ᠡ ᠵᠦᠬᠡᠭᠡᠵᠦ ᠳᠠᠮᠵᠢᠭᠤᠯᠬᠤ ᠴᠡᠭ ᠨᠢᠬᠡ ᠶᠢ ᠪᠠᠶᠢᠭᠤᠯᠵᠤ᠂ | 144 ᠮᠡᠷᠭᠡᠵᠢᠯᠳᠡᠨ ᠳᠤ ᠪᠤᠯᠪᠠᠰᠤᠷᠠᠯ ᠬᠦᠷᠳᠡᠭᠡᠵᠡᠢ᠃ ᠬᠠᠯᠠᠰᠢᠷᠠᠯ ᠦᠭᠡᠢ ᠴᠢᠷᠮᠠᠶᠢᠯᠭ᠎ᠠ ᠪᠠᠷ ᠳᠠᠮᠵᠢᠨ 1968 | ᠤᠨ ᠪᠤᠯᠬᠤ ᠳᠤ ᠨᠠᠷᠢᠨ ᠨᠤᠤᠰᠤᠲᠤ ᠬᠤᠨᠢ ᠪᠠ ᠤᠷᠤᠨ ᠨᠤᠲᠤᠭ ᠤᠨ ᠬᠤᠨᠢ ᠶᠢ ᠬᠡᠬᠡᠯᠳᠤᠭᠦᠯᠦᠭᠰᠡᠨ ᠲᠤᠭ᠋ ᠠ | ᠨᠤᠷᠮ᠎ᠠ ᠨᠡᠯᠢᠶᠡᠳ ᠤᠯᠠᠨ ᠪᠤᠯᠵᠤ᠂ ᠬᠤᠨᠢᠨ ᠤ ᠬᠢᠨᠠᠨ ᠲᠤᠭᠲᠠᠭᠠᠯᠲᠠ᠂ ᠳᠠᠷᠤᠢ ᠠᠬᠤᠷ ᠤᠨ ᠬᠢᠨᠠᠨ | ᠲᠤᠭᠲᠠᠭᠠᠯᠲᠠ ᠶᠢ ᠬᠢᠵᠤ ᠡᠬᠢᠯᠡᠭᠰᠡᠨ ᠪᠠᠶᠢᠨ᠎ᠠ᠃ 1972 ᠤᠨ ᠠᠴᠠ ᠡᠬᠢᠯᠡᠨ ᠡᠯ᠎ᠡ ᠡᠭᠦᠯᠳᠡᠷ ᠪᠤᠶᠢᠵᠢᠭᠤᠯᠬᠤ | ᠴᠡᠭ ᠲᠤ ᠤᠷᠢᠳ ᠬᠤᠵᠢᠳ ︽ᠬᠦᠨᠳᠡᠯᠡᠨ ᠢᠶᠠᠷ ᠰᠤᠯᠪᠢᠴᠠᠭᠤᠯᠤᠨ ᠳᠤᠬᠳᠠᠪᠤᠷᠢᠵᠢᠭᠤᠯᠬᠤ︾ ᠪᠤᠯᠤᠨ ᠰᠤᠩᠭᠤᠵᠤ | ᠪᠤᠶᠢᠵᠢᠭᠤᠯᠬᠤ ᠠᠵᠢᠯ ᠢᠶᠠᠨ ᠡᠬᠢᠯᠡᠭᠦᠯᠪᠡ᠃ ᠡᠭᠦᠨ ᠤ ᠰᠠᠭᠤᠷᠢᠨ ᠲᠡᠭᠡᠷ᠎ᠡ ᠠᠭᠠᠵᠢᠮ ᠢᠶᠠᠷ ᠥᠪᠡᠷ ᠲᠡᠭᠡᠨ | ᠪᠤᠶᠢᠵᠢᠭᠤᠯᠵᠤ ᠰᠠᠶᠢᠵᠢᠷᠠᠭᠤᠯᠬᠤ᠂ ᠰᠢᠰᠲ᠋ᠧᠮ ᠲᠠᠢ ᠪᠠᠷ ᠰᠤᠩᠭᠤᠵᠤ ᠪᠤᠶᠢᠵᠢᠭᠤᠯᠬᠤ ᠶᠢᠨ ᠬᠠᠮᠳᠤ ᠰᠢᠨᠵᠢᠯᠡᠬᠦ | ᠤᠬᠠᠭᠠᠨᠴᠢ ᠠᠷᠠᠴᠢᠯᠠᠭ᠎ᠠ ᠬᠠᠮᠢᠶᠠᠷᠤᠯᠳᠠ᠂ ᠭᠡᠮ ᠬᠢᠵᠢᠭ ᠢ ᠰᠡᠷᠬᠡᠶᠢᠯᠡᠨ ᠵᠠᠰᠠᠬᠤ ᠵᠡᠷᠭᠡ ᠡᠭᠦᠯᠳᠡᠷ ᠪᠤᠶᠢᠵᠢᠭᠤᠯᠬᠤ | ᠠᠷᠭ᠎ᠠ ᠠᠪᠴᠠᠯ ᠢᠶᠠᠨ ᠤᠯᠠᠮ ᠰᠠᠶᠢᠵᠢᠷᠠᠭᠤᠯᠪᠠ᠃ ᠲᠡᠷᠡᠴᠢᠯᠡᠨ ᠵᠢᠯ ᠪᠤᠯᠭᠠᠨ ᠪᠦᠬᠦ ᠰᠦᠷᠦᠭ ᠲᠤ ᠬᠢᠨᠠᠨ | ᠳᠤᠬᠳᠠᠭᠠᠯᠳᠠ ᠬᠢᠬᠦ ᠶᠢ ᠪᠠᠷᠢᠮᠳᠠᠯᠠᠬᠰᠠᠨ ᠠᠴᠠ ᠰᠦᠷᠦᠭ ᠤᠨ ᠳᠡᠰ ᠢᠯᠭᠠᠯ ᠨᠢ ᠳᠤᠳᠤᠷᠬᠠᠢ ᠪᠤᠯᠵᠤ᠂ ᠡᠭᠦᠯᠳᠡᠷ | ᠰᠢᠯᠢᠨ ᠰᠤᠩᠭᠤᠵᠤ ᠪᠤᠶᠢᠵᠢᠭᠤᠯᠬᠤ ᠶᠢ ᠪᠠᠷᠢᠮᠳᠠᠯᠠᠬᠰᠠᠨ ᠠᠴᠠ ᠬᠤᠴᠠᠨ ᠤ ᠴᠢᠨᠠᠷ ᠢ ᠪᠠᠳᠤᠯᠠᠵᠤ ᠴᠢᠳᠠᠵᠠᠢ᠃ | 1974 ᠤᠨ ᠪᠤᠯᠬᠤ ᠳᠤ ᠪᠦᠬᠦ ᠬᠤᠰᠢᠭᠤᠨ ᠤ ᠡᠭᠦᠯᠳᠡᠷ ᠰᠠᠶᠢᠵᠢᠷᠠᠭᠤᠯᠤᠬᠰᠠᠨ ᠨᠠᠷᠢᠨ ᠨᠤᠤᠰᠤᠳᠤ ᠬᠤᠨᠢᠨ ᠤ | ᠳᠤᠭ᠎ᠠ ᠳᠤᠯᠤᠭᠠᠢ 22 ᠲᠦᠮᠡ ᠶᠢ ᠳᠠᠪᠠᠪᠠ᠃ ᠳᠤᠰ ᠵᠢᠯ ᠳᠤ ︽ᠤᠷᠳᠤᠰ ᠤᠨ ᠨᠠᠷᠢᠨ ᠨᠤᠤᠰᠤᠳᠤ ᠬᠤᠨᠢ ᠶᠢ | ᠬᠢᠨᠠᠨ ᠳᠤᠬᠳᠠᠭᠠᠬᠤ ᠪᠠᠷᠢᠮᠵᠢᠶ᠎ᠠ︾ ᠶᠢ ᠳᠤᠬᠳᠠᠭᠠᠵᠤ᠂ ᠦᠦᠰᠢᠨ ᠬᠤᠰᠢᠭᠤ ᠶᠢ ᠤᠷᠳᠤᠰ ᠤᠨ ᠨᠠᠷᠢᠨ ᠨᠤᠤᠰᠤᠳᠤ | ᠬᠤᠨᠢ ᠪᠤᠶᠢᠵᠢᠭᠤᠯᠬᠤ ᠭᠤᠤᠯᠳᠠᠯᠭᠠᠳᠤ ᠤᠷᠤᠨ ᠢᠶᠠᠷ ᠳᠤᠬᠳᠠᠭᠠᠪᠠ᠃ 1983 ᠤᠨ ᠪᠤᠯᠬᠤ ᠳᠤ ᠪᠦᠬᠦ | ᠬᠤᠰᠢᠭᠤᠨ ᠳᠤ ᠵᠤᠬᠢᠶᠠᠮᠠᠯ ᠬᠡᠬᠡᠯᠳᠦᠭᠦᠯᠬᠡ ᠶᠢᠨ ᠦᠷᠳᠡᠭᠡ 453 ᠪᠤᠯᠵᠤ᠂ ᠮᠠᠯᠴᠢᠨ ᠲᠠᠷᠢᠶᠠᠴᠢᠨ ᠮᠡᠷᠭᠡᠵᠢᠯᠳᠡᠨ | 570 ᠬᠦᠮᠦᠨ ᠪᠤᠯᠪᠠ᠃ | | | | | | ᠬᠡᠪᠴᠢᠶᠡᠵᠢᠨ ᠪᠦᠷᠢᠯᠳᠦᠭᠰᠡᠨ ᠠᠵᠤ ᠦᠢᠯᠡᠰ ᠤᠨ ᠰᠠᠭᠤᠷᠢᠨ | 1985 ᠤᠨ ᠪᠤᠯ ᠦᠦᠰᠢᠨ ᠬᠤᠰᠢᠭᠤᠨ ᠤ ᠲᠡᠤᠬᠡᠨ ᠳᠠᠬᠢ ᠵᠢᠷ ᠤᠨ ᠪᠤᠰᠤ ᠨᠢᠬᠡ ᠵᠢᠯ ᠪᠤᠯᠤᠨ᠎ᠠ᠃ 5 | ᠰᠠᠷ᠎ᠠ ᠳᠤ᠂ ᠥᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠢᠶᠠᠷ | ᠪᠦᠷᠢᠯᠳᠦᠭᠰᠡᠨ ᠤᠷᠳᠤᠰ ᠤᠨ ᠨᠠᠷᠢᠨ ᠨᠤᠤᠰᠤᠳᠤ ᠬᠤᠨᠢ ᠶᠢ ᠰᠢᠯᠭᠠᠨ ᠪᠠᠶᠢᠴᠠᠭᠠᠬᠤ ᠳᠤᠭᠤᠶᠢᠢᠯᠠᠩ ᠤᠨ ᠬᠢᠨᠠᠨ | ᠳᠤᠬᠳᠠᠭᠠᠯᠳᠠ ᠪᠠᠷ ᠳᠠᠮᠵᠢᠨ᠂ ᠦᠦᠰᠢᠨ ᠬᠤᠰᠢᠭᠤ ᠪᠠᠷ ᠭᠤᠤᠯ ᠪᠤᠯᠭᠠᠨ ᠪᠤᠶᠢᠵᠢᠭᠤᠯᠵᠤ ᠭᠠᠷᠭᠠᠬᠰᠠᠨ ᠨᠠᠷᠢᠨ | ᠨᠤᠤᠰᠤᠳᠤ ᠬᠤᠨᠢ ᠶᠢ ︽ᠤᠷᠳᠤᠰ ᠤᠨ ᠨᠠᠷᠢᠨ ᠨᠤᠤᠰᠤᠳᠤ ᠬᠤᠨᠢ︾ ᠭᠡᠵᠦ ᠵᠢᠩᠬᠢᠨᠢ ᠪᠠᠷ ᠨᠡᠷᠡᠶᠢᠳᠪᠡ᠃ ᠮᠦᠨ ᠴᠦ | ᠳᠤᠰ ᠵᠢᠯ ᠳᠤᠨᠢ ᠲᠠᠷᠢᠶᠠᠯᠠᠩ ᠤᠨ ᠶᠠᠮᠤᠨ ᠠᠴᠠ ᠦᠦᠰᠢᠨ ᠬᠤᠰᠢᠭᠤ ᠶᠢ ᠨᠠᠷᠢᠨ ᠨᠤᠤᠰᠤᠳᠤ ᠬᠤᠨᠢᠨ ᠤ | ᠦᠢᠯᠡᠳᠪᠦᠷᠢᠯᠡᠯ ᠤᠨ ᠰᠠᠭᠤᠷᠢᠨ ᠢᠶᠠᠷ ᠵᠢᠭᠰᠠᠭᠠᠨ ᠭᠠᠷᠭᠠᠵᠠᠢ᠃ ᠤᠳᠤ ᠪᠤᠯᠬᠤ ᠳᠤ ᠤᠷᠳᠤᠰ ᠤᠨ ᠨᠠᠷᠢᠨ ᠨᠤᠤᠰᠤᠳᠤ | ᠬᠤᠨᠢ ᠨᠢ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠲᠠᠢ ᠠᠳᠠᠯᠢ ᠪᠠᠷ ᠮᠦᠨᠴᠦ ᠤᠷᠳᠤᠰ ᠨᠤᠳᠤᠭ ᠤᠨ | ᠲᠦᠷᠦᠯ ᠳᠡᠮᠳᠡᠭ ᠪᠤᠯᠤᠨ ᠰᠦᠨᠳᠡᠷᠯᠡᠵᠦ᠂ ᠠᠬᠠᠷ ᠨᠤᠤᠰᠤ᠂ ᠠᠷᠠᠰᠤ ᠮᠢᠬ᠎ᠠ᠂ ᠦᠢᠯᠡᠳᠪᠦᠷᠢᠯᠡᠯ ᠤᠨ ᠴᠢᠳᠠᠪᠬᠢ | ᠵᠡᠷᠭᠡ ᠳᠠᠯ᠎ᠠ ᠪᠠᠷ ᠪᠦᠬᠦ ᠤᠯᠤᠰ ᠤᠨ ᠲᠡᠷᠢᠭᠦᠨ ᠤ ᠲᠦᠪᠰᠢᠨ ᠳᠤ ᠬᠦᠷᠴᠡᠢ᠃ ᠤᠳᠤᠬᠠᠨ ᠳᠤ ᠪᠦᠬᠦ ᠬᠤᠰᠢᠭᠤᠨ ᠤ | ᠨᠠᠷᠢᠨ ᠨᠤᠤᠰᠤᠳᠤ ᠬᠤᠨᠢᠨ ᠤ ᠳᠤᠭ᠎ᠠ ᠳᠤᠯᠤᠭᠠᠢ 120 ᠲᠦᠮᠡ ᠶᠢ ᠳᠠᠪᠠᠵᠤ᠂ ᠵᠢᠯ ᠳᠡᠭᠡᠨ 50 ᠲᠦᠮᠡᠨ ᠬᠤᠨᠢ᠂ | 5000 ᠳᠤᠨ ᠨᠤᠤᠰᠤ᠂ 8000 ᠳᠤᠨ ᠮᠢᠬ᠎ᠠ᠂ 50 ᠲᠦᠮᠡᠨ ᠰᠢᠷᠬᠡᠭ ᠠᠷᠠᠰᠤ ᠭᠠᠷᠭᠠᠳᠠᠭ᠃ ᠪᠦᠬᠦ | ᠬᠤᠰᠢᠭᠤᠨ ᠤ ᠨᠠᠷᠢᠨ ᠨᠤᠤᠰᠤᠳᠤ ᠬᠤᠨᠢᠨ ᠤ ᠡᠭᠦᠯᠳᠡᠷ ᠰᠠᠶᠢᠵᠢᠷᠠᠭᠤᠯᠤᠬᠰᠠᠨ ᠨᠤᠷᠮ᠎ᠠ 85% ᠳᠤ ᠬᠦᠷᠴᠦ᠂ ᠪᠦᠬᠦ | ᠤᠯᠤᠰ ᠤᠨ ᠰᠢᠶᠠᠨ ᠤ ᠳᠡᠰ ᠤᠨ ᠬᠡᠪᠴᠢᠶ᠎ᠡ ᠪᠠᠷ ᠬᠠᠮᠤᠬ ᠤᠨ ᠶᠡᠭᠡ᠂ ᠴᠢᠨᠠᠷ ᠢᠶᠠᠷ ᠬᠠᠮᠤᠬ ᠤᠨ ᠰᠠᠶᠢᠨ᠂ | ᠦᠷᠡᠵᠢᠭᠦᠯᠦᠨ ᠪᠤᠶᠢᠵᠢᠭᠤᠯᠬᠤ ᠰᠢᠰᠲ᠋ᠧᠮ ᠪᠤᠯᠤᠨ ᠮᠡᠷᠭᠡᠵᠢᠯ ᠳᠤ ᠲᠦᠰᠢᠭᠯᠡᠬᠦ ᠰᠢᠰᠲ᠋ᠧᠮ ᠪᠦᠷᠢᠯᠳᠦᠭᠰᠡᠨ ᠨᠡᠷᠡᠳᠦ | ᠲᠠᠸᠠᠷ ᠤᠨ ᠦᠢᠯᠡᠴᠢᠯᠡᠭᠡ ᠲᠠᠢ ᠬᠠᠮᠤᠬ ᠤᠨ ᠰᠠᠶᠢᠨ ᠨᠠᠷᠢᠨ ᠨᠤᠤᠰᠤᠳᠤ ᠬᠤᠨᠢᠨ ᠤ ᠠᠵᠤ ᠦᠢᠯᠡᠰ ᠤᠨ ᠰᠠᠭᠤᠷᠢᠨ | ᠪᠤᠯᠤᠬᠰᠠᠨ ᠪᠠᠶᠢᠨ᠎ᠠ᠃ | ᠤᠷᠢᠳ ᠬᠤᠵᠢᠳ ᠨᠠᠷᠢᠨ ᠨᠤᠤᠰᠤᠳᠤ ᠦᠷ᠎ᠡ ᠶᠢᠨ ᠮᠠᠯ ᠤᠨ ᠳᠠᠯᠠᠪᠠᠢ᠂ ᠠᠬᠤᠷ ᠨᠤᠤᠰᠤ ᠨᠦᠭᠡᠴᠡᠯᠡᠨ | ᠬᠠᠳᠠᠭᠠᠯᠠᠵᠤ ᠵᠦᠬᠡᠬᠡᠪᠦᠷᠢᠯᠡᠬᠦ ᠰᠤᠯᠢᠯᠴᠠᠭᠠᠨ ᠤ ᠲᠦᠪ᠂ ᠰᠧ ᠵᠢᠢ ᠴᠢᠩ ᠮᠢᠬᠠᠨ ᠤ ᠵᠦᠢᠯᠡᠰ ᠢ ᠨᠠᠷᠢᠯᠢᠬ | ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠪᠦᠲᠦᠬᠡᠨ ᠪᠠᠶᠢᠭᠤᠯᠵᠠᠢ᠃ 2007 ᠤᠨ ᠤ 9 ᠰᠠᠷ᠎ᠠ ᠳᠤ | ᠦᠦᠰᠢᠨ ᠬᠤᠰᠢᠭᠤ ᠨᠢ ᠳᠤᠮᠳᠠᠳᠤ ᠤᠯᠤᠰ ᠤᠨ ᠪᠠᠶᠢᠭᠠᠯᠢᠯᠢᠬ ᠮᠠᠯ ᠤᠨ ᠠᠰᠢᠬ ᠰᠢᠮ᠎ᠡ ᠶᠢᠨ ᠬᠤᠯᠪᠤᠭᠠᠨ ᠤ | ᠪᠠᠶᠢᠭᠠᠯᠢᠯᠢᠬ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠰᠠᠭᠤᠷᠢᠨ ᠢᠶᠠᠷ ᠳᠤᠬᠳᠠᠭᠠᠬᠳᠠᠪᠠ᠃ 2008 ᠤᠨ ᠤ 11 | ᠰᠠᠷ᠎ᠠ ᠳᠤ ᠤᠷᠳᠤᠰ ᠤᠨ ᠨᠠᠷᠢᠨ ᠨᠤᠤᠰᠤᠳᠤ ᠬᠤᠨᠢ ᠨᠢ ᠲᠠᠷᠢᠶᠠᠯᠠᠩ ᠤᠨ ᠶᠠᠮᠤᠨ ᠤ ᠮᠠᠯ ᠲᠠᠷᠢᠶᠠᠯᠠᠩ ᠤᠨ | ᠪᠦᠲᠦᠭᠡᠭᠳᠡᠭᠦᠨ ᠤ ᠠᠶᠤᠯᠬᠦᠢ ᠶᠢᠨ ᠲᠦᠪ ᠤᠨ ᠳᠤᠮᠳᠠᠳᠤ ᠤᠯᠤᠰ ᠤᠨ ᠠᠩᠬ᠎ᠠ ᠪᠦᠯᠦᠭ ᠭᠠᠵᠠᠷ ᠵᠦᠢ ᠶᠢᠨ | ᠢᠯᠡᠷᠬᠡᠶᠢᠯᠡᠯᠲᠦ ᠪᠦᠲᠦᠭᠡᠭᠳᠡᠭᠦᠨ ᠢᠶᠠᠷ ᠦᠨᠡᠯᠡᠭᠳᠡᠪᠡ᠃ 2013 ᠤᠨ ᠤ 12 ᠰᠠᠷ᠎ᠠ ᠳᠤ ᠤᠯᠤᠰ ᠤᠨ | ᠪᠠᠷᠢᠮᠵᠢᠶᠠᠵᠢᠬᠰᠠᠨ ᠬᠠᠮᠢᠶᠠᠷᠤᠯᠳᠠ ᠶᠢᠨ ᠵᠦᠪᠯᠡᠯ ᠤᠨ ︽ᠤᠯᠤᠰ ᠤᠨ ᠨᠠᠷᠢᠨ ᠨᠤᠤᠰᠤᠳᠤ ᠬᠤᠨᠢ ᠲᠡᠵᠢᠬᠡᠨ | ᠦᠷᠡᠵᠢᠭᠦᠯᠬᠦ ᠶᠡᠷᠦᠩᠬᠡᠶᠢᠯᠡᠭᠰᠡᠨ ᠪᠠᠷᠢᠮᠵᠢᠶᠠᠳᠤ ᠵᠢᠱᠢᠶ᠎ᠡ ᠦᠵᠡᠭᠦᠯᠬᠦ ᠤᠷᠤᠨ︾ ᠢᠶᠠᠷ ᠳᠤᠬᠳᠠᠭᠠᠬᠳᠠᠪᠠ᠃ | | | | | | ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠦᠭᠰᠡᠨ ᠬᠦᠭᠵᠢᠯᠲᠡ | 2005 ᠤᠨ ᠤ 4 ᠰᠠᠷ᠎ᠠ ᠳᠤ ︽ᠦᠦᠰᠢᠨ ᠬᠤᠰᠢᠭᠤᠨ ᠤ ᠠᠬᠠᠷ ᠨᠤᠤᠰᠤᠨ ᠤ ᠨᠡᠶᠢᠭᠡᠮᠯᠢᠭ︾ ᠢ | ᠡᠭᠦᠰᠭᠡᠨ ᠪᠠᠶᠢᠭᠤᠯᠵᠤ᠂ ᠨᠡᠶᠢᠭᠡᠮᠯᠢᠭ ᠨᠢ ︽ᠬᠤᠷᠰᠢᠶ᠎ᠠ + ᠨᠡᠶᠢᠭᠡᠮᠯᠢᠭ + ᠲᠡᠵᠢᠬᠡᠨ ᠠᠷᠠᠴᠢᠯᠠᠬᠤ ᠡᠷᠦᠬᠡ + ᠵᠠᠬ᠎ᠠ | ᠳᠡᠯᠭᠡᠭᠦᠷ︾ ᠬᠡᠬᠦ ᠬᠡᠯᠬᠢᠶ᠎ᠡ ᠶᠢ ᠪᠦᠷᠢᠯᠳᠦᠭᠦᠯᠦᠨ᠂ ︽ᠠᠬᠠᠷ ᠨᠤᠤᠰᠤᠨ ᠤ ᠨᠡᠭᠡᠮᠡᠯ ᠤᠨ ᠦᠢᠯᠡᠳᠪᠦᠷᠢ ᠮᠠᠯᠴᠢᠳ ᠲᠠᠢ | ᠰᠢᠭᠤᠳ ᠬᠠᠷᠢᠯᠴᠠᠬᠤ︾ ᠬᠡᠯᠪᠡᠷᠢ ᠪᠠᠷ ᠵᠠᠬ᠎ᠠ ᠳᠡᠯᠭᠡᠭᠦᠷ ᠤᠨ ᠪᠤᠷᠤᠯᠠᠭᠤᠯᠤᠯᠳᠠ ᠬᠢᠵᠦ᠂ ᠮᠠᠯᠴᠢᠳ ᠥᠪᠡᠷ ᠢᠶᠠᠨ | ᠠᠬᠠᠷ ᠨᠤᠤᠰᠤᠨ ᠤ ᠵᠠᠬ᠎ᠠ ᠳᠡᠯᠭᠡᠭᠦᠷ ᠤᠨ ᠦᠷᠢᠰᠦᠯᠳᠦᠬᠡᠨ ᠳᠤ ᠤᠷᠤᠯᠴᠠᠵᠤ᠂ ᠰᠢᠭᠤᠳ ᠠᠰᠢᠬ ᠬᠦᠷᠳᠡᠬᠦ ᠪᠤᠯᠪᠠ᠃ | 2008 ᠤᠨ ᠠᠴᠠ ᠨᠠᠰᠢ᠂ ᠠᠮᠢ ᠠᠬᠤᠢ ᠪᠠᠷ ᠡᠷᠴᠢᠮᠵᠢᠭᠦᠯᠦᠭᠰᠡᠨ ᠨᠠᠷᠢᠨ ᠨᠤᠤᠰᠤᠳᠤ ᠬᠤᠨᠢᠨ ᠤ ᠠᠵᠤ | ᠦᠢᠯᠡᠰᠵᠢᠯᠳᠡ ᠶᠢ ᠬᠦᠭᠵᠢᠭᠦᠯᠦᠨ᠂ ᠡᠵᠡᠩᠨᠡᠯᠳᠡ ᠨᠢ ᠬᠡᠪᠴᠢᠶᠡᠵᠢᠭᠰᠡᠨ᠂ ᠦᠷ᠎ᠡ ᠶᠢᠨ ᠮᠠᠯ ᠨᠢ ᠰᠢᠯᠢᠳᠡᠭᠵᠢᠭᠰᠡᠨ᠂ | ᠰᠠᠭᠤᠷᠢ ᠲᠦᠬᠦᠭᠡᠷᠦᠮᠵᠢ ᠪᠦᠷᠢᠨᠰᠢᠭᠰᠡᠨ᠂ ᠠᠷᠠᠴᠢᠯᠠᠵᠤ ᠲᠡᠵᠢᠬᠡᠬᠦ ᠪᠠᠨ ᠰᠢᠨᠵᠢᠯᠡᠬᠦ ᠤᠬᠠᠭᠠᠨᠴᠢᠯᠠᠬᠰᠠᠨ᠂ | ᠪᠡᠯᠴᠢᠬᠡᠷ ᠤᠨ ᠳᠠᠯᠠᠪᠠᠢ ᠨᠢ 5000 ᠮᠦ᠂ ᠤᠰᠤ ᠶᠢ ᠠᠷᠪᠢᠯᠠᠬᠤ ᠪᠠᠷ ᠭᠤᠤᠯᠳᠠᠯᠭ᠎ᠠ ᠪᠤᠯᠭᠠᠬᠰᠠᠨ 300 ᠮᠦ ᠶᠢᠨ | ᠡᠪᠡᠰᠦ ᠪᠤᠷᠳᠤᠭᠠᠨ ᠤ ᠰᠠᠭᠤᠷᠢᠨ ᠲᠠᠢ᠂ ᠠᠷᠠᠴᠢᠯᠠᠨ ᠲᠡᠵᠢᠬᠡᠬᠦ ᠮᠠᠯ 1200 ᠶᠢ ᠳᠠᠪᠠᠭᠰᠠᠨ᠂ ᠬᠦᠮᠦᠨ | ᠳᠤᠮᠳᠠᠴᠢ ᠶᠢᠨ ᠴᠡᠪᠡᠷ ᠤᠷᠤᠯᠭ᠎ᠠ 5 ᠲᠦᠮᠡᠨ ᠲᠦᠬᠦᠷᠢᠭ ᠬᠦᠷᠦᠭᠰᠡᠨ ᠵᠡᠷᠭᠡ ᠪᠠᠷ ᠪᠠᠷᠢᠮᠵᠢᠶᠠᠯᠠᠬᠰᠠᠨ ᠵᠢᠱᠢᠶ᠎ᠡ | ᠦᠵᠡᠭᠦᠯᠬᠦ ᠡᠷᠦᠬᠡ ᠨᠢᠭᠡᠨᠳᠡ 332 ᠪᠤᠯᠤᠬᠰᠠᠨ ᠪᠠᠶᠢᠳᠠᠭ᠃ | ᠡᠳᠦᠬᠡ ᠦᠦᠰᠢᠨ ᠬᠤᠰᠢᠭᠤ ᠨᠢ ᠨᠢᠬᠡᠨᠳᠡ ᠮᠡᠷᠭᠡᠵᠢᠯᠳᠡᠨ ᠤ ᠡᠩᠨᠡᠭᠡ ᠪᠠᠨ ᠪᠦᠷᠢᠯᠳᠦᠭᠦᠯᠵᠦ᠂ ᠢᠴᠡᠭᠡᠯ | ᠦᠷ᠎ᠡ᠂ ᠬᠦᠪᠦᠷᠡᠯ ᠰᠢᠯᠵᠢᠭᠦᠯᠬᠦ ᠵᠡᠷᠭᠡ ᠲᠡᠭᠡᠳᠦ ᠮᠡᠷᠭᠡᠵᠢᠯ ᠢ ᠡᠵᠡᠮᠰᠢᠵᠦ᠂ ᠦᠷ᠎ᠡ ᠶᠢᠨ ᠮᠠᠯ ᠤᠨ ᠳᠠᠯᠠᠪᠠᠢ ᠪᠠᠷ | ᠭᠤᠤᠯᠳᠠᠯᠭ᠎ᠠ ᠪᠤᠯᠭᠠᠨ ᠮᠠᠯᠴᠢᠨ ᠡᠷᠦᠬᠡ ᠬᠤᠯᠪᠤᠭᠠᠯᠠᠨ ᠰᠢᠯᠢᠳᠡᠭ ᠡᠭᠦᠯᠳᠡᠷ ᠤᠨ ᠬᠤᠨᠢ ᠪᠤᠶᠢᠵᠢᠭᠤᠯᠬᠤ ᠰᠢᠰᠲ᠋ᠧᠮ ᠢ | ᠤᠯᠠᠮ ᠨᠢᠬᠡ ᠠᠯᠬᠤᠮ ᠲᠡᠭᠦᠯᠳᠡᠷᠵᠢᠭᠦᠯᠪᠡ᠃ ︽2012 ᠤᠨ ᠠᠴᠠ ᠡᠬᠢᠯᠡᠨ ᠳᠤᠰᠬᠠᠢ ᠮᠡᠷᠭᠡᠵᠢᠯᠳᠡᠨ ᠢ ᠵᠤᠬᠢᠶᠠᠨ | ᠪᠠᠶᠢᠭᠤᠯᠵᠤ᠂ ᠨᠠᠷᠢᠨ ᠨᠤᠤᠰᠤᠳᠤ ᠬᠤᠨᠢᠨ ᠤ ᠤᠯᠠᠨ ᠲᠦᠯ ᠳᠤᠰᠬᠤ ᠳᠤᠷᠰᠢᠯᠳᠠ ᠬᠢᠵᠦ᠂ ᠤᠤᠯ ᠤᠨ ᠢᠬᠡᠷᠡᠯᠡᠬᠦ | ᠨᠤᠷᠮ᠎ᠠ 20% ᠪᠠᠶᠢᠬᠰᠠᠨ ᠠᠴᠠ ᠪᠠᠨ 50% ᠪᠤᠯᠤᠨ ᠲᠡᠭᠡᠭᠰᠢᠯᠡᠪᠡ᠃ ᠤᠳᠤ ᠪᠤᠯᠬᠤ ᠳᠤ ᠦᠦᠰᠢᠨ | ᠬᠤᠰᠢᠭᠤᠨ ᠤ ᠤᠷᠳᠤᠰ ᠤᠨ ᠨᠠᠷᠢᠨ ᠨᠤᠤᠰᠤᠳᠤ ᠬᠤᠨᠢᠨ ᠤ ᠵᠢᠯ ᠤᠨ ᠪᠦᠲᠦᠭᠡᠵᠦ ᠪᠦᠬᠦᠢ ᠠᠵᠤ ᠠᠬᠤᠢ ᠶᠢᠨ ᠦᠷ᠎ᠡ | ᠠᠰᠢᠬ 5.8 ᠳ᠋ᠦᠩᠰᠢᠭᠤᠷ ᠲᠦᠭᠦᠷᠢᠭ ᠬᠦᠷᠴᠦ᠂ ᠮᠠᠯᠴᠢᠳ ᠤᠨ ᠠᠰᠢᠬ ᠤᠷᠤᠯᠭ᠎ᠠ ᠶᠢᠨ 60% ᠠᠴᠠ | ᠲᠡᠭᠡᠭᠰᠢᠬᠢ ᠶᠢ ᠡᠵᠡᠯᠡᠵᠦ ᠪᠤᠢ︾ ᠬᠡᠵᠤ ᠦᠤᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠳᠤᠪᠴᠢᠶᠠᠨ ᠤ ᠳᠡᠳ᠋ ᠲᠠᠷᠤᠭ᠎ᠠ ᠴᠠᠭᠠᠨᠴᠢᠯᠠᠭᠤ ᠲᠠᠨᠢᠯᠴᠠᠭᠤᠯᠵᠤ ᠪᠠᠶᠢᠯ᠎ᠠ᠃ 2004 ᠤᠨ ᠠᠴᠠ ᠨᠠᠰᠢ ᠨᠡᠶᠢᠳᠡ | 10000 ᠭᠠᠷᠤᠢ ᠳᠤᠨ ᠨᠠᠷᠢᠨ ᠨᠤᠤᠰᠤ ᠶᠢ ᠨᠠᠨᠵᠢᠩ ᠤᠨ ᠨᠤᠤᠰᠤᠨ ᠤ ᠵᠠᠬ᠎ᠠ ᠳᠤ ᠦᠨ᠎ᠡ ᠬᠠᠶᠠᠯᠴᠠᠨ | ᠬᠤᠳᠠᠯᠳᠤᠵᠤ᠂ ᠠᠷᠠᠯᠵᠢᠶᠠᠯᠠᠬᠰᠠᠨ ᠬᠠᠮᠤᠬ ᠤᠨ ᠦᠨᠳᠦᠷ ᠦᠨ᠎ᠡ ᠵᠢᠩ ᠪᠦᠷᠢ ᠳᠡᠭᠡᠨ 22 ᠲᠦᠭᠦᠷᠢᠭ ᠲᠤ ᠬᠦᠷᠴᠦ | ᠂ ᠪᠦᠬᠦ ᠬᠤᠰᠢᠭᠤᠨ ᠤ ᠮᠠᠯᠴᠢᠳ ᠤᠨ ᠶᠡᠷᠦᠩᠬᠡᠢ ᠤᠷᠤᠯᠭ᠎ᠠ ᠶᠢ 8000 ᠭᠠᠷᠤᠢ ᠲᠦᠮᠡᠨ ᠲᠦᠬᠦᠷᠢᠭ | ᠨᠡᠮᠡᠭᠳᠡᠭᠦᠯᠦᠭᠰᠡᠨ ᠪᠠᠶᠢᠨ᠎ᠠ᠃ 2005 ᠤᠨ ᠳᠤ ︽ᠦᠦᠰᠢᠨ ᠤ ᠨᠠᠷᠢᠨ ᠨᠤᠤᠰᠤᠳᠤ ᠬᠤᠨᠢ︾ ᠬᠡᠬᠦ | ᠬᠤᠳᠠᠯᠳᠤᠭᠠᠨ ᠤ ᠳᠠᠸᠠᠷ ᠤᠨ ᠳᠡᠮᠳᠡᠭ ᠢ ᠳᠠᠩᠰᠠᠯᠠᠭᠤᠯᠵᠠᠢ᠃ ᠵᠢᠯ ᠳᠤ 10 ᠲᠦᠮᠡᠨ ᠬᠡᠰᠡᠭ ᠬᠤᠨᠢᠨ ᠤ ᠠᠷᠠᠰᠤ ᠶᠢ | ᠤᠯᠠᠮᠵᠢᠯᠠᠯ ᠪᠠ ᠤᠳᠤᠬᠢᠴᠢᠯᠠᠬᠰᠠᠨ ᠠᠷᠭ᠎ᠠ ᠶᠢ ᠤᠶᠠᠯᠳᠤᠭᠤᠯᠤᠨ ᠡᠳ᠋ᠰᠢᠭᠦᠯᠵᠦ᠂ ᠦᠨᠳᠦᠰᠦᠳᠡᠨ ᠤ ᠤᠨᠴᠠᠯᠢᠬ | ᠳᠤᠪᠤᠶᠢᠮ᠎ᠠ ᠠᠵᠤ ᠠᠬᠤᠶᠢᠢᠯᠠᠯ ᠳᠤᠬᠳᠠᠪᠤᠷᠢᠵᠢᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠡᠷᠡᠭᠯᠡᠭᠴᠢᠳ ᠤᠨ | ᠬᠦᠷᠢᠶᠡᠯᠡᠯ ᠢ ᠶᠡᠬᠡᠳᠡ ᠤᠯᠵᠤ ᠪᠤᠢ᠃ ᠢᠳᠡᠭᠡᠯᠡᠭᠰᠡᠨ ᠠᠷᠠᠰᠤ᠂ ᠬᠡᠪᠢᠰ᠂ ᠡᠯᠬᠦᠬᠡ ᠬᠡᠪᠢᠰ᠂ ᠤᠯᠪᠤᠭ᠂ ᠱᠠᠬᠠᠢ | ᠭᠤᠳᠤᠯ᠂ ᠬᠤᠪᠴᠠᠰᠤ ᠬᠤᠨᠠᠷ ᠵᠡᠷᠭᠡ ᠬᠤᠷᠢ ᠰᠢᠬᠠᠮ ᠲᠦᠷᠦᠯ ᠤᠨ ᠪᠦᠲᠦᠭᠡᠭᠳᠡᠬᠦᠨ ᠲᠠᠢ ᠪᠠᠶᠢᠵᠤ᠂ ᠶᠠᠫᠤᠨ᠂ | ᠢᠲ᠋ᠠᠯᠢ ᠵᠡᠷᠭᠡ ᠤᠯᠤᠰ ᠲᠤ ᠪᠤᠷᠤᠯᠠᠭᠤᠯᠤᠬᠳᠠᠵᠤ᠂ ᠥᠪᠡᠷᠮᠢᠴᠡ ᠠᠮᠳᠠᠳᠠᠢ ᠨᠠᠷᠢᠨ ᠨᠤᠤᠰᠤᠳᠤ ᠬᠤᠨᠢᠨ ᠤ ᠮᠢᠬ᠎ᠠ ᠨᠢ | ᠪᠡᠭᠡᠵᠢᠩ᠂ ᠱᠠᠩᠬᠠᠢ ᠵᠡᠷᠭᠡ ᠶᠡᠭᠡ ᠬᠤᠳᠠ ᠳᠤ ᠪᠤᠷᠤᠯᠠᠭᠤᠯᠤᠬᠳᠠᠵᠤ ᠬᠡᠷᠡᠭᠯᠡᠭᠴᠢᠳ ᠤᠨ ᠰᠠᠶᠢᠨ ᠦᠨᠡᠯᠡᠭᠡ ᠶᠢ | ᠤᠯᠤᠬᠰᠠᠨ ᠪᠠᠶᠢᠯ᠎ᠠ᠃ | | | | | | ᠦᠯᠢᠬᠡᠷ ᠨᠢᠬᠡ᠄ | ︽ᠨᠢᠴᠦᠭᠦᠨ ᠬᠤᠷᠠᠭ᠎ᠠ︾ ᠶᠢᠨ ᠳᠤᠬᠠᠢ ᠶᠠᠩᠵᠦ ᠪᠦᠷᠢ ᠶᠢᠨ ᠲᠠᠭᠠᠮᠠᠭᠯᠠᠯ | ︽ᠮᠠᠯᠴᠢᠳ ᠮᠠᠯ ᠢᠶᠠᠨ ︿ᠴᠠᠭᠠᠨ ᠪᠤᠷᠬᠠᠨ﹀ ᠭᠡᠵᠤ ᠬᠦᠨᠳᠦᠯᠡᠳᠡᠭ ᠤᠴᠢᠷ ᠠᠴᠠ ᠠᠩᠬ᠎ᠠ ᠡᠬᠢᠨ ᠳᠡᠭᠡᠨ | ᠵᠤᠬᠢᠶᠠᠮᠠᠯ ᠬᠡᠬᠡᠯᠳᠦᠭᠦᠯᠭᠡ ᠬᠢᠬᠦ ᠶᠢ ᠬᠦᠴᠦᠲᠡᠢ ᠡᠰᠡᠷᠭᠦᠴᠡᠵᠦ᠂ ᠮᠠᠯ ᠤᠨ ᠬᠡᠰᠢᠭ ᠪᠤᠶᠠᠨ ᠢ ᠪᠤᠵᠠᠷᠯᠠᠨ᠋ᠠ ᠬᠡᠮᠡᠨ | ᠳᠡᠮᠵᠢᠬᠦ ᠦᠬᠡᠢ ᠪᠠᠶᠢᠬᠰᠠᠨ᠃ ᠡᠶᠢᠮᠤ ᠠᠴᠠ ᠮᠠᠯ ᠤᠨ ᠡᠭᠦᠯᠳᠡᠷ ᠤᠭᠰᠠᠭ᠋ ᠠ ᠶᠢ ᠰᠠᠶᠢᠵᠢᠷᠠᠭᠤᠯᠬᠤ ᠠᠵᠢᠯ ᠳᠤ | ᠬᠦᠴᠢᠷ ᠲᠦᠪᠡᠭ ᠶᠡᠭᠡ ᠲᠤᠯᠭᠠᠷᠠᠵᠤ ᠪᠠᠶᠢᠭᠰᠠᠨ ᠶᠤᠮ︾ ᠭᠡᠵᠦ ᠳᠤᠬᠠᠢ ᠶᠢᠨ ᠦᠶ᠎ᠡ ᠳᠤ ᠦᠦᠰᠢᠨ ᠬᠤᠰᠢᠭᠤᠨ ᠤ | ᠮᠠᠯ ᠤᠨ ᠡᠭᠦᠯᠳᠡᠷ ᠰᠠᠶᠢᠵᠢᠷᠠᠭᠤᠯᠬᠤ ᠦᠷᠳᠡᠬᠡᠨ ᠳᠤ ᠠᠵᠢᠯᠯᠠᠵᠤ ᠪᠠᠶᠢᠬᠰᠠᠨ ᠨᠤᠷᠪᠤ ᠭᠤᠸᠠᠢ ᠬᠠᠭᠤᠴᠢᠯᠠᠨ᠎ᠠ᠃ | ᠡᠭᠦᠨ ᠠᠴᠠ ᠪᠤᠯᠵᠤ ᠦᠷᠬᠦᠯᠵᠢ ᠬᠤᠷᠠᠯ ᠴᠤᠭᠯᠠᠭ᠋ ᠠ ᠵᠤᠬᠢᠶᠠᠨ ᠪᠠᠶᠢᠭᠤᠯᠵᠤ ᠤᠬᠠᠭᠤᠯᠭ᠋ ᠠ ᠬᠦᠮᠦᠵᠢᠯ ᠤᠨ | ᠠᠵᠢᠯ ᠬᠢᠳᠡᠭ ᠪᠠᠶᠢᠵᠠᠢ᠃ ᠢᠩᠬᠢᠭᠡᠳ ᠮᠠᠯᠴᠢᠳ ᠤᠨ ᠬᠤᠷᠠᠯ ᠢᠶᠠᠷ ᠳᠠᠮᠵᠢᠨ ᠤᠯᠠᠨ ᠡᠷᠦᠬᠡ ᠠᠴᠠ ᠬᠤᠨᠢ ᠰᠤᠩᠭᠤᠨ | ᠠᠪᠴᠤ ᠨᠢᠭᠡ ᠰᠦᠷᠦᠭ ᠪᠤᠯᠭᠠᠨ᠂ 1958 ᠤᠨ ᠳᠤ ᠳᠤᠬᠠᠢ ᠶᠢᠨ ᠦᠶ᠎ᠡ ᠶᠢᠨ ᠭᠠᠯᠠᠭᠤᠳᠤ ᠬᠦᠩᠱᠧ ᠶᠢᠨ | ᠬᠦᠬᠡᠨᠠᠭᠤᠷ ᠪᠠᠷᠢᠭᠠᠳᠠ ᠶᠢᠨ ᠪᠠᠳᠮᠠᠷᠠᠭ᠎ᠠ ᠭᠡᠬᠦ ᠨᠠᠮ ᠤᠨ ᠭᠡᠰᠢᠭᠦᠨ ᠡᠷᠦᠭᠡ ᠶᠢ ᠰᠤᠩᠭᠤᠨ 161 ᠬᠤᠨᠢ | ᠳᠠᠭᠠᠭᠠᠴᠢᠯᠠᠭᠤᠯᠤᠨ ᠦᠭᠴᠦ᠂ ᠪᠦᠬᠦ ᠬᠤᠰᠢᠭᠤᠨ ᠤ ᠬᠠᠮᠤᠬ ᠤᠨ ᠠᠩᠬᠠᠨ ᠤ ᠡᠭᠦᠯᠳᠡᠷ ᠰᠠᠶᠢᠵᠢᠷᠠᠭᠤᠯᠬᠤ | ᠭᠤᠤᠯᠳᠠᠯᠭᠠᠳᠤ ᠰᠦᠷᠦᠭ ᠪᠤᠢ ᠪᠤᠯᠵᠠᠢ᠃ ᠡᠨᠡ ᠬᠦ ᠭᠤᠤᠯᠳᠠᠯᠭᠠᠳᠤ ᠰᠦᠷᠦᠭ ᠤᠨ ᠡᠵᠡᠨ ᠪᠠᠳᠮᠠᠷᠠᠭ ᠤᠨ ᠬᠢ | ᠭᠡᠭᠴᠢ ᠨᠢ ᠶᠠᠬ ᠰᠠᠬᠰᠠ ᠨᠠᠰᠤᠳᠠᠨ ᠤ ᠡᠷᠭᠦᠭᠰᠡᠨ ᠠᠪᠤ ᠡᠵᠢ ᠪᠠᠶᠢᠬᠰᠠᠨ ᠪᠤᠯᠬᠤᠷ ᠤᠷᠳᠤᠰ ᠤᠨ ᠨᠠᠷᠢᠨ ᠨᠤᠤᠰᠤᠳᠤ | ᠬᠤᠨᠢᠨ ᠤ ᠡᠴᠢᠨᠡᠨ ᠵᠢᠯ ᠤᠨ ᠤᠯᠠᠷᠢᠯ ᠬᠤᠪᠢᠰᠤᠯ᠂ ᠬᠦᠭᠵᠢᠯ ᠪᠠᠳᠠᠷᠠᠯ ᠢ ᠰᠠᠬᠰᠠ ᠭᠤᠸᠠᠢ ᠪᠡᠶ᠎ᠡ ᠪᠠᠷ ᠢᠶᠠᠨ | ᠥᠩᠭᠡᠷᠡᠭᠦᠯᠦᠭᠰᠡᠨ ᠪᠠᠶᠢᠯ᠎ᠠ᠃ 1958 ᠤᠨ ᠳᠤ 161 ᠬᠤᠨᠢᠨ ᠳᠤ ᠵᠤᠬᠢᠶᠠᠮᠠᠯ ᠭᠡᠭᠡᠯᠳᠦᠭᠦᠯᠬᠡ ᠬᠢᠵᠦ 163 | ᠬᠤᠷᠠᠭ᠋ ᠠ ᠲᠤᠰᠪᠠ᠃ ᠬᠠᠷᠢᠨ ᠳᠠᠷᠠᠭ᠋ ᠠ ᠵᠢᠯ ᠨᠢ ᠰᠢᠨ ᠠ ᠡᠭᠦᠯᠳᠡᠷ ᠤᠨ ᠮᠠᠯ ᠤᠨ ᠤᠨᠴᠠᠯᠢᠭ ᠢ ᠮᠡᠳᠡᠬᠦ ᠦᠭᠡᠢ᠂ | ᠲᠤᠷᠰᠢᠯᠭ᠋ ᠠ ᠰᠤᠷᠭᠠᠮᠵᠢ ᠬᠦᠷᠦᠯᠴᠡᠬᠦ ᠦᠭᠡᠢ᠂ ᠪᠡᠯᠡᠳᠬᠡᠯ ᠲᠦᠬᠦᠭᠡᠷᠦᠮᠵᠢ ᠪᠦᠷᠢᠨ ᠪᠤᠰᠤ ᠵᠡᠷᠭᠡ ᠠᠴᠠ | ᠰᠢᠯᠳᠠᠭᠠᠯᠠᠵᠤ᠂ 108 ᠬᠤᠨᠢᠨ ᠠᠴᠠ ᠵᠦᠪᠬᠡᠨ 8 ᠬᠤᠷᠠᠭ᠋ ᠠ ᠮᠡᠨᠳᠤ ᠤᠨᠳᠤᠷᠤᠭᠰᠠᠨ ᠪᠠᠶᠢᠨ᠎ᠠ᠃ ᠵᠤᠬᠢᠶᠠᠮᠠᠯ | ᠬᠡᠬᠡᠯᠳᠦᠭᠦᠯᠭᠡ ᠬᠢᠭᠡᠳ ᠳᠤᠰᠤᠭᠰᠠᠨ ᠲᠦᠯ ᠨᠢ ᠦᠰᠦ ᠨᠤᠤᠰᠤ ᠨᠢ ᠤᠬᠤᠷ᠂ ᠭᠦᠢᠲᠡᠨ ᠳᠤ ᠳᠠᠭᠠᠭᠠᠴᠠ ᠦᠭᠡᠢ᠂ | ᠰᠡᠭᠦᠯ ᠨᠢ ᠤᠷᠲᠤ ᠪᠠᠶᠢᠭᠰᠠᠨ ᠲᠤᠯᠠ ᠮᠠᠯᠴᠢᠳ ︽ᠲᠡᠭᠷᠢ ᠪᠤᠷᠬᠠᠨ ᠢ ᠪᠤᠵᠠᠷᠳᠤᠭᠤᠯᠤᠭᠠᠳ ᠨᠢᠴᠦᠭᠦᠨ ᠬᠤᠷᠠᠭ᠋ ᠠ | ᠭᠠᠷᠤᠯ ᠠ︾᠂ ︽ᠨᠤᠬᠠᠢ ᠰᠢᠬ ᠤᠷᠲᠤ ᠰᠡᠭᠦᠯ ᠲᠠᠢ ᠬᠤᠷᠠᠭ᠋ ᠠ ᠭᠠᠷᠴᠢᠬᠠᠯ᠎ᠠ︾ ᠭᠡᠬᠦ ᠵᠡᠷᠭᠡ ᠪᠠᠷ ᠬᠡᠯᠡᠯᠴᠡᠨ | ᠵᠤᠬᠢᠶᠠᠮᠠᠯ ᠬᠡᠬᠡᠯᠳᠦᠬᠦᠯᠭᠡ ᠶᠢᠨ ᠠᠵᠢᠯ ᠢ ᠤᠯᠠᠮ ᠡᠰᠡᠷᠭᠦᠴᠡᠬᠦ ᠪᠤᠯᠪᠠ᠃ ᠭᠡᠪᠡᠴᠦ ᠡᠯ ᠠ ᠱᠠᠲᠤᠨ ᠤ ᠨᠠᠮ ᠵᠠᠰᠠᠬ ᠤᠨ | ᠪᠠᠶᠢᠭᠤᠯᠭ᠎ᠠ ᠪᠠ ᠲᠤᠰᠬᠠᠢ ᠮᠡᠷᠭᠡᠵᠢᠯ ᠤᠨ ᠰᠠᠯᠠᠭ᠋ ᠠ ᠮᠦᠴᠢᠷ ᠡᠨᠡ ᠬᠦ ᠠᠰᠠᠭᠤᠳᠠᠯ ᠢ ᠬᠦᠨᠳᠦᠳᠬᠡᠨ ᠦᠵᠡᠵᠤ᠂ | ᠵᠦᠪ ᠲᠠᠯ᠎ᠠ ᠶᠢᠨ ᠬᠦᠮᠦᠵᠢᠯ ᠬᠢᠵᠤ᠂ ᠬᠤᠷᠠᠯ ᠬᠢᠵᠤ ᠰᠤᠳᠤᠯᠤᠨ ᠶᠠᠷᠢᠯᠴᠠᠵᠤ᠂ ᠲᠤᠷᠰᠢᠯᠭ᠋ ᠠ ᠰᠤᠷᠭᠠᠮᠵᠢ ᠪᠠᠨ | ᠳᠠᠰᠤᠷᠠᠯᠳᠠ ᠦᠭᠡᠢ ᠳ᠋ᠦᠡᠭᠨᠡᠵᠡᠢ᠃ | ︽ᠭᠦᠢᠲᠡᠨ ᠳᠤ ᠳᠠᠭᠠᠭᠠᠴᠠ ᠮᠠᠭᠤᠳᠠᠢ ᠪᠠᠶᠢᠳᠠᠭ ᠠᠴᠠ ᠨᠢ ᠰᠤᠷᠭᠠᠮᠵᠢ ᠠᠪᠴᠤ ᠪᠤᠷᠭᠠᠰᠤ ᠪᠠᠷ ᠬᠠᠰᠢᠶ ᠠ | ᠭᠦᠷᠦᠵᠤ᠂ ᠰᠢᠪᠠᠬ ᠢᠶᠠᠷ ᠳᠠᠷᠤᠵᠤ᠂ ᠰᠢᠪᠠᠷ ᠢᠶᠠᠷ ᠰᠢᠪᠠᠵᠤ᠂ ᠢᠰᠡᠬᠡᠢ ᠵᠡᠷᠭᠡ ᠪᠠᠷ ᠪᠦᠷᠢᠵᠦ ᠬᠤᠷᠠᠭ᠋ ᠠ ᠪᠠᠨ | ᠬᠠᠰᠢᠵᠤ ᠡᠬᠢᠯᠡᠵᠡᠢ᠃ ᠡᠪᠡᠰᠦ ᠬᠠᠳᠤᠨ ᠨᠦᠬᠡᠴᠡᠯᠡᠵᠦ᠂ ᠮᠤᠳᠤ ᠲᠠᠷᠢᠨ ᠮᠤᠳᠤᠨ ᠤ ᠰᠠᠯᠠᠭ᠋ ᠠ ᠨᠠᠮᠠᠭ᠋ ᠠ ᠪᠠᠷ | ᠲᠡᠵᠢᠭᠡᠵᠦ᠂ ᠮᠠᠯ ᠤᠨ ᠪᠤᠷᠳᠤᠭ᠋ ᠠ ᠪᠠᠨ ᠦᠪᠡᠰᠦᠪᠡᠨ ᠰᠢᠢᠳᠪᠦᠷᠢᠯᠡᠵᠤ᠂ ᠮᠠᠯ ᠤᠨ ᠲᠠᠷᠭᠤ ᠠᠪᠤᠭᠤᠯᠬᠤ ᠳᠤ | ᠬᠡᠷᠡᠭᠯᠡᠬᠦ ᠪᠤᠯᠤᠬᠰᠠᠨ ᠶᠤᠮ︾ ᠭᠡᠵᠦ ᠵᠢᠷᠠ ᠭᠠᠷᠴᠤ ᠨᠢᠭᠤᠷ ᠲᠦᠭᠦᠷᠡᠩ ᠦᠷᠴᠢᠯᠡᠭᠡᠰᠦ ᠰᠠᠭᠤᠬᠰᠠᠨ ᠰᠠᠬᠰᠠ | ᠨᠠᠰᠤᠳᠠᠨ ᠳᠤᠬᠠᠢ ᠶᠢᠨ ᠦᠶᠡᠰ ᠤᠨ ᠪᠠᠶᠢᠳᠠᠯ ᠢᠶᠠᠨ ᠡᠷᠬᠢᠴᠡᠭᠦᠯᠦᠨᠡ᠃ | ᠬᠠᠷᠢᠨ ᠰᠡᠭᠦᠯᠡᠷ ᠨᠢ ᠵᠢᠯ ᠠᠴᠠ ᠪᠠᠨ ᠵᠢᠯ ᠰᠤᠷᠭᠠᠮᠵᠢ ᠠᠪᠴᠤ ᠳᠤᠷᠰᠢᠯᠭ᠎ᠠ ᠬᠤᠷᠠᠮᠳᠤᠭᠤᠯᠤᠨ᠂ | ᠤᠷᠳᠤᠰ ᠤᠨ ᠨᠠᠷᠢᠨ ᠨᠤᠤᠰᠤᠳᠤ ᠬᠤᠨᠢ ᠴᠦ ᠦᠦᠰᠢᠨ ᠨᠤᠳᠤᠭ ᠤᠨ ᠪᠠᠯᠠᠷ ᠮᠠᠩᠬ᠎ᠠ᠂ ᠴᠠᠶᠢᠳᠠᠮ ᠨᠤᠲᠤᠭ ᠢᠶᠠᠷ | ᠳᠠᠷᠬᠠᠨ ᠪᠡᠯᠴᠢᠬᠡᠷᠯᠡᠵᠦ᠂ ᠰᠠᠬᠰᠠ ᠨᠠᠰᠤᠳᠠᠨ ᠴᠦ ᠤᠳᠤ ᠪᠤᠯᠳᠠᠯ᠎ᠠ ︽ᠬᠤᠨᠢᠨ ᠤ ᠲᠡᠷᠭᠡᠳᠡ ᠪᠠᠶᠢᠬᠤ ᠠᠴᠠ ᠤᠨᠳᠤᠤ | ᠵᠢᠷᠭᠠᠯ ᠠᠯᠠᠭ᠎ᠠ︾ ᠬᠡᠮᠡᠨ ᠤᠷᠳᠤᠰ ᠤᠨ ᠨᠠᠷᠢᠨ ᠨᠤᠤᠰᠤᠳᠤ ᠬᠤᠨᠢ ᠪᠠᠨ ᠰᠡᠳᠬᠢᠯ ᠲᠡᠨᠢᠬᠦᠨ ᠮᠠᠯᠵᠢᠨ ᠰᠠᠭᠤᠬᠰᠠᠭᠠᠷ ᠁ | | | | ᠦᠯᠢᠬᠡᠷ ᠬᠤᠶᠠᠷ᠄ | ᠦᠷᠡᠵᠢᠯ ᠰᠠᠶᠢᠳᠡᠢ ᠴᠡᠩᠬᠡᠯ ᠤᠨ ᠬᠤᠨᠢᠨ ᠰᠦᠷᠦᠭ | ︽ᠨᠠᠮᠠᠶᠢᠢ ᠪᠠᠭ᠎ᠠ ᠪᠠᠶᠢᠬᠤ ᠠᠴᠠ ᠡᠬᠢᠯᠡᠨ ᠮᠠᠨ ᠤ ᠬᠢᠨ ᠤᠷᠳᠤᠰ ᠤᠨ ᠨᠠᠷᠢᠨ ᠨᠤᠤᠰᠤᠳᠤ ᠬᠤᠨᠢ ᠮᠠᠯᠵᠢᠵᠤ | ᠪᠠᠶᠢᠬᠰᠠᠨ᠂ ᠡᠶᠢᠮᠦ ᠪᠤᠯᠬᠤᠷ ᠡᠨᠡ ᠬᠦ ᠬᠤᠨᠢᠨ ᠳᠠᠭᠠᠨ ᠪᠢ ᠤᠴᠢᠷ ᠦᠭᠡᠢ ᠶᠡᠭᠡ ᠬᠠᠶᠢᠷᠠᠳᠠᠢ︕︾ ᠭᠡᠵᠦ | ᠤᠷᠳᠤᠰ ᠬᠤᠳᠠ ᠶᠢᠨ ᠦᠦᠰᠢᠨ ᠬᠤᠰᠢᠭᠤᠨ ᠤ ᠰᠦᠯᠳᠡ ᠰᠤᠮᠤᠨ ᠤ ᠲᠦᠩᠽᠢ ᠭᠠᠴᠠᠭᠠᠨ ᠤ ᠮᠠᠯᠴᠢᠨ ᠴᠡᠩᠬᠡᠯ | ᠶᠠᠷᠢᠨ᠎ᠠ᠃ ᠴᠡᠩᠭᠡᠯ ᠤᠨ ᠬᠢᠨ ᠭᠡᠵᠦ ᠭᠤᠷᠪᠠᠨ ᠦᠶ᠎ᠡ ᠪᠠᠷ ᠢᠶᠠᠨ ᠬᠤᠳᠠ ᠤᠰᠤᠨ ᠳᠠᠭᠠᠨ ᠨᠡᠷᠡᠳᠡᠢ ᠰᠠᠶᠢᠨ ᠤᠳᠤᠮᠳᠤ | ᠮᠠᠯᠴᠢᠨ ᠡᠷᠦᠬᠡ ᠪᠠᠶᠢᠯ᠎ᠠ᠃ | ᠦᠦᠰᠢᠨ ᠬᠤᠰᠢᠭᠤᠨ ᠳᠤ ᠲᠡᠭᠡᠷ᠎ᠡ ᠵᠠᠭᠤᠨ ᠤ ᠵᠢᠷᠠᠭᠠᠳ ᠤᠨ ᠠᠴᠠ ᠡᠬᠢᠯᠡᠨ ᠵᠤᠬᠢᠶᠠᠮᠠᠯ ᠬᠡᠬᠡᠯᠳᠦᠭᠦᠯᠬᠡ | ᠬᠢᠵᠦ ᠪᠠᠶᠢᠬᠰᠠᠨ ᠲᠡᠤᠬᠡ ᠲᠠᠢ᠃ ᠪᠠᠭ᠎ᠠ ᠠᠴᠠ ᠪᠠᠨ ᠰᠤᠨᠢᠭᠤᠴᠢ ᠰᠡᠳᠬᠢᠯ ᠲᠠᠢ ᠪᠠᠶᠢᠬᠰᠠᠨ ᠴᠡᠩᠭᠡᠯ ᠪᠤᠷᠨᠠᠢ᠂ | ᠲᠦᠪᠴᠢᠨᠳᠤᠷᠵᠢ ᠵᠡᠷᠭᠡ ᠬᠦᠮᠦᠰ ᠠᠴᠠ ᠵᠤᠬᠢᠶᠠᠮᠠᠯ ᠬᠡᠬᠡᠯᠳᠦᠭᠦᠯᠬᠡ ᠬᠢᠬᠦ ᠮᠡᠷᠭᠡᠵᠢᠯ ᠰᠤᠷᠤᠯᠴᠠᠵᠠᠢ᠃ 1996 | ᠤᠨ ᠠᠴᠠ ᠡᠬᠢᠯᠡᠨ ᠲᠡᠷᠡ ᠶᠠᠮᠠᠷ ᠬᠤᠨᠢ ᠢᠬᠡᠷᠡᠯᠡᠵᠤ᠂ ᠶᠠᠮᠠᠷ ᠪᠠᠶᠢᠳᠠᠯ ᠳᠤᠤᠷ᠎ᠠ ᠢᠬᠡᠷᠡᠯᠡᠬᠦ ᠨᠤᠷᠮ᠎ᠠ ᠦᠨᠳᠦᠷ | ᠪᠠᠶᠢᠳᠠᠬ ᠢ ᠰᠤᠳᠤᠯᠤᠨ ᠰᠢᠨᠵᠢᠯᠡᠵᠦ᠂ ᠬᠠᠮᠢᠶ᠎ᠠ ᠪᠦᠬᠦᠢ ᠮᠠᠲ᠋ᠧᠷᠢᠶᠠᠯ ᠴᠤᠬᠯᠠᠭᠤᠯᠵᠤ ᠡᠬᠢᠯᠡᠭᠰᠡᠨ ᠪᠠᠶᠢᠯ᠎ᠠ᠃ | ᠠᠷᠪᠠᠭᠠᠳ ᠵᠢᠯ ᠤᠨ ᠬᠤᠷᠠᠮᠳᠤᠭᠤᠯᠤᠬᠰᠠᠨ ᠳᠤᠷᠰᠢᠯᠭ᠎ᠠ ᠰᠤᠷᠭᠠᠮᠵᠢ ᠪᠠᠨ ᠳ᠋ᠦᠩᠨᠡᠭᠰᠡᠨ ᠴᠡᠩᠭᠡᠯ 2011 | ᠤᠨ ᠤ ᠨᠠᠮᠤᠷ᠂ ᠤᠷᠤᠭ᠎ᠠ ᠤᠷᠤᠬᠰᠠᠨ 2 ᠤᠷᠳᠤᠰ ᠤᠨ ᠨᠠᠷᠢᠨ ᠨᠤᠤᠰᠤᠳᠤ ᠡᠮ᠎ᠡ ᠬᠤᠨᠢ ᠶᠢ 24 ᠴᠠᠬ ᠤᠨ | ᠳᠤᠳᠤᠷ᠎ᠠ ᠳᠤᠰᠪᠤᠷᠢ ᠬᠤᠶᠠᠷ ᠤᠷᠳᠤᠰ ᠤᠨ ᠨᠠᠷᠢᠨ ᠨᠤᠤᠰᠤᠳᠤ ᠬᠤᠴᠠ ᠪᠠᠷ ᠬᠡᠬᠡᠯᠳᠦᠭᠦᠯᠵᠦ ᠠᠮᠵᠢᠯᠳᠠ ᠤᠯᠪᠠ᠃ | ᠳᠠᠷᠠᠭ᠎ᠠ ᠵᠢᠯ ᠨᠢ 3 ᠬᠤᠨᠢᠨ ᠳᠤ ᠳᠤᠷᠰᠢᠯᠳᠠ ᠬᠢᠭᠡᠳ ᠮᠦᠨᠴᠦ ᠠᠮᠵᠢᠯᠳᠠ ᠤᠯᠤᠬᠰᠠᠨ ᠪᠤᠯᠬᠤᠷ ᠤᠯᠠᠮ ᠴᠦ | ᠵᠤᠷᠢᠬᠳᠠᠢ ᠪᠤᠯᠵᠠᠢ᠃ ᠲᠡᠷᠡᠪᠡᠷ 2013 ᠤᠨ ᠳᠤ ᠳᠤᠰᠬᠠᠶᠢᠢᠯᠠᠨ ᠤᠳᠤᠬ ᠬᠤᠰᠢᠭᠤᠨ ᠤ ᠤᠯᠠᠭᠠᠨᠪᠠᠯᠭᠠᠰᠤ ᠶᠢᠨ | ᠪᠠᠶ᠋ᠬᠠᠤᠰᠤ ᠭᠠᠴᠠᠭᠠᠨ ᠠᠴᠠ ᠮᠢᠬ᠎ᠠ ᠰᠠᠶᠢᠳᠠᠢ ᠭᠧᠷᠮᠠᠨ ᠤ ᠮᠧᠷᠢᠨᠤᠰ ᠬᠤᠨᠢ ᠪᠤᠯᠤᠨ ᠤᠬᠤᠷ ᠰᠡᠭᠦᠯᠳᠦ ᠦᠯᠴᠢᠷ | ᠬᠤᠨᠢᠨ ᠤ ᠬᠤᠴᠠ ᠬᠤᠳᠠᠯᠳᠤᠨ ᠠᠪᠴᠢᠷᠠᠵᠤ᠂ 40 ᠡᠬᠡ ᠮᠠᠯ ᠰᠤᠩᠭᠤᠨ ᠤᠷᠳᠤᠰ ᠤᠨ ᠨᠠᠷᠢᠨ ᠨᠤᠤᠰᠤᠳᠤ | ᠬᠤᠨᠢᠨ ᠤ ᠡᠭᠦᠯᠳᠡᠷ ᠤᠨ ᠬᠤᠴᠠ ᠪᠤᠯᠤᠨ ᠭᠧᠷᠮᠠᠨ ᠤ ᠮᠧᠷᠢᠨᠤᠰ ᠬᠤᠨᠢᠨ ᠤ ᠡᠭᠦᠯᠳᠡᠷ ᠤᠨ ᠬᠤᠴᠠ᠂ ᠤᠷᠳᠤᠰ ᠤᠨ | ᠨᠠᠷᠢᠨ ᠨᠤᠤᠰᠤᠳᠤ ᠬᠤᠨᠢᠨ ᠤ ᠡᠭᠦᠯᠳᠡᠷ ᠤᠨ ᠬᠤᠴᠠ ᠪᠤᠯᠤᠨ ᠤᠬᠤᠷ ᠰᠡᠭᠦᠯᠳᠦ ᠦᠯᠴᠢᠷ ᠬᠤᠨᠢᠨ ᠤ ᠡᠭᠦᠯᠳᠡᠷ ᠤᠨ | ᠬᠤᠴᠠ ᠪᠠᠷ ᠭᠡᠭᠡᠯᠳᠦᠭᠦᠯᠬᠡ ᠬᠢᠭᠡᠳ 33 ᠬᠤᠨᠢ ᠨᠢ ᠢᠬᠡᠷᠡᠯᠡᠵᠦ᠂ ᠤᠷᠳᠤᠰ ᠤᠨ ᠨᠠᠷᠢᠨ ᠨᠤᠤᠰᠤᠳᠤ ᠬᠤᠨᠢᠨ ᠤ | ᠡᠭᠦᠯᠳᠡᠷ ᠢᠶᠠᠨ ᠬᠠᠮᠠᠭᠠᠯᠠᠬᠰᠠᠨ ᠢᠶᠠᠷ ᠪᠠᠷᠠᠬᠤ ᠦᠭᠡᠢ ᠮᠢᠬ᠎ᠠ ᠰᠠᠶᠢᠳᠠᠢ ᠬᠤᠨᠢ ᠶᠢ ᠴᠦ ᠪᠤᠶᠢᠵᠢᠭᠤᠯᠤᠬᠰᠠᠨ ᠪᠠᠶᠢᠨ᠎ᠠ᠃ | ᠨᠡᠩ ᠴᠦ ᠡᠨᠡ ᠵᠢᠯ ᠳᠤ ᠡᠳᠡᠨ ᠤ 160 ᠭᠠᠷᠤᠢ ᠤᠷᠳᠤᠰ ᠤᠨ ᠨᠠᠷᠢᠨ ᠨᠤᠤᠰᠤᠳᠤ ᠬᠤᠨᠢᠨ ᠳᠤ ᠳᠤᠷᠰᠢᠯᠳᠠ | ᠬᠢᠭᠡᠳ 140 ᠬᠤᠨᠢ ᠨᠢ ᠢᠬᠡᠷᠡᠯᠡᠵᠡᠢ᠃ ︽ᠮᠠᠨ ᠤ ᠤᠷᠳᠤᠰ ᠤᠨ ᠨᠠᠷᠢᠨ ᠨᠤᠤᠰᠤᠳᠤ ᠬᠤᠨᠢ ᠭᠡᠵᠦ ᠡᠨᠡ | ᠨᠤᠳᠤᠭ ᠲᠠᠭᠠᠨ ᠳᠤᠬᠢᠷᠠᠳᠠᠬ ᠪᠡᠯᠴᠢᠬᠡᠷ ᠲᠤ ᠭᠠᠮᠳᠠᠢ᠂ ᠮᠢᠬ᠎ᠠ ᠨᠤᠤᠰᠤᠨ ᠤ ᠬᠤᠤᠰ ᠬᠡᠷᠡᠭᠴᠡᠭᠡᠳᠦ ᠬᠤᠨᠢ ᠪᠤᠯᠤᠨ᠎ᠠ᠃ | ᠤᠳᠤ ᠪᠤᠯᠬᠤ ᠳᠤ ᠳᠤᠷᠰᠢᠯᠳᠠ ᠪᠠᠷ ᠳᠠᠮᠵᠢᠨ ᠤᠤᠯ ᠤᠨ ᠢᠬᠡᠷᠡᠯᠡᠬᠦ ᠨᠤᠷᠮ᠎ᠠ 20% ᠲᠤ ᠬᠦᠷᠬᠦ ᠦᠭᠡᠢ | ᠪᠠᠶᠢᠬᠰᠠᠨ ᠢ ᠤᠳᠤ ᠪᠤᠯᠬᠤ ᠳᠤ 80% ᠤᠷᠴᠢᠮ ᠬᠦᠷᠭᠡᠭᠰᠡᠨ᠂ ᠡᠨᠡ ᠬᠦ ᠢᠬᠡᠷᠡᠯᠡᠭᠦᠯᠬᠦ ᠮᠡᠷᠭᠡᠵᠢᠯ ᠢ ᠮᠠᠰᠢ ᠤᠯᠠᠨ | ᠬᠦᠮᠦᠨ ᠤᠤᠯ ᠳᠠᠭᠠᠨ ᠢᠳᠡᠬᠡᠬᠦ ᠦᠭᠡᠢ ᠪᠠᠶᠢᠬᠰᠠᠨ︾ ᠭᠡᠵᠦ ᠴᠡᠩᠭᠡᠯ ᠢᠨᠢᠶᠡᠮᠰᠦᠭᠯᠡᠩᠬᠡᠨ ᠶᠠᠷᠢᠨ᠎ᠠ᠃ | ᠬᠤᠨᠢᠨ ᠤ ᠨᠤᠤᠰᠤ ᠡᠨᠡ ᠵᠢᠯ ᠵᠢᠩ ᠪᠦᠷᠢ ᠳᠡᠭᠡᠨ 26 ᠲᠦᠬᠦᠷᠢᠭ ᠬᠦᠷᠴᠦ᠂ ᠬᠤᠨᠢ ᠪᠦᠷᠢ ᠠᠴᠠ | ᠲᠡᠭᠰᠢᠳᠬᠡᠨ ᠪᠠᠷᠤᠭ 12 ᠵᠢᠩ ᠤᠷᠴᠢᠮ ᠨᠤᠤᠰᠤ ᠪᠠᠭᠤᠳᠠᠭ ᠪᠤᠯᠬᠤᠷ ᠡᠳᠡᠨ ᠤ ᠬᠢᠨ ᠤ ᠵᠢᠯ ᠤᠨ ᠠᠬᠤᠷ ᠤᠨ | ᠤᠷᠤᠯᠭ᠎ᠠ ᠴᠦ 15 ᠲᠦᠮᠡᠨ ᠲᠦᠭᠦᠷᠢᠭ ᠳᠤᠯᠤᠨ᠎ᠠ᠃ ᠡᠨᠡ ᠨᠢ ᠲᠡᠭᠡᠷ᠎ᠡ ᠵᠠᠭᠤᠨ ᠤ ᠶᠡᠷᠡᠭᠡᠳ ᠤᠨ ᠤ ᠨᠢᠬᠡ ᠵᠢᠩ | ᠠᠬᠤᠷ 4 ᠲᠦᠭᠦᠷᠢᠭ ᠪᠠᠶᠢᠵᠤ᠂ ᠵᠢᠯ ᠳᠡᠭᠡᠨ ᠠᠬᠤᠷ ᠬᠤᠳᠠᠯᠳᠤᠭᠠᠳ ᠬᠡᠳᠦᠨ ᠮᠢᠩᠭᠠᠨ ᠲᠦᠬᠦᠷᠢᠭ ᠯᠠ ᠤᠯᠳᠠᠭ | ᠪᠠᠶᠢᠬᠰᠠᠨ ᠲᠠᠢ ᠪᠠᠨ ᠬᠠᠷᠢᠴᠠᠭᠤᠯᠪᠠᠯ ᠶᠤᠰᠤᠳᠠᠢ ᠴᠦ ᠲᠡᠭᠷᠢ ᠭᠠᠵᠠᠷ ᠤᠨ ᠵᠦᠷᠢᠶ᠎ᠡ ᠲᠠᠢ ᠪᠠᠶᠢᠯ᠎ᠠ᠃ ᠠᠬᠤᠷ ᠤᠨ | ᠤᠷᠤᠯᠭ᠎ᠠ ᠠᠴᠠ ᠠᠰᠳᠠᠭᠠᠨ ᠡᠳᠡᠨ ᠤ ᠬᠢᠨ ᠤ ᠬᠤᠷᠠᠭᠠᠨ ᠬᠤᠴᠠ ᠪᠡᠶ᠎ᠡ ᠪᠢᠯᠳᠡᠷ ᠰᠠᠶᠢᠨ᠂ ᠡᠭᠦᠯᠳᠡᠷ ᠤᠬᠰᠠᠭ᠎ᠠ | ᠰᠢᠯᠢᠳᠡᠭ ᠪᠤᠯᠬᠤᠷ ᠬᠤᠴᠠ ᠨᠢᠭᠡᠪᠦᠷᠢ ᠨᠢ 2000 ᠲᠦᠭᠦᠷᠢᠭ ᠬᠦᠷᠴᠤ᠂ ᠦᠬᠢᠨ ᠬᠤᠷᠠᠭ᠎ᠠ ᠨᠢ ᠴᠦ 800 — | 900 ᠲᠦᠬᠦᠷᠢᠭ ᠳᠤᠯᠵᠤ᠂ ᠵᠢᠯ ᠤᠨ ᠪᠦᠬᠦ ᠤᠷᠤᠯᠭ᠎ᠠ 50 ᠭᠠᠷᠤᠢ ᠲᠦᠮᠡᠨ ᠲᠦᠬᠦᠷᠢᠭ ᠲᠤ ᠳᠤᠯᠳᠠᠭ ᠠᠵᠢ᠃ | ᠡᠶᠢᠨ ᠬᠦ ᠲᠡᠭᠡᠳᠦ ᠶᠢᠨ ᠪᠤᠶᠠᠨᠳᠤ ᠨᠤᠲᠤᠭ ᠲᠠᠭᠠᠨ ᠠᠷᠢᠭᠤᠨ ᠬᠦᠳᠡᠯᠮᠦᠷᠢ᠂ ᠤᠬᠠᠭᠠᠯᠢᠬ ᠤᠶᠤᠨ ᠤ ᠪᠠᠨ | ᠬᠦᠴᠦ ᠪᠠᠷ ᠴᠡᠩᠭᠡᠯ ᠤᠨ ᠬᠢᠨ ︽ᠤᠷᠳᠤᠰ ᠤᠨ ᠨᠠᠷᠢᠨ ᠨᠤᠤᠰᠤᠳᠤ ᠬᠤᠨᠢᠨ ᠤ ᠦᠨᠢᠷ ᠦᠷᠡᠵᠢᠯᠳᠦ ᠡᠷᠦᠬᠡ︾᠂ ︽ | ᠤᠷᠳᠤᠰ ᠤᠨ ᠨᠠᠷᠢᠨ ᠨᠤᠤᠰᠤᠳᠤ ᠬᠤᠨᠢᠨ ᠤ ᠰᠢᠨᠵᠢᠯᠡᠭᠡ ᠮᠡᠷᠬᠡᠵᠢᠯ ᠤᠨ ᠰᠢᠨ᠎ᠡ ᠡᠭᠦᠳᠦᠯᠳᠡ ᠲᠠᠢ ᠡᠷᠦᠬᠡ︾᠂ ︽ | ᠤᠷᠳᠤᠰ ᠤᠨ ᠨᠠᠷᠢᠨ ᠨᠤᠤᠰᠤᠳᠤ ᠡᠭᠦᠯᠳᠡᠷ ᠤᠨ ᠬᠤᠨᠢ ᠪᠤᠶᠢᠵᠢᠭᠤᠯᠤᠬᠰᠠᠨ ᠭᠤᠤᠯᠳᠠᠯᠭᠠᠳᠦ ᠡᠷᠦᠬᠡ︾ ᠵᠡᠷᠭᠡ | ᠤᠷᠳᠤᠰ ᠤᠨ ᠨᠠᠷᠢᠨ ᠨᠤᠤᠰᠤᠳᠤ ᠬᠤᠨᠢ ᠲᠠᠢ ᠬᠤᠯᠪᠤᠬᠳᠠᠬᠰᠠᠨ ᠪᠤᠢ ᠪᠦᠬᠦᠢ ᠱᠠᠩᠨᠠᠯ ᠬᠦᠬᠢᠬᠦᠯᠦᠯ ᠢ ᠪᠠᠷᠤᠭ | ᠪᠦᠭᠦᠨ ᠢ ᠳᠤᠰᠴᠤ᠂ ᠬᠤᠨᠢᠨ ᠤ ᠪᠠᠨ ᠪᠤᠶᠠᠨ ᠳᠤ ᠲᠦᠰᠢᠨ ᠳᠠᠩᠰᠤᠬ ᠰᠠᠶᠢᠬᠠᠨ ᠠᠮᠢᠳᠤᠷᠠᠵᠤ ᠪᠠᠶᠢᠯ᠎ᠠ᠃ | 1985 — 2014 ᠤᠨ ᠤ ᠤᠷᠳᠤᠰ ᠤᠨ ᠨᠠᠷᠢᠨ ᠨᠤᠤᠰᠤᠲᠤ ᠬᠤᠨᠢᠨ ᠤ ᠡᠯ᠎ᠠ ᠲᠦᠷᠦᠯ ᠤᠨ | ᠴᠢᠳᠠᠪᠬᠢ ᠶᠢᠨ ᠵᠢᠭᠠᠯᠲᠠ ᠲᠤᠭ᠎ᠠ ᠶᠢᠨ ᠬᠠᠷᠢᠴᠠᠭᠤᠯᠤᠯ | |