ᠬᠤᠰᠢᠭᠤ ᠬᠢᠨᠠᠨ ᠪᠣᠳᠣᠬᠤ ᠳᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭᠠᠨ ᠤ ᠲᠣᠬᠠᠢ ︽ᠭᠤᠴᠢᠨ ᠲᠠᠶᠢᠯᠤᠮᠵᠢ︾ ᠶᠢ ᠰᠤᠷᠤᠯᠴᠠᠵᠤ ᠡᠬᠢᠯᠡᠪᠡ
ᠨᠡᠶᠢᠲᠡᠯᠡᠭᠰᠡᠨ ᠴᠠᠭ᠄
2018-09-07
     ᠣᠶᠢᠷ᠎ᠡ ᠶᠢᠨ ᠡᠳᠤᠷ ᠬᠤᠰᠢᠭᠤ ᠬᠢᠨᠠᠨ ᠪᠣᠳᠤᠬᠤ ᠳᠣᠪᠴᠢᠶᠠᠨ ᠤ ᠨᠠᠮ ᠤᠨ ᠡᠭᠦᠷ ᠨᠢ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠦᠵᠡᠯ ᠰᠠᠨᠠᠭᠠᠨ ᠤ ᠲᠤᠬᠠᠢ ᠭᠤᠴᠢᠨ  ᠲᠠᠶᠢᠯᠤᠮᠵᠢ︾ ᠶᠢ ᠰᠤᠷᠤᠯᠴᠠᠵᠤ ᠡᠬᠢᠯᠡᠭᠰᠡᠨ ᠪᠠᠶᠢᠨ᠎ᠠ᠃ ᠲᠣᠰ ᠤᠳᠠᠭᠠᠨ ᠤ ᠰᠤᠷᠤᠯᠴᠠᠯᠭ᠎ᠠ ᠨᠢ ᠬᠢᠴᠢᠶᠡᠯ ᠤᠨ ᠫᠷᠦᠭᠷᠡᠮ᠂ ᠣᠩᠰᠢᠵᠣ ᠲᠠᠶᠢᠯᠪᠤᠷᠢᠯᠠᠬᠤ᠂ ᠬᠠᠷᠢᠯᠴᠠᠨ ᠶᠠᠷᠢᠯᠴᠠᠬᠤ ᠵᠡᠷᠭᠡ ᠠᠷᠭ᠎ᠠ ᠪᠠᠷ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠨ᠎ᠠ᠃      ︽ᠭᠤᠴᠢᠨ ᠲᠠᠶᠢᠯᠤᠮᠵᠢ︾ ᠨᠢ ᠨᠠᠢᠮᠠ ᠶᠢ ᠲᠣᠳᠣᠷᠬᠠᠶᠢᠯᠠᠬᠤ ᠪᠠ ᠠᠷᠪᠠᠨ ᠳᠦᠷᠪᠡᠨ ᠵᠣᠶᠢᠯ ᠤᠨ ᠪᠠᠷᠢᠮᠲᠠᠯᠠᠯ ᠢᠶᠠᠷ ᠭᠤᠥᠯ ᠠᠭᠤᠯᠭ᠎ᠠ ᠪᠠ ᠭᠤᠣᠯ ᠦᠨᠳᠣᠰᠣᠯᠡᠯ ᠪᠣᠯᠭᠠᠨ ᠭᠤᠴᠢᠨ ᠲᠣᠰᠬᠠᠢ ᠰᠡᠲᠣᠪ ᠬᠤᠪᠢᠶᠠᠵᠤ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠤᠭᠳᠠᠯ᠂ ᠰᠢᠨᠵᠢᠯᠡᠬᠦ ᠤᠬᠠᠭᠠᠨ ᠤ ᠰᠢᠰᠲ᠋ᠧᠮ᠂ ᠥᠢᠯᠡᠳᠤᠯᠭᠡ ᠶᠢᠨ  ᠱᠠᠭᠠᠷᠳᠠᠯᠭ᠎ᠠ ᠵᠡᠷᠭᠡ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠲᠣᠳᠣᠷᠬᠠᠶᠢᠯᠠᠨ ᠦᠬᠦᠯᠡᠵᠣ ᠳᠠᠶᠢᠯᠪᠣᠷᠢᠯᠡᠵᠣ᠂ ᠬᠢᠨᠠᠨ ᠪᠣᠳᠣᠯᠳᠠ ᠶᠢᠨ ᠳᠣᠪᠴᠢᠶᠠᠨ ᠤ ᠨᠠᠮ ᠤᠨ ᠬᠡᠰᠢᠬᠦᠨ ᠺᠠᠳ᠋ᠷ ᠠᠵᠢᠯᠳᠠᠨ ᠤ ᠰᠢ ᠶᠢᠨ ᠫᠢᠩ ᠤᠨ ᠰᠢᠨ᠎ᠠ ᠴᠠᠭ ᠦᠶ᠎ᠡ  ᠶᠢᠨ ᠳᠣᠮᠳᠠᠳᠣ ᠣᠯᠣᠰ ᠤᠨ ᠣᠨᠴᠠᠯᠢᠭᠳᠣ ᠨᠡᠶᠢᠬᠡᠮ ᠵᠢᠷᠣᠮ ᠤ ᠦᠵᠡᠯ ᠰᠠᠨᠠᠭ᠎ᠠ ᠶᠢ ᠰᠣᠷᠣᠯᠴᠠᠬᠤ ᠴᠢᠬᠤᠯᠠ ᠪᠣᠯᠬᠤ ᠮᠠᠲ᠋ᠧᠷᠢᠶᠠᠯ ᠪᠣᠯᠣᠭᠰᠠᠨ ᠪᠠᠶᠢᠨ᠎ᠠ᠃ ᠡᠳᠦᠷ ᠪᠣᠯᠭᠠᠨ ᠬᠢᠴᠢᠶᠠᠯ ᠶᠠᠷᠢᠬᠤ ᠠᠷᠭ᠎ᠠ ᠪᠠᠷᠢᠯ ᠪᠠᠷ ᠣᠯᠠᠨ ᠢ ᠳᠠᠶᠢᠴᠢᠯᠠᠨ ᠬᠠᠮᠳᠣᠪᠡᠷ ᠰᠣᠷᠣᠯᠴᠠᠵᠣ ᠣᠶᠢᠯᠠᠭᠠᠯᠳᠠ ᠦᠵᠡᠯᠳᠡ ᠪᠠᠨ ᠰᠣᠯᠢᠯᠴᠡᠨ ᠠᠰᠠᠭᠤᠯᠳᠠ ᠬᠠᠷᠢᠭᠤᠯᠳᠠ ᠶᠢᠨ ᠬᠡᠯᠪᠠᠷᠢ ᠪᠠᠷ ᠰᠣᠷᠣᠯᠴᠠᠭᠰᠠᠨ ᠠᠭᠤᠯᠭ᠎ᠠ ᠪᠠᠨ ᠪᠠᠳᠣᠳᠬᠠᠵᠣ ᠪᠠᠶᠢᠨ᠎ᠠ᠃      ᠰᠣᠷᠣᠯᠴᠠᠯᠭ᠎ᠠ ᠪᠠᠷ ᠳᠠᠮᠵᠢᠨ ︽ᠳᠦᠷᠪᠡᠨ ᠦᠵᠡᠯ ᠤᠬᠠᠮᠰᠠᠷ︾ ᠢ ᠪᠠᠳᠣ ᠪᠠᠬᠢ ᠪᠣᠢ ᠪᠣᠯᠭᠠᠨ ︽ᠲᠦᠷᠪᠡᠨ ᠢᠲᠡᠭᠡᠯ︾ ᠢᠶᠠᠨ ᠴᠢᠩᠭᠠᠳᠬᠠᠵᠣ ︽ᠬᠤᠶᠡᠷ ᠢ ᠡᠷᠡᠰ ᠬᠠᠮᠠᠭᠠᠯᠠᠬᠤ︾ ᠶᠢ ᠰᠠᠶᠢᠳᠣᠷ ᠬᠢᠵᠣ᠂ ᠬᠢᠨᠠᠨ ᠪᠣᠳᠣᠬᠤ ᠲᠣᠪᠴᠢᠶᠠᠨ ᠤ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠤᠯᠤᠨ ᠤᠶᠢᠯᠡ ᠠᠵᠢᠯᠯᠠᠭ᠎ᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠲᠠᠢ ᠨᠢᠭᠡᠳᠬᠡᠨ᠂ ᠲᠥᠪ ᠬᠤᠷᠢᠶᠠᠨ ᠤ ᠴᠢᠬᠤᠯᠠ ᠶᠡᠭᠡ ᠰᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠣᠯᠲᠠ ᠲᠠᠢ ᠨᠢᠬᠡᠳᠬᠡᠵᠣ᠂ ᠤᠯᠤᠰ ᠲᠦᠷᠤ ᠶᠢᠨ ᠬᠡᠪ ᠪᠤᠯᠪᠡᠰᠤᠷᠠᠯ ᠪᠠ ᠣᠨᠣᠯ ᠤᠨ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷᠴᠣᠳ ᠤᠨ ᠣᠨᠣᠯ ᠤᠨ ᠰᠤᠷᠤᠯᠴᠠᠯᠭ᠎ᠠ ᠪᠠ ᠪᠦᠯᠬᠦᠮᠳᠠᠨ ᠨᠢᠭᠲᠠᠷᠠᠵᠤ ᠬᠠᠮᠳᠣᠪᠡᠷ ᠳᠠᠪᠰᠢᠬᠤ ᠣᠷᠬᠢᠯᠣᠮ᠎ᠠ ᠬᠠᠯᠠᠭᠤᠨ ᠰᠠᠳᠬᠢᠯᠬᠡ ᠶᠢ ᠬᠦᠭᠵᠢᠬᠡᠭᠰᠡᠨ ᠪᠠᠶᠢᠨ᠎ᠠ᠃
 
ᠢᠷᠡᠯᠲᠡ᠄ ᠦᠤᠰᠢᠨ ᠬᠤᠰᠢᠭᠤᠨ ᠤ ᠬᠢᠨᠠᠨ ᠪᠤᠳᠤᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号