ᠮᠠᠨ ᠤ ᠬᠤᠰᠢᠭᠤᠨ ᠤ ᠴᠢᠪᠬ᠎ᠠ ᠶᠢᠨ ᠰᠣᠶᠣᠯ ᠤᠨ ᠨᠡᠶᠢᠬᠡᠮᠯᠢᠭ ᠬᠡᠰᠢᠬᠦᠳ ᠤᠨ ᠲᠤᠲᠤᠷ᠎ᠠ ᠪᠠᠨ ᠤᠷᠤᠯᠳᠤᠭᠠᠨ ᠥᠷᠨᠢᠬᠦᠯᠪᠡ
ᠨᠡᠶᠢᠲᠡᠯᠡᠭᠰᠡᠨ ᠴᠠᠭ᠄
2018-09-07
     ᠴᠢᠪᠬ᠎ᠠ ᠶᠢᠨ ᠤᠷ᠎ᠠ ᠮᠡᠷᠬᠡᠵᠢᠯ ᠢᠶᠠᠨ ᠲᠡᠭᠡᠭᠰᠢᠯᠡᠬᠦᠯᠵᠦ ᠠᠷᠠᠳ ᠠᠴᠠ ᠤᠯᠠᠮᠵᠢᠯᠠᠵᠤ ᠢᠷᠡᠭᠰᠡᠨ ᠲᠠᠮᠢᠷ ᠤᠨ ᠬᠦᠳᠡᠯᠭᠡᠭᠡᠨ ᠢᠶᠠᠨ ᠵᠠᠯᠭᠠᠮᠵᠢᠯᠠᠬᠤ ᠶᠢᠨ ᠡᠬᠦᠳᠡᠨ ᠠᠴᠠ ᠤᠶᠢᠷ᠎ᠠ ᠶᠢᠨ ᠡᠳᠦᠷ ᠮᠠᠨ ᠤ ᠬᠤᠰᠢᠭᠤᠨ ᠤ ᠴᠢᠪᠬ᠎ᠠ ᠶᠢᠨ ᠰᠤᠶᠤᠯ ᠤᠨ ᠨᠡᠶᠢᠬᠡᠮᠯᠢᠭ ᠤᠨ ᠬᠢᠨ ᠬᠡᠰᠢᠬᠦᠳ ᠤᠨ ᠲᠤᠳᠤᠷ᠎ᠠ ᠪᠠᠨ ᠤᠷᠤᠯᠳᠤᠭᠠᠨ ᠦᠷᠨᠢᠬᠦᠯᠵᠦ ᠤᠷ᠎ᠠ ᠴᠢᠳᠠᠪᠤᠷᠢ  ᠪᠠᠨ ᠰᠤᠷᠢᠯ᠎ᠠ᠃      ᠮᠠᠨ ᠤ ᠬᠤᠰᠢᠭᠤᠨ ᠤ ᠠᠷᠠᠳ ᠤᠨ ᠲᠤᠮᠳᠠᠬᠢ ᠴᠢᠪᠬ᠎ᠠ ᠶᠢᠨ ᠰᠤᠶᠤᠯ ᠤᠨ ᠨᠡᠶᠢᠬᠡᠮᠯᠢᠭ ᠨᠢ 2018 ᠤᠨ ᠤ 8 ᠰᠠᠷ᠎ᠠ ᠶᠢᠨ 20 ᠤ ᠡᠳᠦᠷ ᠪᠠᠶᠢᠭᠤᠯᠤᠭᠳᠠᠵᠤ ᠲᠠᠪᠢᠭᠠᠳ ᠬᠡᠰᠢᠬᠦᠳ ᠲᠠᠢ᠃ ᠲᠤᠰ ᠤᠳᠠᠭᠠᠨ ᠤ ᠤᠷᠤᠯᠳᠤᠭᠠᠨ  ᠨᠢ ᠪᠡᠯᠡᠳᠬᠡᠯ ᠤᠷᠤᠯᠳᠤᠭᠠᠨ᠂ ᠰᠶᠢᠳᠪᠤᠷᠢᠲᠤ ᠤᠷᠤᠯᠳᠤᠭᠠᠨ ᠬᠤᠶᠠᠷ ᠲᠦᠷᠦᠯ ᠢᠶᠠᠷ ᠶᠠᠪᠤᠭᠳᠠᠵᠤ ᠤᠷᠤᠯᠳᠤᠭᠠᠨ ᠨᠢ 4 ᠰᠡᠨᠲ᠋ᠢᠮᠧᠲᠷ ᠤᠨ ᠫᠠᠢ ᠶᠢ 10 ᠮᠧᠲᠷ ᠬᠤᠯᠠ ᠠᠴᠠ ᠬᠦᠮᠦᠨ ᠪᠦᠷᠢ 10 ᠤᠳᠠᠭ᠎ᠠ ᠬᠠᠷᠪᠤᠬᠤ᠂ 6 ᠰᠡᠨᠲ᠋ᠢᠮᠧᠲᠷ  ᠤᠨ ᠫᠠᠢ ᠶᠢ 15 ᠮᠧᠲᠷ ᠤᠨ ᠬᠤᠯᠠ ᠠᠴᠠ ᠬᠦᠮᠦᠨ ᠪᠦᠷᠢ 10 ᠤᠳᠠᠭ᠎ᠠ ᠬᠠᠷᠪᠤᠬᠤ ᠪᠠᠷ ᠲᠠᠮᠵᠢᠨ ᠬᠠᠮᠤᠭ ᠰᠢᠯᠢᠳᠡᠭ 20 ᠨᠡᠷᠡᠰ ᠢ ᠬᠤᠶᠠᠳᠤᠭᠠᠷ ᠡᠭᠡᠯᠵᠢ ᠶᠢᠨ ᠤᠷᠤᠯᠳᠤᠭᠠᠨ ᠳᠤ ᠣᠷᠣᠯᠴᠠᠭᠤᠯᠤᠨ᠂ 20 ᠮᠧᠲᠷ ᠤᠨ ᠬᠤᠯᠠ ᠠᠴᠠ ᠫᠠᠢ ᠬᠠᠷᠪᠤᠭᠤᠯᠵᠤ᠂ ᠲᠠᠬᠢᠨ ᠬᠠᠮᠤᠭ ᠰᠢᠯᠢᠳᠡᠭ 10 ᠬᠦᠮᠦᠨ ᠢ ᠰᠶᠢᠳᠪᠤᠷᠢᠲᠤ ᠤᠷᠤᠯᠳᠤᠭᠠᠨ ᠳᠤ ᠣᠷᠣᠯᠴᠠᠭᠤᠯᠤᠨ᠂ 8 ᠰᠡᠨᠲ᠋ᠢᠮᠧᠲᠷ ᠤᠨ ᠫᠠᠢ ᠶᠢ 20 ᠮᠧᠲᠷ ᠠᠴᠠ ᠬᠠᠷᠪᠤᠭᠤᠯᠵᠤ ᠡᠮᠦᠨ᠎ᠡ ᠲᠠᠪᠤᠨ ᠨᠠᠷ᠎ᠠ ᠶᠢ ᠲᠤᠳᠤᠷᠠᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号