ᠤᠶᠢᠷ᠎ᠠ ᠶᠢᠨ ᠡᠳᠦᠷ ᠦᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠢᠳᠦᠨ ᠴᠠᠭᠠᠨ ᠬᠠᠷᠠᠩ | ᠡᠪᠡᠳᠴᠢᠨ ᠲᠠᠢ ᠬᠦᠮᠦᠰ ᠲᠤ ᠡᠮᠴᠢᠯᠡᠭᠡ ᠬᠢᠬᠦ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠮᠠᠨ ᠤ ᠬᠤᠰᠢᠭᠤᠨ ᠳᠤ | ᠶᠠᠪᠤᠭᠳᠠᠵᠦ᠂ ᠮᠡᠰᠡ ᠵᠠᠰᠠᠯ ᠬᠢᠬᠦ ᠴᠢᠬᠤᠯᠠᠲᠠᠢ ᠨᠢᠳᠦᠨ ᠤ ᠴᠠᠭᠠᠨ ᠬᠠᠷᠠᠩ ᠡᠪᠡᠳᠴᠢᠨ ᠲᠠᠢ ᠶᠠᠳᠠᠭᠤ ᠬᠦᠴᠢᠷᠳᠡᠯᠳᠡᠢ | ᠬᠦᠮᠦᠰ ᠲᠤ ᠰᠦᠢᠳᠬᠡᠯ ᠬᠤᠷᠢᠶᠠᠬᠤ ᠦᠬᠡᠢ ᠪᠠᠷ ᠮᠠᠰᠠ ᠵᠠᠰᠠᠯ ᠬᠢᠵᠦ ᠦᠭᠬᠦᠯ᠎ᠠ᠃ | ᠤᠷᠳᠤᠰ ᠬᠤᠲᠠ ᠶᠢᠨ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶ᠎ᠠ ᠨᠢ ᠦᠪᠦᠷ ᠮᠤᠩᠭᠤᠯ ᠤᠨ ᠪᠠᠷᠠᠭᠤᠨ | ᠬᠡᠰᠡᠭ ᠤᠨ ᠨᠢᠳᠦᠨ ᠤ ᠴᠠᠭᠠᠨ ᠬᠠᠷᠠᠩ ᠡᠪᠡᠳᠴᠢᠨ ᠲᠠᠢ ᠬᠦᠮᠦᠰ ᠢ ᠡᠮᠨᠡᠬᠦ ᠠᠵᠢᠯ ᠢ ᠬᠠᠷᠢᠭᠤᠴᠠᠵᠤ ᠭᠤᠷᠪᠠᠨ ᠵᠢᠯ | ᠤᠨ ᠬᠤᠭᠤᠴᠠᠭᠠᠨ ᠳᠤ ᠨᠡᠶᠢᠳᠡ 3000 ᠭᠠᠷᠤᠢ ᠨᠢᠳᠦᠨ ᠤ ᠴᠠᠭᠠᠨ ᠬᠠᠷᠠᠩ ᠡᠪᠡᠳᠴᠢᠨ ᠲᠠᠢ ᠶᠠᠳᠠᠭᠤ | ᠬᠦᠴᠢᠷᠳᠡᠯᠳᠡᠢ ᠬᠦᠮᠦᠰ ᠲᠤ ᠰᠦᠢᠳᠬᠡᠯ ᠬᠤᠷᠢᠶᠠᠬᠤ ᠦᠬᠡᠢ ᠮᠡᠰᠠ ᠵᠠᠰᠠᠯ ᠬᠢᠵᠦ ᠦᠭᠴᠡᠢ᠃ ᠰᠦᠢᠳᠬᠡᠯ | ᠬᠤᠷᠢᠶᠠᠬᠤ ᠦᠬᠡᠢ ᠬᠢᠵᠣ ᠪᠠᠶᠢᠭ᠎ᠠ ᠡᠨᠡᠬᠦ ᠠᠵᠢᠯᠯᠠᠭ᠎ᠠ ᠪᠣᠯ ᠦᠪᠡᠷᠳᠡᠭᠡᠨ ᠵᠠᠰᠬᠤ ᠣᠷᠣᠨ ᠠᠴᠠ ᠶᠠᠳᠠᠭᠤ | ᠬᠦᠴᠢᠷᠳᠡᠯᠳᠡᠢ ᠪᠣᠶᠢᠳᠡ ᠪᠦᠭᠯᠡᠭᠦᠣ ᠭᠠᠵᠠᠷ ᠣᠷᠣᠨ ᠤ ᠨᠢᠳᠣᠨ ᠤ ᠴᠠᠭᠠᠨ ᠬᠠᠷᠠᠩ ᠡᠪᠡᠳᠴᠢᠨ ᠲᠠᠢ ᠬᠦᠮᠦᠰ ᠢ | ᠡᠮᠴᠢᠯᠡᠨ ᠠᠰᠢᠭ ᠬᠦᠷᠳᠡᠭᠡᠵᠣ ᠪᠠᠶᠢᠭ᠎ᠠ ᠣᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠠᠵᠢᠯ ᠤᠨ ᠨᠢᠭᠡ ᠪᠣᠯᠣᠨ᠎ᠠ᠃ | ᠤᠶᠢᠯᠠᠭᠠᠭᠰᠠᠨ ᠢᠶᠠᠷ ᠲᠤᠰ ᠤᠳᠠᠭ᠎ᠠ ᠮᠠᠨ ᠤ ᠬᠤᠰᠢᠭᠤᠨ ᠳᠤ ᠭᠤᠷᠪᠠᠨ ᠡᠳᠦᠷ ᠤᠨ ᠬᠤᠭᠤᠴᠠᠭ᠎ᠠ ᠲᠠᠢ ᠪᠠᠷ | ᠨᠢᠳᠦᠨ ᠤ ᠴᠠᠭᠠᠨ ᠬᠠᠷᠠᠩ ᠡᠪᠡᠳᠴᠢᠨ ᠲᠠᠢ ᠶᠠᠳᠠᠭᠤ ᠬᠦᠴᠢᠷᠳᠡᠯᠳᠡᠢ ᠡᠪᠡᠳᠴᠢᠳᠡᠳ ᠢ ᠰᠢᠭᠰᠢᠨ ᠪᠠᠶᠢᠴᠠᠭᠠᠵᠦ | ᠤᠳᠤᠬᠠᠨ ᠪᠤᠯᠳᠠᠯ᠎ᠠ ᠪᠦᠬᠦ ᠬᠤᠰᠢᠭᠤᠨ ᠳᠤ 181 ᠨᠢᠳᠦᠨ ᠤ ᠴᠠᠭᠠᠨ ᠬᠠᠷᠠᠩ ᠡᠪᠡᠳᠴᠢᠨ ᠲᠠᠢ ᠡᠪᠡᠳᠴᠢᠳᠡᠨ ᠢ | ᠪᠠᠶᠢᠴᠠᠭᠠᠨ ᠭᠠᠷᠭᠠᠵᠤ 16 ᠬᠦᠮᠦᠨ ᠳᠤ ᠮᠠᠰᠠ ᠵᠠᠰᠠᠯ ᠬᠢᠭᠰᠡᠨ ᠪᠠᠶᠢᠨ᠎ᠠ᠃ |