9 ᠰᠠᠷ᠎ᠠ ᠶᠢᠨ 5 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠲᠠᠷᠤᠭ᠎ᠠ ᠵᠣᠣ ᠹᠧᠢ ᠯᠤ᠋ ᠨᠠᠷ ᠰᠤᠷᠪᠤᠷᠭᠠ ᠠᠵᠤ ᠠᠬᠤᠢ ᠶᠢᠨ | ᠨᠡᠭᠡᠭᠡᠯᠳᠡ ᠶᠢᠨ ᠤᠷᠤᠨ ᠳᠤ ᠬᠦᠷᠴᠦ ᠴᠢᠬᠤᠯᠠ ᠲᠤᠮᠤ ᠲᠦᠷᠦᠯ ᠵᠦᠢᠯ ᠤᠨ ᠪᠥᠳᠥᠭᠡᠨ ᠪᠠᠶᠢᠭᠤᠯᠤᠯᠳᠠ ᠬᠢᠬᠡᠳ | ᠠᠶᠤᠯᠬᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠳᠠ ᠱᠠᠭᠠᠷᠳᠠᠨ ᠪᠠᠶᠢᠴᠠᠭᠠᠯᠳᠠ ᠬᠢᠵᠦ᠂ | ᠴᠢᠬᠤᠯᠠ ᠲᠤᠮᠤ ᠲᠦᠷᠦᠯ ᠵᠦᠢᠯ ᠢ ᠠᠭᠢᠭᠤᠯᠬᠤ ᠲᠤᠮᠳᠠ ᠤᠷᠤᠰᠢᠵᠤ ᠪᠠᠶᠢᠭ᠎ᠠ ᠠᠰᠠᠭᠤᠳᠠᠯ ᠬᠢᠬᠡᠳ ᠬᠦᠴᠢᠷᠳᠡᠯ ᠢ | ᠲᠤᠬᠠᠢ ᠶᠢᠨ ᠲᠠᠯᠠᠪᠠᠢ ᠳᠤ ᠰᠶᠢᠳᠪᠦᠷᠢᠯᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ ᠬᠤᠰᠢᠭᠤ ᠳᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠰᠤᠪᠤᠷᠭ᠎ᠠ ᠠᠵᠤ ᠠᠬᠤᠢ ᠶᠢᠨ | ᠨᠡᠭᠡᠭᠡᠯᠳᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠼᠣᠣ ᠶᠢᠨ ᠱᠠᠨ᠂ ᠰᠤᠷᠪᠤᠷᠭᠠ ᠠᠵᠤ | ᠠᠬᠤᠢ ᠶᠢᠨ ᠨᠡᠭᠡᠭᠡᠯᠳᠡ ᠶᠢᠨ ᠤᠷᠤᠨ ᠤ ᠬᠠᠮᠢᠶᠠᠷᠤᠯᠳᠠ ᠶᠢᠨ ᠵᠦᠪᠯᠡᠯ ᠤᠨ ᠳᠡᠳ᠋ ᠡᠷᠬᠢᠯᠡᠭᠴᠢ ᠳ᠋ᠧᠦ ᡁᠢ ᠴᠢᠶᠠᠩ᠂ | ᠮᠦᠩᠭᠦᠨ᠂ ᠰᠢᠶᠣᠣ ᡁᠢ ᠺᠤᠸᠠᠨ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠬᠦᠯᠦᠯᠳᠡ | ᠦᠭᠡᠷᠡᠴᠢᠯᠡᠯᠲᠡ ᠠᠵᠤ ᠠᠬᠤᠢ ᠠᠷᠠᠯᠵᠢᠶᠠᠨ ᠤ ᠶᠠᠪᠤᠳᠠᠯ ᠪᠤᠯᠤᠨ ᠴᠢᠮᠡᠭᠡ ᠵᠠᠩᠭᠢᠴᠢᠯᠠᠯᠳᠠ ᠶᠢᠨ ᠲᠤᠪᠴᠢᠶ᠎ᠠ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | | | | | ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠵᠦᠩ ᠲᠢᠶᠠᠨ ᠾᠧ ᠴᠤᠸᠠᠩ ᠺᠤᠮᠫᠠᠨᠢ ᠶᠢᠨ | ᠨᠡᠬᠦᠷᠡᠰᠦ ᠶᠢ ᠨᠠᠷᠢᠯᠢᠭ ᠪᠤᠯᠪᠠᠰᠤᠷᠠᠭᠤᠯᠬᠤ ᠲᠠᠭᠤᠷᠢᠶᠠᠯ ᠲᠦᠷᠦᠯ ᠵᠦᠢᠯ᠂ ᠵᠦᠩ ᠮᠸᠢ ᠪᠦᠯᠦᠭᠯᠡᠯ ᠤᠨ ᠡᠨᠧᠷᠬᠢ | ᠬᠢᠮᠢ ᠶᠢᠨ ᠠᠵᠤ ᠦᠢᠯᠡᠳᠪᠦᠷᠢ ᠶᠢᠨ 200 ᠲᠦᠮᠡᠨ ᠲᠤᠨ ᠤ ᠨᠡᠶᠢᠯᠡᠮᠡᠯ ᠰᠢᠪᠳᠤᠷ 350 ᠲᠦᠮᠡᠨ ᠲᠤᠨ | ᠰᠢᠬᠡᠰᠦᠯᠢᠭ ᠡᠳ᠋ ᠤᠨ ᠲᠦᠷᠦᠯ ᠵᠦᠢᠯ᠂ ᠦᠪᠦᠷ ᠮᠤᠩᠭᠤᠯ ᠤᠨ ᠴᠠᠩ ᠬᠤᠩ ᠰᠥᠯᠢᠶᠤᠤ ᠶᠢᠨ ᠦᠢᠯᠡᠰ ᠤᠨ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ᠂ ᠦᠪᠦᠷ ᠮᠤᠩᠭᠤᠯ ᠤᠨ ᠮᠤᠤᠠᠤᠰᠤ ᠠᠮᠢᠲᠤ ᠪᠤᠳᠠᠰ ᠢᠶᠠᠷ | ᠴᠠᠬᠢᠯᠭᠠᠨ ᠭᠠᠷᠭᠠᠬᠤ ᠦᠢᠯᠡᠳᠪᠦᠷᠢ ᠵᠡᠷᠭᠡ ᠭᠠᠵᠠᠷ ᠢᠶᠠᠷ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ | ᠶᠠᠷᠢᠯᠴᠠᠨ ᠲᠦᠷᠦᠯ ᠵᠦᠢᠯ ᠤᠨ ᠠᠬᠢᠭᠤᠯᠤᠭᠳᠠᠵᠤ ᠪᠠᠶᠢᠭ᠎ᠠ ᠪᠠᠶᠢᠳᠠᠯ ᠢ ᠨᠠᠷᠢᠨ ᠤᠶᠢᠯᠠᠭᠠᠵᠤ᠂ ᠪᠦᠲᠦᠬᠡᠭᠳᠡᠬᠦᠨ ᠤ | ᠦᠯᠢᠭᠡᠷ ᠬᠡᠪ ᠢ ᠪᠠᠶᠢᠴᠠᠭᠠᠨ᠂ ᠤᠭ ᠮᠠᠲ᠋ᠧᠷᠢᠶᠠᠯ ᠤᠨ ᠦᠢᠯᠡᠳᠪᠦᠷᠢᠯᠡᠵᠦ ᠪᠠᠶᠢᠭ᠎ᠠ ᠭᠠᠵᠠᠷ᠂ ᠪᠦᠲᠦᠬᠡᠭᠳᠡᠬᠦᠨ ᠢ | ᠰᠤᠳᠤᠯᠤᠨ ᠨᠡᠬᠡᠬᠡᠬᠦ ᠵᠡᠷᠭᠡ ᠲᠠᠯ᠎ᠠ ᠪᠠᠷ ᠨᠠᠷᠢᠨ ᠠᠰᠠᠭᠤᠨ ᠤᠶᠢᠯᠠᠭᠠᠬᠤ ᠶᠢᠨ ᠬᠠᠮᠲᠤ ᠠᠵᠤ ᠠᠬᠤᠢ ᠶᠢᠨ | ᠬᠠᠷᠢᠭᠤᠴᠠᠯᠭᠠᠳᠠᠨ ᠲᠠᠢ ᠲᠦᠷᠦᠯ ᠵᠦᠢᠯ ᠤᠨ ᠠᠬᠢᠭᠤᠯᠤᠭᠳᠠᠵᠤ ᠪᠠᠶᠢᠭ᠎ᠠ ᠶᠠᠪᠤᠴᠠ ᠳᠠᠬᠢ ᠲᠤᠯᠭᠠᠷᠠᠵᠤ ᠪᠠᠶᠢᠭ᠎ᠠ | ᠬᠦᠴᠢᠷᠳᠡᠯ ᠠᠰᠠᠭᠤᠳᠠᠯ ᠤᠨ ᠲᠠᠯ᠎ᠠ ᠪᠠᠷ ᠨᠠᠷᠢᠨ ᠶᠠᠷᠢᠯᠴᠠᠭᠰᠠᠨ ᠪᠠᠶᠢᠨ᠎ᠠ᠃ ᠪᠠᠶᠢᠴᠠᠭᠠᠨ ᠰᠤᠳᠤᠯᠤᠯᠳᠠ ᠶᠢᠨ | ᠲᠤᠭᠤᠶᠢᠯᠠᠩ ᠤᠨ ᠬᠢᠨ ᠵᠢᠭᠠᠵᠤ ᠭᠠᠷᠭᠠᠬᠤ ᠳᠤ ᠪᠠᠨ᠂ ᠬᠦᠷᠢᠶᠡᠯᠡᠩ ᠲᠤᠭᠤᠷᠢᠭ ᠤᠨ ᠪᠦᠬᠦ ᠠᠵᠤ ᠠᠬᠤᠶᠢᠯᠠᠯ | ᠡᠷᠬᠡᠪᠰᠢ ᠠᠮᠤᠷ ᠲᠦᠪᠰᠢᠨ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠨ᠂ ︽ᠠᠮᠤᠷ ᠲᠦᠪᠰᠢᠨ | ᠨᠢᠬᠡᠳᠦᠬᠡᠷ᠂ ᠠᠮᠢ ᠨᠠᠰᠤ ᠡᠷᠬᠢᠮ ᠳᠡᠭᠡᠲᠤ︾ ᠬᠡᠬᠦ ᠤᠨᠤᠯᠵᠢᠭᠤᠨ ᠢ ᠡᠷᠡᠰ ᠱᠤᠭᠤᠵᠤ᠂ ᠠᠶᠤᠯᠬᠦᠢ ᠦᠢᠯᠡᠳᠪᠦᠷᠢᠯᠡᠯ | ᠢ ᠪᠠᠳᠤᠯᠠᠭᠰᠠᠨ ᠰᠠᠭᠤᠷᠢᠨ ᠳᠡᠭᠡᠷ᠎ᠡ ᠪᠠᠷᠢᠯᠭ᠎ᠠ ᠶᠢᠨ ᠠᠬᠢᠴᠠ ᠪᠠᠨ ᠲᠦᠷᠭᠡᠳᠭᠡᠨ᠂ ᠴᠢᠨᠠᠷ ᠢ ᠪᠠᠳᠤᠯᠠᠵᠤ᠂ ᠡᠯ᠎ᠡ | ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠠᠵᠤ ᠠᠬᠤᠶᠢᠯᠠᠯ ᠳᠤ ᠰᠠᠶᠢᠳᠤᠷ ᠦᠢᠯᠡᠴᠢᠯᠡᠵᠦ᠂ ᠦᠨᠳᠦᠷ | ᠴᠢᠨᠰᠠᠭᠠᠲᠤ ᠦᠢᠯᠡᠴᠢᠯᠡᠭᠡ ᠪᠠᠷ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢ ᠪᠠᠳᠤᠯᠠᠬᠤ ᠬᠡᠷᠡᠭᠲᠠᠢ᠃ ᠡᠯ᠎ᠡ | ᠠᠵᠤ ᠠᠬᠤᠶᠢᠯᠠᠯ ᠨᠡᠶᠢᠬᠡᠮ ᠤᠨ ᠬᠠᠷᠢᠭᠤᠴᠠᠯᠭ᠎ᠠ ᠪᠠᠨ ᠬᠦᠢᠴᠡᠳᠭᠡᠨ᠂ ᠰᠠᠨᠠᠭᠠᠴᠢᠯᠠᠭ᠎ᠠ ᠠᠴᠠ ᠪᠠᠨ ᠪᠦᠬᠦ ᠬᠤᠰᠢᠭᠤᠨ | ᠤ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠳᠤᠯᠬᠤ ᠲᠠᠶᠢᠯᠠᠯᠳᠤᠭᠠᠨ ᠳᠤ ᠤᠷᠤᠯᠴᠠᠨ᠂ ᠰᠤᠷᠭᠠᠨ ᠬᠦᠮᠦᠵᠢᠯ | ᠂ ᠡᠮ ᠡᠮᠨᠡᠯᠭᠡ ᠬᠢᠬᠡᠳ ︽ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠡᠮᠵᠢᠬᠦ︾ ᠵᠡᠷᠭᠡ ᠠᠵᠢᠯ ᠲᠤᠮᠳᠠ | ᠦᠪᠡᠷ ᠢ ᠪᠠᠨ ᠬᠦᠴᠦᠷᠭᠡᠭᠵᠢᠬᠦᠯᠬᠦ ᠶᠢᠨ ᠬᠠᠮᠲᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠡᠯ᠎ᠡ ᠲᠦᠷᠦᠯ | ᠤᠨ ᠠᠵᠢᠯ ᠤᠨ ᠬᠦᠭᠵᠢᠯᠳᠡ ᠶᠢ ᠠᠬᠢᠭᠤᠯᠬᠤ ᠬᠡᠷᠡᠭᠲᠠᠢ ᠬᠡᠵᠡᠢ᠃ | | | | | ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ᠂ ᠡᠯ᠎ᠡ ᠠᠵᠤ ᠠᠬᠤᠶᠢᠯᠠᠯ ᠤᠨ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠦᠵᠡᠭᠰᠡᠨ ᠤ ᠲᠠᠷᠠᠭ᠎ᠠ ᠵᠢᠠᠭᠠᠵᠤ ᠭᠠᠷᠭᠠᠬᠤ ᠳᠤ ᠪᠠᠨ᠂ ᠡᠯ᠎ᠡ ᠠᠵᠤ | ᠠᠬᠤᠶᠢᠯᠡᠯ ᠡᠷᠬᠡᠪᠰᠢ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ | ᠲᠦᠷᠦᠯ ᠵᠦᠢᠯ ᠤᠨ ᠪᠤᠳᠠᠳᠠᠢ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ | ᠲᠠᠯ᠎ᠠ ᠳᠤ ᠲᠤᠰᠬᠠᠢ ᠪᠠᠶᠢᠴᠠᠭᠠᠯᠳᠠ ᠦᠷᠨᠢᠬᠦᠯᠵᠦ᠂ ᠬᠠᠷᠢᠭᠤᠴᠠᠯᠭ᠎ᠠ ᠪᠠᠨ ᠲᠤᠳᠤᠷᠬᠠᠶᠢᠯᠠᠨ ᠬᠦᠴᠦᠯᠡᠴᠡ ᠪᠠᠨ | ᠴᠢᠩᠭᠠᠳᠬᠠᠵᠤ ᠠᠶᠤᠯᠬᠦᠢ ᠦᠢᠯᠡᠳᠪᠦᠷᠢᠯᠡᠯ ᠤᠨ ᠠᠵᠢᠯ ᠢ ᠦᠷᠬᠦᠯᠵᠢᠯᠡᠨ ᠰᠠᠶᠢᠨ ᠬᠢᠵᠦ᠂ ᠦᠷ᠎ᠡ ᠪᠦᠲᠦᠮᠵᠢ | ᠭᠠᠷᠭᠠᠬᠤ ᠬᠡᠷᠡᠭᠲᠠᠢ᠃ ᠠᠵᠤ ᠠᠬᠤᠶᠢᠯᠠᠯ ᠤᠨ ᠲᠤᠮᠳᠠ ᠤᠷᠤᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠬᠡᠮ | ᠬᠢᠬᠡᠳ ᠠᠮᠤᠷ ᠲᠦᠪᠰᠢᠨ ᠬᠠᠮᠢᠶᠠᠷᠤᠯᠳᠠ ᠲᠤᠮᠳᠠ ᠤᠷᠤᠰᠢᠵᠤ ᠪᠠᠶᠢᠭ᠎ᠠ ᠪᠠᠭᠤᠷᠠᠢ ᠲᠠᠯ᠎ᠠ ᠶᠢ ᠦᠷᠬᠦᠯᠵᠢᠯᠡᠨ | ᠦᠪᠡᠷᠳᠡᠭᠡᠨ ᠪᠠᠶᠢᠴᠠᠭᠠᠵᠤ᠂ ᠲᠠᠯᠳᠠ ᠬᠡᠮ ᠢ ᠠᠷᠢᠯᠭᠠᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ | ᠠᠮᠤᠷ ᠲᠦᠪᠰᠢᠨ ᠢ ᠳᠡᠭᠡᠭᠰᠢᠯᠡᠬᠦᠯᠦᠨ ᠬᠡᠨᠡᠳᠡᠯ ᠡᠬᠦᠰᠬᠦ ᠠᠴᠠ ᠪᠦᠲᠦᠮᠵᠢᠳᠡᠢ ᠰᠡᠷᠬᠡᠶᠢᠯᠡᠬᠦ ᠬᠡᠷᠡᠭᠲᠠᠢ ᠬᠡᠪᠡ᠃ |