ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠮᠠᠯ ᠲᠠᠷᠢᠶᠠᠯᠠᠩ ᠪᠤᠯᠤᠨ ᠰᠤᠶᠤᠯ ᠵᠤᠭᠠᠴᠠᠯ ᠤᠨ ᠠᠵᠤ ᠥᠢᠯᠡᠰ ᠤᠨ ᠭᠥᠭᠵᠢᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠪᠡ
ᠨᠡᠶᠢᠲᠡᠯᠡᠭᠰᠡᠨ ᠴᠠᠭ᠄
2019-01-10
     ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠭᠠᠯᠠᠭᠤᠳᠤ ᠪᠠᠯᠭᠠᠰᠤ᠂ ᠤᠯᠠᠭᠠᠨᠳᠤᠯᠤᠭᠠᠢ ᠪᠠᠯᠭᠠᠰᠤ᠂ ᠰᠥᠯᠳᠠ ᠰᠤᠮᠤ ᠪᠠᠷ ᠭᠥᠷᠴᠤ ᠮᠠᠯ ᠲᠠᠷᠢᠶᠠᠯᠠᠩ ᠠᠵᠤ ᠠᠬᠤᠢ  ᠶᠢᠨ ᠠᠵᠤ ᠥᠢᠯᠡᠰ ᠤᠨ ᠭᠥᠭᠵᠢᠯᠳᠠ᠂ ᠭᠥᠳᠡᠭᠡ ᠲᠤᠰᠬᠤᠨ ᠤ ᠭᠠᠵᠠᠷ ᠰᠢᠷᠤᠢ ᠶᠢ ᠨᠢᠭᠡᠳᠭᠡᠭᠦ᠂ ᠰᠤᠶᠤᠯ ᠵᠤᠭᠠᠴᠠᠯ ᠵᠡᠷᠭᠡ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠤᠳᠤᠷᠢᠳᠤᠯᠭ᠎ᠠ ᠸᠠᠩ ᠶᠥᠩ ᠴᠢᠩ᠂ ᠪᠠᠶᠠᠡᠴᠡᠩᠭᠡᠯ᠂ ᠯᠢ ᠬᠤᠩ ᠯᠢᠶᠠᠩ᠂ ᠯᠢ ᠵᠢᠷᠤᠮᠳᠤ ᠪᠤᠯᠤᠨ ᠮᠠᠯ ᠲᠠᠷᠢᠶᠠᠯᠠᠩ᠂ ᠰᠢᠨᠵᠢᠯᠡᠭᠡ ᠮᠠᠷᠭᠡᠵᠢᠯ᠂ ᠤᠰᠤᠨ ᠤ ᠶᠠᠪᠤᠳᠠᠯ᠂ ᠠᠵᠤ ᠥᠢᠯᠡᠰᠵᠢᠭᠦᠯᠥᠯᠳᠠ ᠶᠢᠨ ᠠᠯᠪᠠᠨ ᠭᠡᠷ᠂ ᠬᠤᠯᠪᠤᠭᠳᠠᠯ ᠪᠥᠭᠦᠢ ᠰᠤᠮᠤ ᠪᠠᠯᠭᠠᠰᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃      ᠵᠤᠤ ᠹᠸᠢ ᠯᠤ᠋ ᠨᠠᠷ ᠤᠷᠢᠳ ᠬᠤᠵᠢᠳ ᠮᠧᠩ ᠶᠤᠸᠠᠨ ᠲᠢᠶᠠᠨ ᠮᠤ᠋ ᠢᠳᠡᠭᠡᠨ ᠪᠤᠯᠪᠠᠰᠤᠷᠠᠭᠤᠯᠬᠤ ᠥᠢᠯᠡᠳᠪᠤᠷᠢ᠂  ᠵᠠᠷᠭᠡᠨᠳᠠᠯ᠎ᠠ ᠲᠠᠷᠢᠮᠠᠯ ᠤᠨ ᠲᠤᠰᠬᠠᠢ ᠬᠤᠷᠰᠢᠶᠠᠵᠢᠯ᠂ ᠰᠢᠨᠠᠯᠠᠮ᠎ᠠ ᠶᠢᠨ ᠬᠠᠭᠤᠴᠢᠨ ᠰᠠᠭᠤᠷᠢᠰᠢᠯ᠂ ᠬᠠᠯᠢᠭᠤᠳᠤ ᠶᠢᠨ ᠰᠥᠮ᠎ᠠ᠂ ᠱᠤᠸᠠᠩ ᠺᠠᠩ ᠮᠠᠯ ᠲᠠᠷᠢᠶᠠᠯᠠᠩ ᠤᠨ ᠨᠡᠭᠡᠭᠡᠯᠳᠠ ᠶᠢᠨ ᠭᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠥᠨᠳᠤᠰᠤᠨ ᠰᠠᠶᠢᠯᠤᠮᠠᠯ ᠤᠨ ᠤᠨᠴᠠᠯᠢᠭᠳᠤ ᠰᠤᠶᠤᠯ ᠤᠨ ᠡᠷᠤᠭᠡ᠂ ᠭᠡᠷ ᠪᠥᠯᠢ ᠶᠢᠨ ᠮᠠᠯᠵᠢᠯ ᠤᠨ ᠲᠠᠯᠠᠪᠠᠢ ᠶᠢᠨ ᠲᠠᠭᠤᠷᠢᠶᠠᠯ ᠡᠷᠤᠭᠡ ᠴᠡᠩᠭᠡᠯ ᠤᠨ ᠬᠢᠨ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠳᠠ ᠭᠢᠪᠠ᠃ ᠭᠥᠷᠥᠭᠰᠠᠨ ᠭᠠᠵᠠᠷ ᠪᠤᠯᠭᠠᠨ ᠳᠤ ᠵᠤᠤ ᠹᠸᠢ ᠯᠤ᠋ ᠬᠤᠯᠪᠤᠭᠳᠠᠯ ᠪᠥᠭᠦᠢ ᠬᠠᠷᠢᠭᠤᠴᠠᠯᠭᠠᠳᠠᠨ ᠤ ᠠᠵᠢᠯ ᠤᠨ ᠬᠠᠷᠢᠭᠤ ᠮᠡᠳᠡᠭᠦᠯᠥᠯᠳᠠ ᠶᠢ ᠨᠠᠷᠢᠨ ᠭᠢᠨᠠᠮᠠᠭᠠᠢ ᠰᠤᠨᠤᠰᠬᠤ ᠶᠢᠨ ᠬᠠᠮᠳᠤ ᠲᠤᠬᠠᠢ ᠶᠢᠨ ᠲᠠᠯᠠᠪᠠᠢ ᠳᠤ ᠰᠠᠭᠤᠳᠠᠯ ᠤᠨ ᠬᠤᠷᠠᠯ ᠬᠤᠷᠠᠯᠳᠤᠭᠤᠯᠵᠤ ᠡᠯ᠎ᠠ ᠲᠠᠯ᠎ᠠ ᠶᠢᠨ ᠬᠢᠨ ᠤ ᠮᠠᠯ ᠲᠠᠷᠢᠶᠠᠯᠠᠩ ᠪᠤᠯᠤᠨ ᠰᠤᠶᠤᠯ ᠵᠤᠭᠠᠴᠠᠯ ᠤᠨ ᠠᠵᠤ ᠥᠢᠯᠡᠰ ᠤᠨ ᠴᠢᠨᠠᠷ ᠰᠠᠶᠢᠳᠠᠢ ᠭᠥᠭᠵᠢᠯᠳᠠ ᠶᠢᠨ ᠲᠤᠬᠠᠢ ᠰᠠᠨᠠᠯ ᠰᠠᠨᠠᠭᠤᠯᠭ᠎ᠠ ᠶᠢ ᠰᠤᠨᠤᠰᠪᠠ᠃ ᠪᠠᠶᠢᠴᠠᠭᠠᠨ ᠰᠤᠳᠤᠯᠤᠯᠳᠠ ᠶᠢᠨ ᠲᠠᠷᠠᠭ᠎ᠠ ᠵᠤᠤ ᠹᠸᠢ ᠯᠤ᠋ ᠰᠠᠭᠤᠳᠠᠯ ᠤᠨ ᠬᠤᠷᠠᠯ ᠬᠤᠷᠠᠯᠳᠤᠭᠤᠯᠵᠤ ᠰᠤᠮᠤ ᠪᠠᠯᠭᠠᠰᠤ ᠪᠤᠯᠤᠨ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠢᠯᠠᠳᠭᠡᠯ ᠢ ᠰᠤᠨᠤᠰᠤᠭᠰᠠᠨ ᠪᠠᠶᠢᠨ᠎ᠠ᠃      ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ︽ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠶᠢ ᠪᠠᠷᠢᠮᠳᠠᠯᠠᠨ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠲᠥᠷᠥ ᠶᠢᠨ ᠪᠤᠳᠤᠯᠭ᠎ᠠ ᠶᠢ ᠭᠡᠷᠡᠭᠵᠢᠭᠦᠯᠭᠦ︾ ᠶᠢ ᠲᠤᠷᠠᠲᠤᠨ ᠭᠠᠷᠭᠠᠵᠤ ᠮᠠᠯ ᠲᠠᠷᠢᠶᠠᠯᠠᠩ ᠠᠵᠤ ᠠᠬᠤᠢ ᠶᠢᠨ ᠭᠥᠭᠵᠢᠯᠳᠠ ᠶᠢ ᠨᠡᠩ ᠴᠢᠬᠤᠯᠠ ᠪᠠᠶᠢᠷᠢᠨ ᠳᠤ ᠲᠠᠯᠪᠢᠭᠰᠠᠨ ᠪᠠᠶᠢᠨ᠎ᠠ᠃ ᠠᠵᠤ ᠦᠢᠯᠡᠰ ᠢ ᠬᠦᠭᠵᠢᠬᠦᠯᠬᠦ᠂ ᠠᠮᠢ ᠠᠬᠤᠢ ᠶᠢ ᠤᠷᠤᠰᠢᠨ ᠰᠠᠭᠤᠬᠤ ᠳᠤ ᠲᠤᠬᠢᠯᠢᠭ ᠪᠤᠯᠭᠠᠬᠤ᠂ ᠬᠦᠳᠡᠭᠡ ᠲᠤᠰᠬᠤᠨ ᠤ ᠰᠤᠷᠳᠠᠯ ᠢ ᠪᠤᠯᠪᠠᠰᠤᠨ ᠪᠤᠯᠭᠠᠬᠤ᠂ ᠵᠠᠰᠠᠯᠳᠠ ᠶᠢ ᠪᠦᠳᠦᠮᠵᠢᠳᠠᠢ ᠪᠤᠯᠭᠠᠬᠤ᠂ ᠠᠮᠢᠳᠤᠷᠠᠯ ᠢ ᠴᠢᠨᠡᠭᠡᠯᠢᠭᠵᠢᠬᠦᠯᠬᠦ ᠶᠡᠷᠦᠩᠭᠡᠢ ᠱᠠᠭᠠᠷᠳᠠᠯᠭ᠎ᠠ ᠶᠤᠰᠤᠭᠠᠷ ᠠᠵᠤ ᠥᠢᠯᠡᠰ ᠢ ᠲᠠᠷᠢᠭᠦᠨ ᠳᠤ ᠲᠠᠯᠪᠢᠬᠤ ᠶᠢ ᠪᠠᠷᠢᠮᠳᠠᠯᠠᠨ ᠮᠠᠯ ᠲᠠᠷᠢᠶᠠᠯᠠᠩ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠥᠳᠥᠴᠠ ᠶᠢᠨ ᠲᠤᠭᠢᠷᠠᠭᠤᠯᠤᠯᠳᠠ ᠶᠢᠨ ᠥᠭᠡᠷᠠᠴᠢᠯᠠᠯᠳᠠ ᠶᠢ ᠲᠤᠭᠳᠠᠭᠤᠨ ᠠᠭᠢᠭᠤᠯᠵᠦ ᠨᠢᠭᠡ ᠬᠤᠶᠠᠷ ᠭᠤᠷᠪᠠᠳᠤᠭᠠᠷ ᠠᠵᠤ ᠥᠢᠯᠡᠰ ᠤᠨ ᠠᠭᠤᠰᠤᠯᠴᠠᠭᠰᠠᠨ ᠭᠥᠭᠵᠢᠯᠲᠡ ᠶᠢ ᠠᠭᠢᠭᠤᠯᠣᠨ ᠮᠠᠯ ᠲᠠᠷᠢᠶᠠᠯᠠᠩ ᠪᠤᠯᠤᠨ ᠰᠤᠶᠤᠯ ᠵᠤᠭᠠᠴᠠᠯ ᠤᠨ ᠭᠥᠭᠵᠢᠯᠳᠠ ᠶᠢᠨ ᠥᠷ᠎ᠠ ᠠᠰᠢᠭ ᠢ ᠲᠡᠭᠡᠭᠰᠢᠯᠠᠭᠦᠯᠵᠤ ᠮᠠᠯ ᠲᠠᠷᠢᠶᠠᠯᠠᠩ ᠠᠵᠤ ᠠᠬᠤᠢ ᠢ ᠭᠥᠴᠥᠷᠭᠡᠭᠵᠢᠬᠦᠯᠵᠦ ᠮᠠᠯᠵᠢᠬᠤ ᠲᠠᠷᠢᠶᠠᠯᠠᠬᠤ ᠤᠷᠤᠨ ᠢ ᠭᠤᠶᠤᠵᠢᠭᠤᠯᠤᠨ ᠮᠠᠯᠴᠢᠨ ᠲᠠᠷᠢᠶᠠᠴᠢᠨ ᠢ ᠴᠢᠨᠡᠭᠡᠯᠢᠭᠵᠢᠬᠦᠯᠬᠦ ᠭᠡᠷᠡᠭᠳᠠᠢ ᠭᠡᠵᠡᠢ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠮᠠᠯ ᠲᠠᠷᠢᠶᠠᠯᠠᠩ ᠠᠵᠤ ᠠᠬᠤᠢ ᠶᠢᠨ ᠭᠥᠭᠵᠢᠯᠳᠠ ᠪᠤᠯ ᠥᠷᠭᠡᠨ ᠤᠯᠠᠨ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠭᠦ᠂ ᠴᠢᠨᠠᠭᠡᠯᠢᠭ ᠨᠠᠶᠢᠭᠡᠮ ᠳᠤ ᠠᠯᠬᠤᠮ ᠤᠷᠤᠬᠤ ᠲᠠᠢ ᠬᠤᠯᠪᠤᠭᠳᠠᠵᠤ ᠪᠠᠶᠢᠭ᠎ᠠ ᠥᠨᠳᠤᠰᠤᠨ ᠠᠰᠠᠭᠤᠳᠠᠯ ᠪᠤᠯᠤᠨ᠎ᠠ᠃ ᠡᠯ᠎ᠠ ᠰᠤᠮᠤ ᠪᠠᠯᠭᠠᠰᠤ ᠪᠤᠯᠤᠨ ᠮᠠᠯ ᠲᠠᠷᠢᠶᠠᠯᠠᠩ ᠠᠵᠤ ᠠᠬᠤᠢ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠪᠥᠭᠦ ᠬᠤᠰᠢᠭᠤᠨ ᠤ ᠪᠤᠳᠠᠳᠠᠢ ᠠᠴᠠ ᠡᠭᠦᠰᠴᠤ ᠵᠠᠬ᠎ᠠ ᠲᠡᠯᠭᠡᠭᠦᠷ ᠤᠨ ᠭᠥᠭᠵᠢᠯᠳᠠ ᠶᠢᠨ ᠱᠠᠭᠠᠷᠳᠠᠯᠭ᠎ᠠ ᠶᠢᠨ ᠲᠤᠭᠤᠷᠢᠨ ᠳᠤ ᠪᠠᠶᠢᠴᠠᠭᠠᠨ ᠰᠤᠳᠤᠯᠤᠯᠳᠠ ᠭᠢᠵᠤ ᠭᠥᠭᠵᠢᠯᠳᠠ ᠶᠢᠨ ᠰᠠᠳᠭᠢᠴᠠ ᠶᠢ ᠰᠢᠯᠤᠭᠤᠳᠬᠠᠨ ᠲᠥᠷᠥ ᠶᠢᠨ ᠪᠤᠳᠤᠯᠭ᠎ᠠ ᠶᠢᠨ ᠪᠠᠳᠤᠯᠠᠭ᠎ᠠ  ᠶᠢ ᠴᠢᠩᠭᠠᠳᠬᠠᠵᠤ ᠵᠤᠭᠢᠰᠳᠠᠢ ᠭᠡᠯᠪᠠᠷᠢ ᠮᠠᠶ᠋ᠢᠭ ᠢ ᠲᠡᠯᠭᠡᠷᠡᠭᠦᠯᠤᠨ ᠲᠤᠬᠠᠢ ᠶᠢᠨ ᠭᠠᠵᠠᠷ ᠲᠤᠨᠢ ᠲᠤᠭᠢᠷᠠᠭᠰᠠᠨ ᠠᠵᠤ ᠥᠢᠯᠡᠰ ᠤᠨ ᠭᠥᠭᠵᠢᠯᠳᠠ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠡᠢ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠮᠠᠨ ᠤ ᠬᠤᠰᠢᠭᠤᠨ ᠤ ᠲᠠᠤᠭᠡ ᠶᠢᠨ ᠠᠭᠤᠯᠤᠭᠳᠠᠬᠤᠨ ᠭᠥᠨ ᠵᠤᠵᠠᠭᠠᠨ᠂ ᠰᠤᠶᠤᠯ ᠤᠨ ᠡᠭᠢ ᠪᠠᠶᠠᠯᠢᠭ ᠡᠯᠪᠡᠭ ᠲᠡᠯᠪᠡᠭ ᠪᠠᠶᠢᠵᠤ ᠵᠤᠭᠠᠴᠠᠯ ᠤᠨ ᠠᠵᠤ ᠥᠢᠯᠡᠰ ᠢ ᠭᠥᠭᠵᠢᠭᠦᠯᠭᠦ  ᠳᠤ ᠤᠨᠴᠠᠭᠠᠢ ᠲᠠᠪᠠᠭᠤᠯᠢᠭ ᠲᠠᠢ ᠪᠠᠶᠢᠭ᠎ᠠ ᠶᠤᠮ᠃ ᠲᠠᠷᠠᠭᠠᠴᠢ ᠶᠢᠨ ᠠᠯᠬᠤᠮ ᠵᠠᠬ᠎ᠠ ᠲᠡᠯᠭᠡᠭᠦᠷ ᠤᠨ ᠤᠷᠤᠨ ᠪᠠᠶᠢᠷᠢ  ᠪᠠᠨ ᠤᠨᠤᠪᠴᠢᠳᠠᠢ ᠡᠷᠢᠨ ᠵᠤᠭᠢᠰᠳᠠᠢ ᠲᠥᠯᠥᠪᠯᠡᠭᠡ ᠪᠠᠶᠢᠷᠢᠯᠠᠭᠤᠯᠤᠯᠳᠠ ᠭᠢᠵᠤ ᠪᠥᠭᠦ ᠣᠷᠣᠨ ᠪᠦᠰᠡ ᠶᠢᠨ ᠵᠢᠭᠤᠯᠴᠢᠯᠠᠯ ᠤᠨ ᠭᠥᠭᠵᠢᠯᠳᠠ ᠶᠢᠨ ᠰᠢᠨ᠎ᠠ ᠰᠢᠪᠳᠤᠯᠤᠯᠳᠠ ᠶᠢ ᠪᠠᠶᠠᠯᠡᠭᠦᠯᠬᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号