ᠮᠠᠨ ᠤ ᠬᠤᠰᠢᠭᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠥᠭᠴᠢᠳ  ᠤᠨ ᠠᠵᠢᠯ ᠤᠨ ᠪᠠᠶᠢᠷᠢ ᠶᠢᠨ ᠰᠤᠷᠢᠯᠳᠠ ᠭᠢᠪᠡ
ᠨᠡᠶᠢᠲᠡᠯᠡᠭᠰᠡᠨ ᠴᠠᠭ᠄
2019-01-10
     1 ᠰᠠᠷ᠎ᠠ ᠶᠢᠨ 8 ᠤ ᠡᠳᠦᠷ᠂ ᠪᠥᠭᠦ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠥᠭᠴᠢᠳ ᠤᠨ ᠠᠵᠢᠯ ᠤᠨ ᠪᠠᠶᠢᠷᠢ ᠶᠢᠨ ᠰᠤᠷᠢᠯᠳᠠ ᠶᠢᠨ ᠡᠭᠢᠯᠠᠯᠳᠠ ᠶᠢᠨ ᠶᠤᠰᠤᠯᠠᠯ ᠨᠠᠷᠠᠨ ᠬᠡᠷᠡᠯ ᠨᠠᠶᠢᠭᠡᠮ ᠲᠤᠭᠤᠷᠢᠭ ᠲᠤ ᠶᠠᠪᠤᠭᠳᠠᠵᠦ ᠡᠯ᠎ᠠ ᠰᠤᠮᠤ ᠪᠠᠯᠭᠠᠰᠤᠨ ᠤ ᠶᠠᠷᠤᠩᠭᠡᠶᠢᠯᠡᠭᠰᠠᠨ ᠬᠠᠤᠯᠢ ᠭᠡᠷᠡᠭᠵᠢᠭᠦᠯᠭᠦ ᠠᠵᠢᠯᠳᠠᠨ᠂ ᠬᠠᠤᠯᠢ ᠭᠡᠷᠡᠭᠵᠢᠭᠦᠯᠭᠦ ᠲᠤᠪᠴᠢᠶᠠᠨ ᠤ ᠪᠥᠭᠦ ᠠᠵᠢᠯᠳᠠᠨ ᠣᠷᠣᠯᠴᠠᠭᠰᠠᠨ ᠪᠠᠶᠢᠨ᠎ᠠ᠃      ᠡᠭᠢᠯᠠᠯᠳᠠ ᠶᠢᠨ ᠶᠤᠰᠤᠯᠠᠯ ᠲᠡᠭᠡᠷ᠎ᠡ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠬᠠᠷᠢᠭᠤᠴᠠᠯᠭᠠᠳᠠᠨ ᠴᠢᠬᠤᠯᠠᠴᠢᠯᠠᠬᠤ ᠳᠤ ᠪᠠᠨ᠂ ᠭᠤᠤᠯᠳᠠᠯᠭ᠎ᠠ ᠶᠢ ᠲᠤᠪᠤᠶᠢᠯᠭᠠᠨ ᠠᠵᠢᠯ ᠤᠨ ᠪᠠᠶᠢᠷᠢ  ᠶᠢᠨ ᠰᠤᠷᠢᠯᠳᠠ ᠶᠢᠨ ᠠᠵᠢᠯᠯᠠᠭᠠᠨ ᠤ ᠴᠢᠭᠯᠡᠯᠳᠤ ᠴᠢᠨᠠᠷ ᠢ ᠴᠢᠩᠭᠠᠳᠬᠠᠵᠦ ᠠᠵᠢᠯ ᠤᠨ ᠪᠤᠳᠠᠳᠠᠢ ᠠᠴᠠ ᠡᠭᠦᠰᠴᠤ ᠠᠵᠢᠯ ᠤᠨ ᠲᠤᠮᠳᠠᠭᠢ ᠪᠠᠭᠤᠷᠠᠢ ᠭᠤᠭᠴᠤᠭ᠎ᠠ ᠪᠤᠯᠤᠨ ᠥᠪᠠᠷ ᠤᠨ ᠪᠠᠶ᠎ᠠ ᠶᠢᠨ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠠᠳᠬᠤᠨ ᠬᠠᠳᠠᠭᠤᠵᠢᠯᠳᠠᠢ ᠪᠤᠯᠪᠠᠰᠤᠷᠠᠵᠤ ᠪᠤᠳᠠᠳᠤ ᠪᠥᠳᠥᠮᠵᠢ ᠶᠢ ᠪᠥᠭᠦ ᠲᠠᠯ᠎ᠠ ᠪᠠᠷ ᠲᠡᠭᠡᠭᠰᠢᠯᠠᠭᠦᠯᠭᠦ ᠭᠡᠷᠡᠭᠳᠠᠢ᠃ ᠠᠵᠢᠯ ᠤᠨ ᠪᠠᠶᠢᠷᠢ ᠶᠢᠨ ᠰᠤᠷᠢᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ ᠰᠤᠷᠬᠤ ᠭᠡᠷᠡᠭᠯᠠᠭᠦ ᠶᠢ ᠰᠠᠯᠭᠠᠬᠤ᠂ ᠰᠤᠷᠤᠭᠠᠳ ᠭᠡᠷᠡᠭᠯᠡᠭᠦ ᠥᠭᠡᠢ ᠪᠠᠶᠢᠳᠠᠯ ᠢ ᠥᠭᠡᠶᠢᠰᠭᠡᠭᠦ ᠭᠡᠷᠡᠭᠳᠠᠢ᠃ ᠱᠠᠩᠨᠠᠬᠤ ᠲᠤᠷᠭᠤᠬᠤ ᠶᠢ ᠲᠤᠳᠤᠷᠬᠠᠢ ᠪᠠᠶᠢᠯᠭᠠᠨ ᠠᠵᠢᠯ ᠤᠨ ᠪᠠᠶᠢᠷᠢ ᠶᠢᠨ ᠰᠤᠷᠢᠯᠳᠠ ᠲᠤᠮᠳᠠ ᠰᠢᠯᠢᠳᠡᠭ ᠭᠢᠷᠢ ᠪᠥᠳᠥᠮᠵᠢ ᠭᠠᠷᠭᠠᠭᠰᠠᠳ ᠢ ᠱᠠᠩᠨᠠᠨ ᠭᠥᠭᠢᠭᠦᠯᠵᠤ ᠠᠵᠢᠯ ᠤᠨ ᠪᠠᠶᠢᠷᠢ ᠶᠢᠨ ᠰᠤᠷᠢᠯᠳᠠ ᠶᠢᠨ ᠠᠵᠢᠯᠯᠠᠭᠠᠨ ᠢᠶᠠᠷ ᠲᠠᠮᠵᠢᠭᠤᠯᠤᠨ ᠡᠩᠨᠡᠭᠡᠨ ᠤ ᠰᠠᠭᠤᠷᠢ ᠶᠢ ᠪᠤᠳᠠᠲᠠᠶᠢᠵᠢᠭᠤᠯᠵᠦ ᠡᠩᠨᠡᠭᠡᠨ ᠤ ᠶᠠᠷᠤᠩᠭᠡᠢ ᠭᠡᠪ ᠴᠢᠨᠠᠷ ᠢ ᠲᠡᠭᠡᠭᠰᠢᠯᠠᠭᠦᠯᠭᠦ ᠭᠡᠷᠡᠭᠳᠠᠢ ᠭᠡᠵᠡᠢ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯ ᠤᠨ ᠪᠠᠶᠢᠷᠢ ᠶᠢᠨ ᠰᠤᠷᠢᠯᠳᠠ ᠶᠢ ᠨᠢᠭᠡ ᠰᠠᠷ᠎ᠠ ᠶᠢᠨ ᠬᠤᠭᠤᠴᠠᠭ᠎ᠠ ᠲᠠᠢ ᠥᠷᠨᠢᠭᠦᠯᠵᠤ ᠰᠤᠷᠢᠯᠳᠠ ᠨᠢ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠮᠡᠳᠡᠯᠭᠡ ᠶᠢᠨ ᠪᠤᠯᠪᠠᠰᠤᠷᠠᠯ ᠢᠶᠠᠷ ᠭᠤᠤᠯ ᠪᠤᠯᠭᠠᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠳᠠᠨ ᠢ ᠤᠷᠢᠨ ᠵᠢᠯᠤᠭᠤᠳᠤᠭᠤᠯᠬᠤ᠂ ᠲᠤᠬᠠᠢ ᠶᠢᠨ ᠲᠠᠯᠠᠪᠠᠢ ᠳᠤ ᠲᠤᠷᠰᠢᠯᠭ᠎ᠠ ᠰᠤᠯᠢᠯᠴᠠᠬᠤ᠂ ᠰᠢᠯᠭᠠᠯᠳᠠ ᠪᠠᠷ ᠰᠤᠷᠤᠯᠴᠠᠯᠭ᠎ᠠ ᠶᠢ ᠠᠭᠢᠭᠤᠯᠬᠤ ᠠᠷᠭ᠎ᠠ ᠭᠡᠯᠪᠠᠷᠢ ᠪᠠᠷ ᠲᠠᠮᠵᠢᠭᠤᠯᠤᠨ ᠰᠤᠷᠤᠯᠭ᠎ᠠ ᠶᠢᠨ ᠥᠷ᠎ᠠ ᠪᠥᠳᠥᠮᠵᠢ ᠶᠢ ᠥᠨᠠᠠᠭᠦ ᠲᠡᠭᠡᠭᠰᠢᠯᠡᠭᠦᠯᠭᠦ ᠶᠢ ᠵᠤᠷᠢᠭᠰᠠᠨ ᠪᠠᠶᠢᠨ᠎ᠠ
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号