︽ᠪᠤᠶᠠᠨ ᠤ ᠦᠢᠯᠡᠰ︾ ᠸᠢᠴᠡᠲ ᠤᠨ ᠬᠤᠯᠪᠤᠭ᠎ᠠ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019-01-10
      ᠤᠶᠢᠷ᠎ᠠ ᠳᠤ ᠮᠠᠨ ᠤ ᠬᠤᠰᠢᠭᠤᠨ ᠤ ᠬᠡᠰᠡᠭ ᠰᠠᠶᠢᠨ ᠲᠤᠷᠠᠴᠤᠳ ᠢᠶᠠᠷ ᠪᠦᠷᠢᠯᠳᠦᠭᠰᠡᠨ ︽ᠪᠤᠶᠠᠨ ᠤ ᠦᠢᠯᠡᠰ︾ ᠸᠢᠴᠡᠲ ᠤᠨ ᠬᠤᠯᠪᠤᠭᠠᠨ ᠤ ᠬᠢᠨ ᠤᠲᠤᠭ ᠬᠤᠰᠢᠭᠤ᠂ ᠤᠲᠤᠭ ᠤᠨ ᠡᠮᠦᠨᠡᠲᠦ ᠬᠤᠰᠢᠭᠤᠨ ᠤ ᠵᠠᠷᠢᠮ ᠬᠦᠴᠢᠷᠲᠡᠯᠲᠡᠢ ᠡᠷᠦᠬᠡ ᠪᠠᠷ ᠬᠦᠷᠴᠦ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃      ᠭᠤᠴᠢ ᠭᠠᠷᠤᠢ ᠬᠦᠮᠦᠨ ᠢᠶᠠᠷ ᠪᠦᠷᠢᠯᠳᠦᠭᠰᠡᠨ ᠬᠠᠶᠢᠷ᠎ᠠ ᠬᠠᠯᠠᠮᠵᠢ ᠶᠢᠨ ᠪᠦᠯᠬᠦᠮ ᠤᠲᠤᠭ ᠬᠤᠰᠢᠭᠤ᠂ ᠤᠲᠤᠭ ᠤᠨ ᠡᠮᠦᠨᠡᠲᠦ ᠬᠤᠰᠢᠭᠤᠨ ᠤ 8 ᠬᠦᠴᠢᠷᠲᠡᠯᠲᠡᠢ ᠡᠷᠦᠬᠡ ᠪᠠᠷ ᠬᠦᠷᠴᠦ ᠭᠤᠷᠪᠠᠨ ᠲᠦᠮᠡᠨ ᠲᠦᠭᠦᠷᠢᠭ ᠣᠷᠴᠢᠮ ᠤᠨ ᠡᠳ᠋ ᠪᠤᠳᠠᠰ᠂ ᠵᠤᠭᠤᠰ ᠮᠦᠩᠭᠦ ᠬᠦᠷᠭᠡᠵᠦ ᠤᠴᠢᠭᠰᠠᠨ ᠪᠠᠶᠢᠨ᠎ᠠ᠃ ᠰᠦᠮᠡᠲᠦ ᠰᠤᠮᠤᠨ ᠤ ᠡᠷᠢᠶᠡᠨᠲᠤᠯᠤᠭᠠᠢ ᠭᠠᠴᠠᠭᠠᠨ ᠤ ᠮᠠᠯᠴᠢᠨ ᠤᠳᠬᠠᠡᠴᠡᠴᠡᠭ ᠤᠨ ᠨᠦᠬᠦᠷ ᠪᠡᠶ᠎ᠡ ᠵᠡᠮᠲᠡᠭ ᠲᠡᠭᠡᠷ᠎ᠡ ᠠᠴᠠ ᠡᠮᠦᠨ᠎ᠡ ᠬᠤᠶᠠᠷ ᠵᠢᠯ ᠲᠡᠷᠭᠡᠨ ᠠᠳᠡᠯ ᠠᠴᠠ ᠪᠤᠯᠵᠦ ᠠᠮᠢᠳᠤᠷᠠᠯ ᠨᠢ ᠤᠯᠠᠮ ᠬᠦᠴᠢᠷ ᠲᠠᠢ ᠪᠣᠯᠤᠭᠰᠠᠨ ᠪᠠᠶᠢᠪᠠ᠃ ᠡᠨᠡ ᠤᠳᠠᠭᠠᠨ ᠤ ᠲᠤᠬᠤᠨᠢᠭᠤᠯᠭ᠎ᠠ ᠨᠢ ᠲᠡᠳᠡᠨ ᠳᠤ ᠴᠠᠭᠠᠨ ᠰᠠᠷ᠎ᠠ ᠶᠢᠨ ᠰᠢᠨᠡᠯᠡᠬᠦ ᠡᠳ᠋ ᠪᠤᠳᠠᠰ ᠢ ᠪᠡᠯᠡᠳᠭᠡᠨ ᠦᠭᠴᠤ ᠪᠦᠬᠡᠮ ᠪᠠᠶᠠᠷ ᠪᠤᠯᠵᠠᠢ᠃      ︽ᠪᠤᠶᠠᠨ ᠤ ᠦᠢᠯᠡᠰ︾ ᠸᠢᠴᠡᠲ ᠤᠨ ᠬᠤᠯᠪᠤᠭ᠎ᠠ ᠨᠢ ᠮᠠᠨ ᠤ ᠬᠤᠳᠠ ᠶᠢᠨ ᠡᠯ᠎ᠡ ᠬᠤᠰᠢᠭᠤ ᠲᠤᠭᠤᠷᠢᠭ  ᠤᠨ ᠭᠤᠷᠪᠠᠨ ᠵᠠᠭᠤᠭᠠᠳ ᠬᠦᠮᠦᠨ ᠢᠶᠠᠷ ᠪᠦᠷᠢᠯᠳᠤᠵᠤ᠂ ᠬᠤᠶᠠᠷ ᠵᠢᠯ ᠤᠨ ᠬᠤᠭᠤᠴᠠᠭᠠᠨ ᠳᠤ ᠨᠡᠶᠢᠲᠡ ᠬᠤᠷᠢᠭᠠᠳ ᠲᠦᠮᠡᠨ ᠲᠦᠭᠦᠷᠢᠭ ᠤᠨ ᠡᠳ᠋ ᠪᠤᠳᠠᠰ ᠵᠤᠭᠤᠰ ᠮᠦᠩᠭᠦ ᠶᠢ ᠬᠦᠴᠢᠷᠲᠡᠯᠲᠡᠢ ᠠᠶᠢᠯ ᠡᠷᠦᠬᠡ ᠳᠤ ᠬᠦᠷᠭᠡᠭᠰᠡᠨ ᠪᠠᠶᠢᠨ᠎ᠠ      ᠬᠠᠯᠠᠭᠤᠨ ᠰᠡᠳᠬᠢᠯᠲᠡᠨ ᠨᠠᠰᠤᠨᠵᠢᠷᠭᠠᠯ᠄ ︽ᠪᠤᠶᠠᠨ ᠤ ᠦᠢᠯᠡᠰ ᠤᠨ ᠬᠤᠯᠪᠤᠭᠠᠨ ᠤ ᠬᠦᠮᠦᠰ ᠬᠦᠴᠢᠷᠲᠡᠯᠲᠡᠢ ᠠᠶᠢᠯ ᠡᠷᠦᠬᠡ ᠪᠠᠶᠢᠬᠤ ᠶᠢ ᠬᠤᠯᠪᠤᠭᠠᠨ ᠳᠤ ᠲᠠᠨᠢᠯᠴᠠᠭᠤᠯᠤᠭᠰᠠᠨ ᠤ ᠲᠠᠷᠠᠭ᠎ᠠ᠂ ᠲᠠᠬᠢᠭᠠᠳ ᠰᠤᠮᠤᠨ ᠤ ᠺᠠᠳ᠋ᠷ ᠠᠵᠢᠯᠲᠠᠨ ᠲᠠᠢ ᠬᠠᠷᠢᠯᠴᠠᠭᠠᠳ ᠦᠨᠡᠨ ᠪᠠᠶᠢᠳᠠᠯ ᠢ ᠤᠶᠢᠯᠠᠭᠠᠨ ᠲᠡᠳᠬᠦᠨ ᠲᠤᠰᠠᠯᠠᠬᠤ ᠠᠵᠢᠯᠯᠠᠭ᠎ᠠ ᠪᠠᠨ ᠦᠷᠨᠢᠭᠦᠯᠳᠡᠭ ᠪᠠᠶᠢᠨ᠎ᠠ︾ ᠭᠡᠵᠦ ᠠᠵᠢᠯ ᠤᠨ ᠶᠠᠪᠤᠴᠠ ᠪᠠᠨ ᠲᠠᠨᠢᠯᠴᠠᠭᠤᠯᠵᠤ ᠪᠠᠶᠢᠯ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号