ᠨᠠᠮ ᠤᠨ ᠳᠦᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶ᠎ᠠ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦᠬᠢᠭᠦᠯᠦᠨ ᠱᠠᠩᠨᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-10
      ᠳᠡᠷᠢᠬᠦᠯᠡᠭᠴᠢ ᠰᠢ ᠶᠢᠨ ᠫᠢᠩ ᠶᠡᠭᠡ ᠬᠤᠷᠠᠯ ᠳᠤ ᠤᠷᠤᠯᠴᠠᠬᠰᠠᠨ ᠪᠦᠬᠡᠳ ᠬᠠᠮᠤᠭ ᠳᠡᠬᠡᠳᠤ ᠱᠠᠩᠨᠠᠯ ᠬᠦᠷᠳᠡᠭᠴᠢ ᠵᠡᠷᠬᠡ ᠳᠤ ᠱᠠᠩᠨᠠᠯ ᠭᠠᠷᠳᠠᠭᠤᠯᠪᠠ      ᠯᠢ ᠺᠧ ᠴᠢᠶᠠᠩ ᠶᠠᠷᠢᠶ᠎ᠠ ᠳᠠᠯᠪᠢᠵᠥ ᠸᠠᠩ ᠬᠤ᠋ ᠨᠢᠩ ᠠᠭᠤᠯᠵᠠᠯᠳᠠ ᠳᠤ ᠤᠷᠤᠯᠴᠠᠵᠥ ᠬᠠᠨ ᠵᠧᠩ ᠬᠤᠷᠠᠯ ᠢ ᠡᠷᠬᠢᠯᠡᠪᠡ      ᠰᠢᠨᠬᠤᠸᠠ ᠬᠤᠷᠢᠶᠠᠨ ᠤ ᠮᠡᠳᠡᠭᠡᠯᠡᠭᠰᠡᠨ ᠢᠶᠠᠷ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ 8 ᠤ ᠦᠳᠡ ᠶᠢᠨ ᠡᠮᠤᠨ᠎ᠡ ᠪᠡᠬᠡᠵᠢᠩ ᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦᠬᠢᠭᠦᠯᠦᠨ ᠱᠠᠩᠨᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠰᠢ ᠶᠢᠨ ᠫᠢᠩ᠂ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠵᠡᠷᠬᠡ ᠨᠠᠮ ᠳᠦᠷᠦ ᠶᠢᠨ ᠤᠳᠤᠷᠢᠳᠬᠤ ᠬᠦᠮᠦᠰ ᠬᠤᠷᠠᠯ ᠠᠵᠢᠯᠯᠠᠭ᠎ᠠ ᠳᠤ ᠤᠷᠤᠯᠴᠠᠪᠠ᠃ ᠰᠢ ᠶᠢᠨ ᠫᠢᠩ ᠨᠠᠷ ᠱᠠᠩᠨᠠᠯ ᠬᠦᠷᠳᠡᠭᠴᠢ ᠶᠢᠨ ᠳᠦᠯᠦᠬᠡᠯᠡᠭᠴᠢ ᠳᠤ ᠱᠠᠩᠨᠠᠯ ᠭᠠᠷᠳᠠᠭᠤᠯᠵᠠᠢ᠃ ᠯᠢ ᠺᠧ ᠴᠢᠶᠠᠩ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠤᠨ᠎ᠡ ᠠᠴᠠ ᠶᠡᠭᠡ ᠬᠤᠷᠠᠯ ᠳᠤ ᠶᠠᠷᠢᠶ᠎ᠠ ᠳᠠᠯᠪᠢᠪᠠ᠃ ᠬᠠᠨ ᠵᠧᠩ ᠶᠡᠭᠡ ᠬᠤᠷᠠᠯ ᠢ ᠡᠷᠬᠢᠯᠡᠪᠡ᠃      ᠦᠳᠡ ᠶᠢᠨ ᠡᠮᠤᠨᠡᠬᠢ 10 ᠴᠠᠬ 30 ᠮᠢᠨᠦ᠋ᠲ ᠲᠤ᠂ ᠶᠡᠭᠡ ᠬᠤᠷᠠᠯ ᠨᠢ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠬᠠᠯᠠᠭᠤᠨ ᠠᠯᠠᠭ᠎ᠠ ᠳᠠᠰᠢᠯᠳᠠ ᠶᠢᠨ ᠳᠤᠮᠳᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠡ᠊ᠩ ᠳᠡᠷᠢᠬᠦᠨ ᠳᠤ 2018 ᠤᠨ ᠤ ᠤᠯᠤᠰ ᠤᠨ ᠬᠠᠮᠤᠭ ᠳᠡᠬᠡᠳᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠱᠠᠩᠨᠠᠯ ᠬᠦᠷᠳᠡᠭᠰᠡᠨ ᠬᠠᠷᠪᠢᠨ ᠤ ᠠᠵᠥ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠯᠢᠦ ᠲᠠᠨ ᠠᠺᠠᠳᠧᠮᠢᠴᠢ ᠪᠤᠯᠤᠨ ᠳᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ ᠬᠠᠭᠤᠷᠠᠢ ᠵᠠᠮ ᠤᠨ ᠴᠡᠷᠢᠭ ᠤᠨ ᠢᠨᠵᠧᠨᠧᠷᠢᠩ ᠤᠨ ᠶᠡᠭᠡ ᠰᠤᠷᠭᠠᠭᠤᠯᠢ ᠶᠢᠨ ᠴᠢᠶᠠᠨ ᠴᠢ ᠬᠤ᠋ ᠠᠺᠠᠳᠧᠮᠢᠴᠢ ᠳᠤ ᠱᠠᠩᠨᠠᠯ ᠤᠨ ᠳᠡᠮᠳᠡᠭ᠂ ᠦᠨᠡᠮᠯᠡᠯ ᠭᠠᠷᠳᠠᠭᠤᠯᠵᠥ᠂ ᠳᠡᠳᠡᠨ ᠲᠠᠢ ᠬᠠᠯᠠᠭᠤᠨ ᠢᠶᠠᠷ ᠭᠠᠷ ᠠᠳᠬᠤᠨ ᠪᠠᠶᠠᠷ ᠬᠦᠷᠭᠡᠵᠥ ᠪᠠᠶᠢᠬᠤ ᠪᠠᠨ ᠢᠯᠡᠳᠬᠡᠭᠰᠡᠨ ᠪᠦᠬᠡᠳ ᠳᠡᠳᠡᠨ ᠢ ᠳᠡᠷᠢᠬᠦᠯᠡᠭᠴᠢ ᠶᠢᠨ ᠳᠠᠶᠢᠰᠠᠨ ᠳᠤ ᠵᠠᠯᠠᠪᠠ᠃ ᠳᠠᠷᠠᠭ᠎ᠠ ᠳᠤᠨᠢ᠂ ᠰᠢ ᠶᠢᠨ ᠫᠢᠩ ᠵᠡᠷᠬᠡ ᠨᠠᠮ ᠳᠦᠷᠦ ᠶᠢᠨ ᠤᠳᠤᠷᠢᠳᠬᠤ ᠬᠦᠮᠦᠰ ᠬᠤᠶᠠᠷ ᠨᠡᠷᠡᠰ ᠬᠠᠮᠤᠭ ᠳᠡᠬᠡᠳᠤ ᠱᠠᠩᠨᠠᠯ ᠬᠦᠷᠳᠡᠭᠴᠢ ᠲᠠᠢ ᠬᠠᠮᠳᠤ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠬᠡᠵᠢᠯ ᠤᠨ ᠡᠬᠦᠳᠦᠯᠳᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠳᠠᠪᠰᠢᠯᠳᠠ ᠶᠢᠨ ᠱᠠᠩᠨᠠᠯ ᠪᠤᠯᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠳᠤᠷᠠᠯᠴᠠᠭᠠᠨ ᠤ ᠱᠠᠩᠨᠠᠯ ᠬᠦᠷᠳᠡᠭᠰᠡᠨ ᠳᠦᠯᠦᠬᠡᠯᠡᠭᠴᠢ ᠳᠤ ᠦᠨᠡᠮᠯᠡᠯ ᠭᠠᠷᠳᠠᠭᠤᠯᠪᠠ᠃      ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠡᠮᠤᠨ᠎ᠠ ᠠᠴᠠ ᠱᠠᠩᠨᠠᠯ ᠬᠦᠷᠳᠡᠭᠰᠡᠨ ᠪᠦᠬᠦ ᠬᠦᠮᠦᠰ ᠲᠤ ᠬᠠᠯᠠᠭᠤᠨ ᠢᠶᠠᠷ ᠪᠠᠶᠠᠷ ᠬᠦᠷᠭᠡᠵᠡᠢ᠃      ᠯᠢ ᠺᠧ ᠴᠢᠶᠠᠩ᠂ ᠰᠠᠶ᠋ᠢᠬᠠᠨ ᠦᠩᠬᠡᠷᠡᠭᠰᠡᠨ ᠨᠢᠬᠡ ᠵᠢᠯ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠮᠠᠨ ᠤ ᠤᠯᠤᠰ ᠤᠨ ᠠᠵᠦ ᠠᠬᠤᠢ ᠨᠡᠶᠢᠭᠡᠮ ᠦᠷᠬᠦᠯᠵᠢᠯᠡᠨ ᠡᠷᠡᠬᠦᠯ ᠢᠶᠠᠷ ᠬᠦᠭᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠰᠢᠨ᠎ᠠ ᠶᠢ ᠡᠬᠦᠳᠬᠦ ᠠᠵᠢᠯ ᠳᠠᠬᠢᠨᠳᠠ ᠰᠢᠯᠢᠳᠡᠭ ᠠᠮᠵᠢᠯᠳᠡ ᠪᠦᠳᠦᠮᠵᠢ ᠤᠯᠵᠦ᠂ ᠰᠢᠨ᠎ᠠ ᠬᠦᠳᠡᠯᠬᠡᠬᠦ ᠡᠨᠧᠷᠬᠢ ᠦᠷᠬᠦᠯᠵᠢᠯᠡᠨ ᠦᠳᠳᠡᠷ ᠳᠦᠷᠬᠡᠨ ᠦᠰᠦᠨ ᠪᠤᠶᠢᠵᠢᠵᠦ ᠪᠠᠶᠢᠨ᠎ᠠ᠃ ᠤᠳᠤᠬᠠᠨ ᠳᠤ ᠠᠵᠦ ᠠᠬᠤᠢ ᠶᠢᠨ ᠠᠵᠢᠯᠯᠠᠭᠠᠨ ᠢ ᠳᠤᠬᠳᠠᠭᠤᠨ ᠢᠶᠠᠷ ᠶᠠᠪᠤᠬᠳᠠᠭᠤᠯᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ᠂ ᠡᠷᠬᠡᠪᠰᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠳᠡᠯᠡᠬᠡᠢ ᠶᠢᠨ ᠰᠢᠨ᠎ᠠ ᠨᠢᠬᠡ ᠡᠬᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠤᠪᠢᠰᠬᠠᠯ ᠪᠤᠯᠤᠨ ᠠᠵᠦ ᠦᠢᠯᠡᠰ ᠤᠨ ᠬᠤᠪᠢᠰᠤᠯ ᠤᠨ ᠶᠡᠭᠡ ᠬᠠᠨᠳᠤᠰᠢ ᠶᠢ ᠡᠵᠡᠮᠳᠡᠵᠦ᠂ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯ ᠤᠨ ᠰᠢᠨ᠎ᠠ ᠠᠭᠤᠯᠤᠬᠳᠠᠬᠤᠨ ᠢ ᠠᠳᠬᠤᠨ᠂ ᠰᠢᠨ᠎ᠠ ᠶᠢ ᠡᠬᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ᠰᠢᠨ᠎ᠠ ᠶᠢ ᠡᠬᠦᠳᠬᠦ ᠮᠠᠶ᠋ᠢᠬ ᠤᠨ ᠤᠯᠤᠰ ᠪᠤᠯᠤᠨ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠠᠯᠬᠤᠮ ᠢᠶᠠᠨ ᠳᠦᠷᠬᠡᠳᠬᠡᠵᠦ᠂ ᠠᠵᠦ ᠠᠬᠤᠢ ᠶᠢᠨ ᠰᠢᠨ᠎ᠠ ᠶᠢ ᠡᠬᠦᠳᠬᠦ ᠴᠢᠳᠠᠪᠤᠷᠢ ᠪᠤᠯᠤᠨ ᠦᠷᠢᠰᠦᠯᠳᠦᠬᠦ ᠬᠦᠴᠤᠨ ᠢ ᠳᠠᠰᠤᠷᠠᠯᠳᠠ ᠦᠬᠡᠢ ᠴᠢᠩᠭᠠᠳᠬᠠᠬᠤ ᠬᠡᠷᠡᠭᠳᠡᠢ ᠬᠡᠵᠦ ᠬᠡᠯᠡᠪᠡ᠃      ᠯᠢ ᠺᠧ ᠴᠢᠶᠠᠩ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠭᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠤ᠂ ᠴᠢᠬᠤᠯᠠ ᠶᠡᠭᠡ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠲᠦᠷᠤᠯ ᠵᠦᠢᠯ ᠢ ᠲᠤᠬᠢᠷᠠᠭᠤᠯᠤᠨ ᠰᠢᠯᠢᠳᠡᠭᠵᠢᠭᠦᠯᠭᠦ ᠭᠡᠷᠡᠭᠳᠠᠢ᠃ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠤᠷᠤᠭᠤᠯᠤᠯᠳᠠ ᠶᠢᠨ ᠲᠦᠷᠤ ᠶᠢᠨ ᠪᠤᠳᠤᠯᠭ᠎ᠠ ᠪᠤᠯᠤᠨ ᠵᠠᠷᠤᠳᠠᠯ ᠤᠨ ᠬᠠᠮᠢᠶᠠᠷᠤᠯᠳᠠ ᠶᠢᠨ ᠲᠦᠷᠢᠮ ᠤᠨ ᠰᠢᠨ᠎ᠠ ᠶᠢ ᠡᠭᠦᠳᠴᠤ᠂ ᠰᠢᠨᠵᠢᠯᠡᠭᠦ ᠤᠬᠠᠭᠠ ᠤ ᠰᠤᠳᠤᠯᠭᠠᠨ ᠤ ᠠᠵᠢᠯᠲᠠᠳ ᠤᠨ ᠮᠡᠷᠭᠡᠵᠢᠯ ᠤᠨ ᠵᠠᠮ ᠱᠤᠭᠤᠮ ᠤᠨ ᠰᠤᠩᠭᠤᠯᠳᠠ᠂ ᠪᠡᠯᠡ ᠮᠦᠡᠭᠭᠦᠨ ᠤ ᠭᠡᠷᠡᠭᠯᠡᠯᠳᠠ᠂ ᠦᠷ᠎ᠡ ᠪᠦᠳᠤᠭᠡᠯ ᠢᠶᠠᠨ ᠤᠨᠳᠤᠤᠰᠢᠭᠤᠯᠬᠤ ᠵᠡᠷᠭᠡ ᠲᠠᠯ᠎ᠠ ᠶᠢᠨ ᠡᠵᠡᠨ ᠮᠡᠳᠡᠬᠦ ᠡᠷᠬᠡ ᠶᠢ ᠦᠷᠭᠡᠳᠭᠡᠵᠤ᠂ ᠨᠡᠩ ᠠᠮᠢᠳᠤᠯᠢᠭ ᠤᠯᠠᠨ ᠶᠠᠩᠵᠤ ᠶᠢᠨ ᠴᠠᠯᠢᠩ ᠬᠦᠯᠦᠰᠦᠨ ᠤ ᠵᠤᠷᠢᠬᠵᠢᠭᠤᠯᠬᠤ ᠲᠦᠷᠢᠮ ᠢ ᠭᠡᠷᠡᠭᠵᠢᠭᠦᠯᠵᠤ᠂ ᠰᠢᠨᠵᠢᠯᠡᠭᠦ ᠤᠬᠠᠭᠠᠠᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠭᠦ ᠤᠬᠠᠭᠠᠨ ᠤ ᠰᠤᠳᠤᠯᠭᠠᠨ ᠤ ᠡᠰᠢ ᠶᠤᠰᠤᠨ ᠤ ᠲᠦᠷᠢᠮᠵᠢᠯ ᠢ ᠴᠢᠩᠭ᠎ᠠ ᠰᠠᠬᠢᠵᠤ᠂ ᠰᠢᠨᠵᠢᠯᠡᠭᠦ ᠤᠬᠠᠭᠠᠨ ᠤ ᠰᠤᠳᠤᠯᠭᠠᠨ ᠤ ᠦᠨᠡᠨᠴᠢ ᠢᠳᠡᠭᠡᠮᠵᠢ ᠪᠤᠯᠤᠨ ᠡᠷᠳᠡᠮ ᠰᠢᠨᠵᠢᠯᠡᠭᠡᠨ ᠤ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠵᠤ᠂ ᠯᠠᠪᠳᠠᠭᠤᠨ ᠪᠤᠳᠤᠳᠠᠢ ᠪᠠᠷ ᠠᠵᠢᠯ ᠬᠢᠵᠤ᠂ ᠨᠢᠭᠡ ᠯᠠ ᠭᠡᠪᠰᠢᠯ ᠳᠤ ᠪᠠᠷᠢᠭᠳᠠᠬᠤ ᠦᠭᠡᠢ ᠪᠠᠷ ᠵᠠᠯᠠᠭᠤᠴᠤᠳ ᠢ ᠵᠤᠷᠢᠬᠲᠠᠢ ᠭᠡᠷᠡᠭᠯᠡᠵᠤ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠰᠢᠨ᠎ᠠ ᠶᠢ ᠡᠭᠦᠳᠭᠦ ᠡᠭᠦᠳᠤᠨ ᠪᠦᠳᠤᠭᠡᠭᠦ ᠠᠮᠢᠵᠢᠷᠠᠯ ᠤᠨ ᠭᠦᠴᠤᠨ ᠢ ᠭᠦᠢᠴᠡᠳ ᠬᠦᠭᠵᠢᠭᠡᠬᠦ ᠭᠡᠷᠡᠭᠳᠠᠢ ᠭᠡᠵᠤ ᠬᠡᠯᠡᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号