ᠬᠤᠰᠢᠭᠤ ᠨᠠᠰᠤᠳᠠᠶᠢᠴᠤᠳ ᠤᠨ ᠶᠡᠭᠡ ᠰᠤᠷᠭᠠᠭᠤᠯᠢ 2019 ᠤᠨ ᠤ ᠰᠢᠨ᠎ᠠ ᠵᠢᠯ ᠢᠶᠠᠨ ᠤᠬᠳᠤᠬᠤ ᠠᠵᠢᠯᠯᠠᠭ᠎ᠠ ᠦᠷᠨᠢᠭᠦᠯᠵᠠᠢ
ᠨᠡᠶᠢᠲᠡᠯᠡᠭᠰᠡᠨ ᠴᠠᠭ᠄
2019-01-11
      ᠰᠢᠨ᠎ᠠ ᠴᠠᠭ ᠦᠶ᠎ᠠ ᠶᠢᠨ ᠪᠤᠯᠪᠠᠰᠤᠨ ᠢ ᠤᠢᠢᠯᠡᠳᠤᠯᠭᠡᠵᠢᠬᠦᠯᠬᠦ ᠠᠵᠢᠯᠯᠠᠭ᠎ᠠ ᠶᠢ ᠰᠠᠶᠢᠳᠤᠷ ᠦᠷᠨᠢᠬᠦᠯᠬᠦ ᠶᠢᠨ ᠳᠤᠰᠠᠳᠠ᠂ ᠬᠤᠰᠢᠭᠤ ᠨᠠᠰᠤᠳᠠᠶᠢᠴᠤᠳ ᠤᠨ ᠶᠡᠭᠡ ᠰᠤᠷᠭᠠᠭᠤᠯᠢ ︽ᠦᠤᠰᠢᠨ ᠬᠤᠰᠢᠭᠤᠨ ᠤ ᠨᠠᠰᠤᠳᠠᠶᠢᠴᠤᠳ ᠤᠨ ᠶᠡᠭᠡ ᠰᠤᠷᠭᠠᠭᠤᠯᠢ ᠶᠢᠨ ᠰᠢᠨ᠎ᠠ ᠴᠠᠭ ᠦᠶ᠎ᠠ ᠶᠢᠨ ᠪᠤᠯᠪᠠᠰᠤᠨ ᠢ ᠤᠢᠢᠯᠡᠳᠤᠯᠭᠡᠵᠢᠬᠦᠯᠬᠦ ᠠᠵᠢᠯ ᠤᠨ ᠳᠠᠶᠢᠴᠢᠯᠠᠯᠳᠠ ᠶᠢᠨ ᠶᠡᠭᠡ ᠬᠤᠷᠠᠯ ᠪᠠ ᠦᠤᠰᠢᠨ ᠬᠤᠰᠢᠭᠤᠨ ᠤ ᠨᠠᠰᠤᠳᠠᠶᠢᠴᠤᠳ ᠤᠨ ᠶᠡᠭᠡ ᠰᠤᠷᠭᠠᠭᠤᠯᠢ ᠶᠢᠨ 2018 ᠤᠨ ᠤ ᠱᠠᠩᠨᠠᠯ ᠤᠯᠭᠤᠬᠤ ᠶᠤᠰᠤᠯᠠᠯ ᠵᠢᠴᠢ ᠰᠢᠨ᠎ᠠ ᠵᠢᠯ ᠤᠨ ᠤᠷᠠᠨ ᠰᠠᠶᠢᠬᠠᠨ ᠤ ᠳᠤᠬᠯᠠᠯᠳᠠ ᠶᠢᠨ ᠠᠵᠢᠯᠯᠠᠭ᠎ᠠ︾ ᠶᠢ ᠶᠠᠪᠤᠬᠳᠠᠭᠤᠯᠤᠬᠰᠠᠨ ᠪᠠᠶᠢᠨ᠎ᠠ᠃ ᠡᠬᠢᠯᠡᠯᠳᠡ ᠶᠢᠨ ᠶᠤᠰᠤᠯᠠᠯ ᠪᠠ ᠤᠷᠠᠨ ᠰᠠᠶᠢᠬᠠᠨ ᠤ ᠳᠤᠬᠯᠠᠯᠳᠠ ᠳᠤ ᠳᠤᠰ ᠰᠤᠷᠭᠠᠭᠤᠯᠢ ᠶᠢᠨ ᠪᠦᠬᠦ ᠪᠠᠭᠰᠢ ᠠᠵᠢᠯᠳᠠᠨ ᠨᠡᠶᠢᠳᠡ 150 ᠭᠠᠷᠤᠢ ᠬᠦᠮᠤᠨ ᠤᠷᠤᠯᠴᠠᠪᠠ᠃      ᠡᠬᠢᠯᠡᠬᠦ ᠶᠤᠰᠤᠯᠠᠯ ᠳᠡᠭᠡᠷ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠰᠢᠨ᠎ᠠ ᠴᠠᠭ ᠦᠶ᠎ᠠ ᠶᠢᠨ ᠪᠤᠯᠪᠠᠰᠤᠨ ᠢ ᠤᠢᠢᠯᠡᠳᠤᠯᠭᠡᠵᠢᠬᠦᠯᠬᠦ ᠡᠯ᠎ᠠ ᠳᠦᠷᠤᠯ ᠤᠨ ᠠᠵᠢᠯ ᠢ ᠦᠷᠨᠢᠬᠦᠯᠦᠭᠰᠡᠨ ᠪᠠᠶᠢᠳᠠᠯ ᠳᠤ ᠬᠦᠢᠴᠡᠳ ᠨᠤᠳᠠᠯᠠᠯᠳᠠ ᠦᠭᠴᠤ᠂ ᠳᠤᠰ ᠰᠤᠷᠭᠠᠭᠤᠯᠢ ᠶᠢᠨ ᠰᠢᠨ᠎ᠠ ᠴᠠᠭ ᠦᠶ᠎ᠠ ᠶᠢᠨ ᠪᠤᠯᠪᠠᠰᠤᠨ ᠢ ᠤᠢᠢᠯᠡᠳᠤᠯᠭᠡᠵᠢᠬᠦᠯᠬᠦ ᠦᠷᠳᠡᠭᠡ ᠶᠢᠨ ᠨᠠᠮ ᠤᠨ ᠭᠡᠰᠢᠬᠦᠨ ᠤ ᠬᠤᠰᠢᠭᠤᠴᠢ ᠤᠢᠢᠯᠡᠴᠢᠯᠡᠭᠡᠨ ᠤ ᠠᠩᠬᠢ᠂ ᠪᠡᠶ᠎ᠠ ᠴᠢᠬᠢᠷᠠᠬᠵᠢᠭᠤᠯᠬᠤ ᠤᠢᠢᠯᠡᠴᠢᠯᠡᠭᠡᠨ ᠤ ᠠᠩᠬᠢ᠂ ᠪᠠᠭᠰᠢ ᠶᠢᠨ ᠤᠢᠢᠯᠡᠴᠢᠯᠡᠭᠡᠨ ᠤ ᠠᠩᠬᠢ᠂ ᠰᠤᠶᠤᠯ ᠤᠨ ᠤᠢᠢᠯᠡᠴᠢᠯᠡᠭᠡᠨ ᠤ ᠠᠩᠬᠢ᠂ ᠪᠤᠯᠪᠠᠰᠤᠨ ᠢ ᠤᠢᠢᠯᠡᠳᠤᠯᠭᠡᠵᠢᠬᠦᠯᠬᠦ ᠤᠢᠢᠯᠡᠴᠢᠯᠡᠭᠡᠨ ᠤ ᠠᠩᠬᠢ ᠳᠤ ᠳᠤᠭ ᠤᠯᠭᠤᠵᠠᠢ᠃      ᠡᠬᠢᠯᠡᠬᠦ ᠶᠤᠰᠤᠯᠠᠯ ᠳᠡᠭᠡᠷ᠎ᠠ ᠪᠠᠰᠠ ᠨᠠᠰᠤᠳᠠᠶᠢᠴᠤᠳ ᠤᠨ ᠶᠡᠭᠡ ᠰᠤᠷᠭᠠᠭᠤᠯᠢ ᠶᠢᠨ ᠰᠢᠨ᠎ᠠ ᠴᠠᠭ ᠦᠶ᠎ᠠ ᠶᠢᠨ ᠪᠤᠯᠪᠠᠰᠤᠨ ᠢ ᠤᠢᠢᠯᠡᠳᠤᠯᠭᠡᠵᠢᠬᠦᠯᠬᠦ ᠠᠵᠢᠯ ᠤᠨ ᠳᠦᠰᠤᠯ ᠢ ᠳᠠᠶᠢᠯᠪᠤᠷᠢᠯᠠᠭᠰᠠᠨ ᠤ ᠬᠠᠮᠳᠤ ᠦᠡᠭᠭᠡᠷᠡᠭᠰᠡᠨ ᠨᠢᠭᠡ ᠰᠤᠷᠤᠯᠭ᠎ᠠ ᠶᠢᠨ ᠬᠤᠭᠤᠴᠠᠭᠠᠨ ᠳᠤ ᠰᠢᠯᠢᠳᠡᠭ ᠦᠷ᠎ᠠ ᠪᠦᠳᠤᠮᠵᠢ ᠤᠯᠤᠬᠰᠠᠨ ᠰᠢᠯᠢᠳᠡᠭ ᠠᠩᠬᠢ᠂ ᠰᠢᠯᠢᠳᠡᠭ ᠰᠤᠷᠤᠯᠭᠠᠳᠠᠨ᠂ ᠪᠤᠯᠪᠠᠰᠤᠨ ᠠᠩᠬᠢ᠂ ᠪᠤᠯᠪᠠᠰᠤᠨ ᠰᠤᠷᠤᠯᠭᠠᠳᠠᠨ᠂ ᠰᠢᠯᠢᠳᠡᠭ ᠪᠠᠭᠰᠢ᠂ ᠰᠢᠯᠢᠳᠡᠭ ᠠᠩᠬᠢ ᠶᠢᠨ ᠡᠷᠬᠢᠯᠡᠭᠴᠢ ᠪᠠᠨ ᠱᠠᠩᠨᠠᠨ ᠬᠦᠬᠢᠬᠦᠯᠦᠭᠰᠡᠨ ᠪᠠᠶᠢᠨ᠎ᠠ᠃      ᠠᠵᠢᠯᠯᠠᠭ᠎ᠠ ᠳᠤ ᠨᠠᠰᠤᠳᠠᠶᠢᠴᠤᠳ ᠤᠨ ᠶᠡᠭᠡ ᠰᠤᠷᠭᠠᠭᠤᠯᠢ ᠶᠢᠨ ᠰᠤᠷᠤᠯᠭᠠᠳᠠᠳ ᠭᠤᠴᠤ ᠰᠠᠶᠢᠬᠠᠨ ᠤᠷᠠᠨ ᠰᠠᠶᠢᠬᠠᠨ ᠤ ᠳᠤᠬᠯᠠᠯᠳᠠ ᠭᠠᠷᠭᠠᠵᠤ᠂ ᠦᠵᠡᠭᠴᠢᠳ ᠤᠨ ᠬᠠᠯᠠᠭᠤᠨ ᠳᠠᠭᠠᠰᠢᠶᠠᠯ ᠢ ᠤᠯᠵᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号