ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠵᠡᠮᠳᠡᠭᠴᠣᠣᠨ ᠤᠨ ᠬᠤᠯᠪᠣᠭᠠᠳᠣ ᠬᠤᠷᠠᠯ ᠪᠣᠯᠣᠨ | ᠣᠯᠠᠭᠠᠨ ᠵᠠᠭᠠᠯᠮᠠᠶᠢᠲᠠᠨ ᠤ ᠨᠠᠶᠢᠬᠡᠮᠯᠢᠭ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠨᠢ ᠤᠷᠳᠤᠰ ᠬᠤᠳᠠ ᠶᠢᠨ | ᠰᠢᠦᠢ ᠶᠦᠩ ᠨᠢᠳᠤᠨ ᠡᠮᠨᠡᠯᠬᠡ ᠶᠢᠨ ᠬᠤᠷᠢᠶ᠎ᠠ ᠲᠠᠢ ᠬᠠᠮᠳᠣᠷᠠᠨ ᠴᠠᠭᠠᠨ ᠴᠡᠴᠡᠬᠡᠢ ᠶᠢᠨ ᠡᠪᠡᠳᠴᠢᠳᠠᠨ ᠳᠤ ᠬᠠᠷᠠᠭ᠎ᠠ | ᠤᠷᠤᠭᠤᠯᠬᠤ ᠠᠵᠢᠯ ᠢ ᠢᠳᠡᠪᠬᠢᠳᠡᠢ ᠬᠢᠵᠦ ᠪᠠᠶᠢᠨ᠎ᠠ᠃ ᠤᠷᠳᠤᠰ ᠬᠤᠳᠠ ᠶᠢᠨ ᠰᠢᠦᠢ ᠶᠦᠩ ᠨᠢᠳᠤᠨ ᠡᠮᠨᠡᠯᠬᠡ ᠶᠢᠨ | ᠬᠤᠷᠢᠶ᠎ᠠ᠂ ᠬᠤᠳᠠ ᠶᠢᠨ ᠵᠡᠮᠳᠡᠭᠴᠤᠳ ᠤᠨ ᠬᠤᠯᠪᠤᠭᠠᠳᠤ ᠬᠤᠷᠠᠯ ᠲᠠᠢ ᠬᠠᠮᠳᠣᠷᠠᠨ ᠮᠠᠨ ᠤ ᠬᠤᠰᠢᠭᠤᠨ ᠳᠤ ᠢᠷᠡᠵᠤ | ᠴᠠᠭᠠᠨ ᠴᠡᠴᠡᠬᠡᠢ ᠶᠢᠨ ᠡᠪᠡᠳᠴᠢᠳᠠᠨ ᠳᠤ ᠮᠠᠰᠠ ᠵᠠᠰᠠᠯ ᠬᠢᠵᠦ᠂ ᠡᠨᠡ ᠲᠤᠬᠢᠶᠠᠯ ᠢᠶᠠᠷ ᠲᠤᠭ ᠪᠠᠯᠭᠠᠰᠤᠨ ᠤ ᠲᠤᠪᠤᠭ | ᠭᠠᠴᠠᠭᠠᠨ ᠤ ᠡᠷᠳᠡᠨᠢᠪᠠᠭᠠᠳᠤᠷ ᠠᠷᠪᠠᠭᠠᠳ ᠵᠢᠯ ᠴᠠᠭᠠᠨ ᠴᠡᠴᠡᠬᠡᠢ ᠶᠢᠨ ᠡᠪᠡᠳᠴᠢᠨ ᠳᠤ ᠨᠡᠷᠪᠡᠭᠳᠡᠭᠰᠡᠨ ᠲᠡᠯᠡᠨ | ᠲᠤᠯᠤᠭᠠᠨ ᠨᠠᠰᠤᠳᠠᠢ ᠮᠦᠮᠦ ᠳᠡᠭᠡᠨ ᠰᠦᠢᠳᠬᠡᠯ ᠦᠬᠡᠢ ᠵᠠᠰᠠᠯ ᠬᠢᠯᠬᠡᠭᠰᠡᠨ ᠪᠠᠶᠢᠨ᠎ᠠ᠃ | 2018 ᠣᠨ ᠳᠤ ᠤᠷᠳᠤᠰ ᠬᠤᠳᠠ ᠶᠢᠨ ᠰᠢᠦᠢ ᠶᠦᠩ ᠨᠢᠳᠤᠨ ᠡᠮᠨᠡᠯᠬᠡ ᠶᠢᠨ ᠬᠤᠷᠢᠶ᠎ᠠ ᠨᠢ ᠦᠣᠰᠢᠨ | ᠬᠤᠰᠢᠭᠤᠨ ᠤ ᠵᠡᠮᠳᠡᠭᠴᠣᠣᠨ ᠤᠨ ᠬᠤᠯᠪᠣᠭᠠᠳᠣ ᠬᠤᠷᠠᠯ ᠪᠣᠯᠣᠨ ᠣᠯᠠᠭᠠᠨ ᠵᠠᠭᠠᠯᠮᠠᠶᠢᠲᠠᠨ ᠤ ᠨᠠᠶᠢᠬᠡᠮᠯᠢᠭ ᠵᠡᠷᠭᠡ | ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠬᠠᠮᠳᠣᠷᠠᠨ ᠮᠠᠨ ᠤ ᠬᠤᠰᠢᠭᠤᠨ ᠳᠤ ᠲᠠᠪᠤ ᠤᠳᠠᠭ᠎ᠠ ᠢᠷᠡᠵᠤ 79 ᠴᠠᠭᠠᠨ | ᠴᠡᠴᠡᠬᠡᠢ ᠶᠢᠨ ᠡᠪᠡᠳᠴᠢᠳᠠᠨ ᠳᠤ ᠮᠠᠰᠠ ᠵᠠᠰᠠᠯ ᠬᠢᠵᠠᠢ᠃ |