ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ 2019 ᠤᠨ ᠤ ᠳ᠋ᠥᠩᠰᠢᠭᠤᠷ ᠲᠥᠭᠦᠷᠢᠭ ᠠᠴᠠ ᠲᠡᠭᠡᠭᠰᠢᠭᠢ ᠭᠤᠤᠯᠳᠠᠯᠭᠠᠳᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-11
     1 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ 2019 ᠤᠨ ᠤ ᠳ᠋ᠥᠩᠰᠢᠭᠤᠷ ᠲᠥᠭᠦᠷᠢᠭ ᠠᠴᠠ ᠲᠡᠭᠡᠭᠰᠢᠭᠢ ᠭᠤᠤᠯᠳᠠᠯᠭᠠᠳᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠬᠤᠷᠠᠯ ᠢ ᠡᠷᠭᠢᠯᠠᠭᠦ ᠶᠢᠨ ᠬᠠᠮᠳᠤ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠵᠠᠩ ᡁᠢ ᠰᠢᠥ᠋ᠩ᠂ ᠬᠤᠰᠢᠭᠤ ᠤᠳᠤᠷᠢᠳᠤᠯᠭ᠎ᠠ ᠵᠸᠤ ᠱᠤᠸᠠᠢ᠂ ᠪᠠᠶᠠᠠᠴᠡᠩᠭᠡᠯ᠂ ᠪᠠᠶᠠᠠᠴᠢᠮᠡᠭ ᠪᠤᠯᠤᠨ ᠲᠥᠷᠥᠯ ᠵᠥᠢᠯ ᠤᠨ ᠬᠤᠯᠪᠤᠭᠳᠠᠯ ᠪᠥᠭᠦᠢ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠬᠤᠰᠢᠭᠤ ᠭᠥᠭᠵᠢᠭᠦᠯᠥᠯᠳᠠ ᠥᠭᠡᠷᠡᠴᠢᠯᠡᠯᠲᠡ ᠶᠢᠨ ᠲᠤᠪᠴᠢᠶ᠎ᠠ ᠠᠴᠠ 2019 ᠤᠨ ᠤ ᠳ᠋ᠥᠩᠰᠢᠭᠤᠷ ᠲᠥᠭᠦᠷᠢᠭ ᠠᠴᠠ ᠲᠡᠭᠡᠭᠰᠢᠭᠢ ᠭᠤᠤᠯᠳᠠᠯᠭᠠᠳᠤ ᠲᠥᠷᠥᠯ ᠵᠥᠢᠯ ᠤᠨ ᠠᠭᠢᠴᠠ ᠶᠢᠨ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠵᠤ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ᠂ ᠲᠥᠷᠥᠯ ᠵᠥᠢᠯ ᠤᠨ ᠡᠮᠤᠨ᠎ᠠ ᠬᠤᠭᠤᠴᠠᠭᠠᠨ ᠤ ᠭᠠᠷ ᠭᠥᠢᠴᠡᠳᠭᠡᠯ ᠡᠷᠭᠢᠯᠠᠭᠦ᠂ ᠪᠥᠳᠥᠭᠡᠨ ᠪᠠᠶᠢᠭᠤᠯᠤᠯᠳᠠ ᠶᠢᠨ ᠠᠭᠢᠴᠠ᠂ ᠠᠵᠢᠯ ᠢ ᠡᠭᠢᠯᠠᠭᠦᠯᠭᠦ ᠰᠠᠷᠭᠦᠭᠡᠭᠦ ᠶᠢ ᠬᠠᠷᠰᠢᠯᠠᠵᠤ ᠪᠠᠶᠢᠭ᠎ᠠ ᠡᠯᠧᠮᠧᠨ᠋ᠲ᠂ ᠤᠳᠤᠬᠠᠨ ᠳᠤ ᠤᠷᠤᠰᠢᠵᠤ ᠪᠠᠶᠢᠭ᠎ᠠ ᠪᠤᠰᠤᠳ ᠠᠰᠠᠭᠤᠳᠠᠯ ᠵᠡᠷᠭᠡ ᠠᠭᠤᠯᠭ᠎ᠠ ᠶᠢᠨ ᠲᠤᠭᠤᠷᠢᠨ ᠳᠤ ᠥᠭᠡ ᠶᠠᠷᠢᠪᠠ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠴᠢᠬᠤᠯᠠ ᠲᠤᠮᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠨᠢ  ᠤᠳᠤᠬᠠᠨ ᠤ ᠪᠡᠯᠡ ᠤᠷᠤᠭᠤᠯᠤᠯᠳᠠ ᠶᠢ ᠲᠤᠭᠳᠠᠭᠤᠨ ᠪᠠᠶᠢᠯᠭᠠᠬᠤ᠂ ᠨᠡᠮᠡᠭᠳᠠᠯ ᠢ ᠲᠤᠭᠳᠠᠭᠤᠨ ᠪᠠᠶᠢᠯᠭᠠᠬᠤ ᠴᠢᠬᠤᠯᠠ ᠭᠠᠷᠳᠠᠴᠠ ᠪᠤᠯᠤᠨ᠎ᠠ᠃ ᠡᠯ᠎ᠠ ᠭᠥᠷᠢᠶᠠᠯᠠᠩ ᠲᠤᠭᠤᠷᠢᠭ ᠡᠯ᠎ᠠ ᠰᠠᠯᠠᠭ᠎ᠠ ᠮᠥᠴᠢᠷ ᠥᠵᠠᠯ ᠰᠠᠨᠠᠭ᠎ᠠ ᠪᠠᠨ ᠨᠢᠭᠡᠳᠭᠡᠨ ᠲᠠᠨᠢᠯᠳᠠ ᠪᠠᠨ ᠲᠡᠭᠡᠭᠰᠢᠯᠡᠭᠦᠯᠵᠤ ᠲᠥᠷᠥᠯ ᠵᠥᠢᠯ ᠢ ᠠᠳᠬᠤᠬᠤ ᠪᠤᠯ ᠳᠠᠷᠤᠢ ᠠᠵᠤ ᠠᠬᠤᠢ  ᠶᠢ ᠠᠳᠬᠤᠬᠤ᠂ ᠭᠥᠭᠵᠢᠯᠳᠠ ᠶᠢ ᠠᠳᠬᠤᠬᠤ ᠭᠡᠳᠡᠭ ᠲᠠᠨᠢᠯᠳᠠ ᠶᠢ ᠪᠠᠳᠤ ᠪᠠᠭᠢ ᠪᠤᠢ ᠪᠤᠯᠭᠠᠨ ᠠᠰᠠᠭᠤᠳᠠᠯ ᠤᠨ ᠤᠳᠤᠷᠢᠳᠤᠮᠵᠢ ᠶᠢ ᠴᠢᠩᠭᠠᠳᠬᠠᠵᠦ ᠲᠥᠷᠤᠯ ᠵᠥᠢᠯ ᠢ ᠡᠭᠢᠯᠠᠭᠦᠯᠭᠦ ᠰᠠᠷᠭᠦᠭᠡᠭᠦ ᠨᠤᠷᠮ᠎ᠠ ᠶᠢ ᠲᠡᠭᠡᠭᠰᠢᠯᠡᠭᠦᠯᠤᠨ ᠭᠥᠭᠵᠢᠯᠳᠠ ᠶᠢᠨ ᠪᠠᠭᠤᠷᠠᠢ ᠲᠠᠯ᠎ᠠ ᠶᠢ ᠨᠥᠭᠦᠪᠤᠷᠢᠯᠠᠵᠦ ᠠᠵᠤ ᠠᠬᠤᠢ ᠶᠢᠨ ᠴᠢᠨᠠᠷ  ᠰᠠᠶᠢᠳᠠᠢ ᠭᠥᠭᠵᠢᠯᠳᠠ ᠶᠢ ᠠᠭᠢᠭᠤᠯᠬᠤ ᠭᠡᠷᠡᠭᠲᠡᠢ᠃ ᠲᠥᠷᠤᠯ ᠵᠥᠢᠯ ᠢ ᠠᠳᠬᠤᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠭᠤᠤᠯᠳᠠᠯᠭ᠎ᠠ  ᠲᠠᠢ ᠲᠥᠷᠥᠯ ᠵᠥᠢᠯ ᠢ ᠰᠢᠶᠠᠨ ᠤ ᠲᠠᠰ ᠤᠨ ᠤᠳᠤᠷᠢᠳᠤᠯᠭ᠎ᠠ ᠶᠢᠨ ᠲᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ  ᠶᠢᠨ ᠲᠥᠷᠢᠮ ᠢ ᠭᠡᠷᠡᠭᠵᠢᠭᠦᠯᠵᠦ ᠬᠠᠷᠢᠭᠤᠴᠠᠯᠭ᠎ᠠ ᠶᠢᠨ ᠭᠤᠤᠯ ᠴᠤᠭᠴᠠ ᠶᠢ  ᠲᠤᠳᠤᠷᠬᠠᠶᠢᠯᠠᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢ ᠠᠭᠢᠭᠤᠯᠵᠦ ᠭᠠᠷ ᠭᠥᠢᠴᠡᠳᠭᠡᠯ ᠢ ᠬᠠᠪᠰᠤᠷᠴᠤ ᠡᠷᠭᠢᠯᠠᠨ ᠲᠥᠷᠥᠯ ᠵᠥᠢᠯ ᠤᠨ ᠪᠠᠷᠢᠯᠭ᠎ᠠ ᠪᠠᠨ ᠡᠭᠢᠯᠠᠭᠦᠯᠭᠦ ᠨᠥᠭᠦᠴᠠᠯ ᠢ ᠪᠥᠷᠢᠯᠳᠤᠭᠦᠯᠭᠦ ᠭᠡᠷᠡᠭᠳᠠᠢ᠃ ᠱᠠᠭᠠᠷᠲᠠᠨ ᠪᠠᠶᠢᠴᠠᠭᠠᠬᠤ ᠭᠥᠴᠥᠯᠠᠴᠠ ᠪᠠᠨ ᠨᠡᠮᠡᠭᠳᠡᠭᠦᠯᠦᠨ ᠲᠥᠷᠥᠯ ᠵᠥᠢᠯ ᠤᠨ ᠠᠭᠢᠴᠠ ᠶᠢᠨ ᠪᠠᠶᠢᠳᠠᠯ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠳᠠ ᠭᠢᠵᠤ᠂ ᠠᠰᠠᠭᠤᠳᠠᠯ ᠢᠯᠡᠷᠡᠪᠠᠯ ᠲᠠᠷᠤᠢ ᠳᠤᠨᠢ ᠰᠶᠢᠳᠪᠤᠷᠢᠯᠠᠨ ᠬᠠᠪᠤᠷ ᠨᠠᠮᠤᠷ ᠤᠨ ᠤᠯᠠᠷᠢᠯ ᠳᠤ ᠠᠵᠢᠯ ᠢᠶᠠᠨ ᠡᠭᠢᠯᠠᠭᠦᠯᠭᠦ ᠨᠤᠷᠮ᠎ᠠ ᠶᠢᠨ ᠪᠠᠷᠢᠮᠵᠢᠶᠠᠨ ᠳᠤ ᠭᠥᠷᠭᠦ ᠶᠢ ᠪᠠᠳᠤᠯᠠᠬᠤ ᠭᠡᠷᠡᠭᠳᠠᠢ᠃ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠢ ᠰᠠᠶᠢᠨ ᠭᠢᠵᠤ ᠠᠵᠤ ᠠᠬᠤᠶᠢᠯᠠᠯ ᠲᠠᠢ ᠢᠯᠡᠭᠦᠭᠡᠨ ᠬᠠᠷᠢᠯᠴᠠᠨ ᠲᠥᠷᠥᠯ ᠵᠥᠢᠯ ᠢ ᠤᠯᠵᠤ ᠲᠥᠷᠥᠯ ᠵᠥᠢᠯ ᠢ ᠤᠷᠤᠭᠤᠯᠤᠨ ᠠᠪᠴᠢᠷᠠᠬᠤ ᠭᠡᠷᠡᠭᠲᠡᠢ ᠭᠡᠵᠡᠢ᠃      ᠵᠤᠤ ᠹᠸᠢ ᠯᠤ᠋ ᠱᠠᠭᠠᠷᠳᠠᠬᠤ ᠳᠤ ᠪᠠᠨ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠠᠵᠢᠯ ᠤᠨ ᠭᠥᠴᠥᠯᠠᠴᠠ ᠪᠠᠨ ᠨᠡᠮᠡᠭᠳᠡᠭᠦᠯᠤᠨ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠦ ᠨᠢᠭᠡᠳᠤᠭᠡᠷ ᠤᠯᠠᠷᠢᠯ ᠤᠨ ᠭᠤᠤᠯᠳᠠᠯᠭᠠᠳᠤ ᠲᠥᠷᠤᠯ ᠵᠥᠢᠯ ᠤᠨ ᠪᠠᠷᠢᠯᠭ᠎ᠠ ᠪᠠᠨ ᠡᠭᠢᠯᠠᠭᠦᠯᠭᠦ ᠶᠢ ᠪᠠᠶᠠᠯᠠᠭᠦᠯᠭᠦ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号