ᠤᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤ ᠣᠯᠠᠨ ᠳᠦᠷᠣᠯ ᠤᠨ ᠪᠠᠶᠠᠯᠢᠭ ᠠᠭᠤᠯᠭ᠎ᠠ ᠲᠠᠢ | ᠪᠣᠯᠪᠠᠰᠣᠷᠠᠯ ᠢ ᠦᠷᠬᠦᠯᠵᠢ ᠶᠢᠨ ᠴᠢᠨᠡᠷᠳᠡᠢ ᠡᠷᠬᠢᠯᠡᠨ ᠬᠢᠵᠣ ᠮᠠᠯᠴᠢᠨ ᠳᠡᠷᠢᠶᠠᠴᠢᠨ ᠡᠮᠡᠭᠳᠡᠶᠢᠴᠣᠣᠨ ᠲᠤ ᠣᠨᠴᠠᠯᠢᠭ | ᠲᠤᠨᠢ ᠳᠣᠬᠢᠷᠠᠭᠰᠠᠨ ᠣᠷ᠎ᠠ ᠮᠡᠷᠭᠡᠵᠢᠯ ᠢ ᠡᠵᠡᠮᠰᠢᠭᠦᠯᠣᠨ ᠣᠷᠣᠯᠭ᠎ᠠ ᠶᠢ ᠨᠢ ᠨᠡᠮᠡᠭᠳᠡᠬᠦᠯᠭᠦ ᠠᠷᠭ᠎ᠠ ᠵᠡᠮ ᠢ | ᠥᠷᠭᠡᠳᠬᠡᠵᠦ ᠪᠠᠶᠢᠨ᠎ᠠ᠃ | ᠤᠶᠢᠷ᠎ᠠ ᠶᠢᠨ ᠡᠳᠦᠷ᠂ ᠳᠤᠭ ᠪᠠᠯᠭᠠᠰᠣᠨ ᠤ ᠡᠮᠡᠭᠳᠡᠶᠢᠴᠣᠣᠨ ᠤᠨ ᠵᠡᠭᠦᠭᠡ ᠳᠠᠷᠣᠭᠤᠯᠭᠠ᠂ ᠮᠠᠬᠠᠢ ᠵᠡᠷᠭᠡ | ᠦᠨᠳᠣᠰᠣᠳᠡᠨ ᠤ ᠬᠤᠪᠴᠠᠰᠣ ᠵᠠᠰᠠᠯ ᠢ ᠣᠷᠠᠯᠠᠨ ᠬᠢᠬᠦ ᠪᠣᠯᠣᠨ ᠵᠢᠰᠤ ᠭᠤᠶᠤᠯᠠᠭᠴᠢ ᠶᠢᠨ ᠰᠦᠢᠳᠬᠡᠯ ᠬᠤᠷᠢᠶᠠᠬᠤ | ᠦᠭᠡᠢ ᠪᠤᠯᠪᠠᠰᠤᠷᠠᠯ ᠤᠨ ᠠᠩᠬᠢ ᠨᠢ ᠮᠠᠶᠢᠷᠠᠨᠰᠦ᠋ᠮ᠎ᠡ ᠨᠠᠶᠢᠬᠡᠮ ᠳᠣᠭᠤᠷᠢᠭ ᠲᠤ ᠬᠢᠴᠢᠶᠠᠯ ᠡᠬᠢᠯᠡᠵᠣ ᠮᠡᠯᠴᠢᠨ | ᠳᠠᠷᠢᠶᠠᠴᠢᠨ ᠡᠮᠡᠭᠳᠡᠶᠢᠴᠣᠣᠨ ᠤᠨ ᠠᠵᠢᠯ ᠣᠯᠵᠦ ᠣᠶᠢᠯᠡᠰ ᠪᠦᠳᠣᠭᠡᠨ ᠣᠷᠣᠯᠭ᠎ᠠ ᠪᠠᠨ ᠨᠠᠮᠡᠭᠳᠡᠭᠦᠯᠬᠦ ᠳᠤ ᠰᠠᠭᠤᠷᠢ | ᠶᠢ ᠳᠡᠯᠪᠢᠭ᠌ᠰᠠᠨ ᠪᠠᠶᠢᠨ᠎ᠠ᠃ | ᠰᠠᠷ᠎ᠠ ᠶᠢᠨ ᠬᠤᠭᠤᠴᠠᠭ᠎ᠠ ᠲᠠᠢ ᠶᠠᠪᠣᠭᠳᠠᠬᠤ ᠡᠨ᠋ᠨ ᠣᠳᠠᠭᠠᠨ ᠤ ᠪᠣᠯᠪᠠᠰᠣᠷᠠᠯ ᠢ ᠬᠤᠰᠢᠭᠤ ᠬᠦᠮᠦᠨ ᠤ | ᠭᠦᠴᠦᠨ ᠤ ᠡᠬᠢ ᠪᠠᠶᠠᠯᠢᠭ ᠪᠣᠯᠣᠨ ᠨᠠᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠠᠵᠢᠯ ᠣᠯᠭᠤᠯᠳᠠ ᠶᠢᠨ | ᠲᠤᠪᠴᠢᠶ᠎ᠠ᠂ ᠲᠤᠭ ᠪᠠᠯᠭᠠᠰᠤᠨ ᠤ ᠮᠡᠶᠢᠷᠡᠨᠰᠦ᠋ᠮ᠎ᠡ ᠨᠡᠶᠢᠭᠡᠮ ᠲᠤᠭᠤᠷᠢᠭ ᠠᠴᠠ ᠭᠤᠤᠯᠯᠠᠨ ᠡᠷᠬᠢᠯᠡᠵᠦ ᠦᠥᠰᠢᠨ | ᠬᠤᠰᠢᠭᠤᠨ ᠤ ᠠᠨᠳᠠ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠮᠡᠶᠢᠷᠡᠨᠰᠦ᠋ᠮ᠎ᠡ ᠨᠡᠶᠢᠭᠡᠮ ᠲᠤᠭᠤᠷᠢᠭ ᠤᠨ | ᠰᠠᠭᠤᠭᠠᠯᠢ ᠠᠷᠠᠳ ᠤᠨ ᠵᠦᠪᠯᠡᠯ ᠤᠨ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ ᠲᠠᠭᠠᠭᠠᠴᠢᠯᠠᠨ ᠡᠷᠬᠢᠯᠡᠵᠣ | ᠪᠠᠷᠤᠭ 100 ᠭᠠᠷᠣᠢ ᠡᠮᠡᠭᠳᠡᠶᠢᠴᠣᠣᠨ ᠣᠷᠣᠯᠴᠠᠭᠰᠠᠨ ᠪᠠᠶᠢᠨ᠎ᠠ᠃ | ᠦᠥᠰᠢᠨ ᠬᠤᠰᠢᠭᠤᠨ ᠤ ᠠᠨᠳᠠ ᠠᠵᠢᠯ ᠮᠡᠷᠭᠡᠵᠢᠯ ᠤᠨ ᠰᠤᠷᠭᠠᠭᠤᠯᠢ ᠨᠢ ᠮᠠᠨ ᠤ ᠬᠤᠰᠢᠭᠤᠨ ᠤ ᠠᠵᠢᠯ | ᠣᠯᠭᠤᠯᠳᠠ ᠶᠢᠨ ᠳᠣᠪᠴᠢᠶᠠᠨ ᠤ ᠮᠠᠯᠴᠢᠨ ᠳᠡᠷᠢᠶᠠᠴᠢᠨ ᠤ ᠮᠡᠷᠭᠡᠵᠢᠯ ᠤᠨ ᠪᠣᠯᠪᠠᠰᠣᠷᠠᠯ ᠤᠨ ᠰᠣᠷᠭᠠᠭᠤᠯᠢ ᠪᠠᠷ | ᠳᠣᠭᠳᠠᠭᠠᠭᠳᠠᠨ 2012 ᠤᠨ ᠳᠤ ᠪᠠᠶᠢᠭᠤᠯᠣᠭᠳᠠᠵᠣ ᠣᠳᠣᠬᠠᠨ ᠪᠣᠯᠳᠠᠯ᠎ᠠ 2000 ᠭᠠᠷᠤᠢ ᠮᠠᠯᠴᠢᠨ ᠲᠠᠷᠢᠶᠠᠴᠢᠨ | ᠂ ᠠᠵᠢᠯ ᠠᠯᠳᠠᠭᠰᠠᠳ᠂ ᠶᠡᠭᠡ ᠰᠤᠷᠭᠠᠭᠤᠯᠢ ᠶᠢᠨ ᠤᠶᠤᠲᠠᠳ ᠵᠡᠷᠭᠡ ᠨᠡᠶᠢᠬᠡᠮ ᠤᠨ ᠡᠯ᠎ᠡ ᠡᠲᠡᠭᠡᠳ ᠳᠤ | ᠦᠨᠳᠦᠰᠦᠲᠡᠨ ᠤ ᠢᠳᠡᠭᠡᠨ ᠤᠮᠳᠠᠭᠠᠨ᠂ ᠬᠠᠳᠬᠤᠮᠠᠯ᠂ ᠳᠠᠷᠣᠭᠤᠯᠭᠠ᠂ ᠮᠠᠬᠠᠢ᠂ ᠬᠠᠳᠠᠨ ᠰᠡᠶᠢᠯᠣᠮᠠᠯ᠂ ᠮᠤᠳᠤᠨ | ᠤᠷᠠᠯᠠᠯ ᠵᠡᠷᠭᠡ ᠲᠠᠯ᠎ᠠ ᠶᠢᠨ ᠣᠷ᠎ᠠ ᠮᠡᠷᠭᠡᠵᠢᠯ ᠢ ᠪᠣᠯᠪᠠᠰᠣᠷᠠᠭᠤᠯᠣᠨ ᠰᠣᠷᠭᠠᠭᠰᠠᠨ ᠪᠠᠶᠢᠨ᠎ᠠ᠃ | |