ᠰᠦᠯᠳᠡ ᠰᠤᠮᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠠᠷᠠᠳ ᠤᠨ ᠰᠡᠳᠬᠢᠯ ᠳᠤ | ᠬᠠᠳᠠᠭᠰᠢᠭᠤᠯᠤᠨ ᠮᠠᠯᠵᠢᠬᠤ ᠲᠠᠷᠢᠶᠠᠯᠠᠬᠤ ᠤᠷᠤᠨ ᠤ ᠦᠨᠳᠤᠰᠤᠨ ᠱᠠᠳᠤᠨ ᠤ ᠰᠤᠷᠳᠠᠯ ᠤᠬᠠᠭᠤᠯᠭ᠎ᠠ ᠦᠵᠡᠯ | ᠰᠠᠨᠠᠭ᠎ᠠ ᠰᠤᠶᠤᠯ ᠤᠨ ᠠᠵᠢᠯ ᠪᠠ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠤᠰᠠᠳᠠ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠠᠵᠢᠯ ᠢ | ᠴᠢᠬᠤᠯᠠᠴᠢᠯᠠᠨ ᠠᠳᠬᠤᠵᠤ ᠰᠦᠯᠳᠡ ᠰᠤᠮᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ | ᠰᠠᠯᠪᠤᠷᠢ ᠶᠢ ᠪᠠᠶᠢᠭᠤᠯᠤᠨ ᠨᠠᠮ ᠤᠨ ᠡᠭᠦᠷ ᠤᠨ ᠱᠦᠵᠢ ᠪᠡᠶ᠎ᠡ ᠪᠠᠷ ᠢᠶᠠᠨ ᠲᠤᠰᠢᠶᠠᠯ ᠬᠠᠷᠢᠭᠤᠴᠠᠵᠤ ᠠᠵᠢᠯ ᠢ | ᠪᠠᠶᠢᠷᠢᠯᠠᠭᠤᠯᠵᠦ ᠡᠯ᠎ᠡ ᠰᠠᠯᠠᠭ᠎ᠠ ᠮᠦᠴᠢᠷ᠂ ᠭᠠᠴᠠᠭ᠎ᠠ ᠲᠤᠰᠬᠤᠨ ᠪᠠ ᠨᠡᠶᠢᠬᠡᠮ ᠲᠤᠭᠤᠷᠢᠭ ᠨᠢ ᠠᠳᠠᠯᠢ ᠪᠤᠰᠤ | ᠬᠡᠯᠪᠡᠷᠢ ᠶᠢᠨ ᠪᠠᠶᠠᠯᠢᠭ ᠠᠭᠤᠯᠭ᠎ᠠ ᠪᠦᠬᠦᠢ ᠪᠤᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠨ | ᠨᠤᠳᠤᠭ ᠤᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ ᠨᠡᠶᠢᠬᠡᠮ ᠤᠨ ᠬᠡᠪ ᠰᠤᠷᠳᠠᠯ ᠪᠡ | ᠪᠦᠬᠦ ᠠᠷᠠᠳ ᠤᠨ ᠪᠤᠯᠪᠠᠰᠤᠨ ᠮᠤᠷᠠᠯ ᠢ ᠰᠤᠷᠳᠠᠯᠴᠢᠯᠠᠨ ᠮᠠᠨ ᠤ ᠬᠤᠰᠢᠭᠤ ᠪᠦᠬᠦ ᠤᠯᠤᠰ ᠤᠨ ᠬᠤᠰᠢᠭᠤ ᠰᠢᠶᠡᠨ ᠤ | ᠲᠡᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠳᠤ ᠰᠠᠶᠢᠨ ᠰᠠᠶᠢᠬᠠᠨ ᠨᠡᠶᠢᠬᠡᠮ ᠤᠨ ᠡᠷᠴᠢ ᠭᠦᠴᠤᠨ ᠢ | ᠬᠠᠩᠭᠠᠭᠰᠠᠨ ᠪᠠᠶᠢᠨ᠎ᠠ᠃ | ᠨᠢᠭᠡ ᠳᠤ᠂ ᠪᠤᠯᠪᠠᠰᠤᠨ ᠢ ᠦᠢᠯᠡᠳᠦᠯᠭᠡᠵᠢᠭᠦᠯᠬᠦ ᠠᠵᠢᠯ ᠤᠨ ᠬᠡᠷᠡᠭᠵᠢᠭᠦᠯᠬᠦ ᠲᠦᠰᠤᠯ ᠢ ᠶᠠᠷᠢᠯᠴᠠᠨ | ᠲᠤᠭᠳᠠᠭᠠᠵᠤ ᠤᠳᠤᠷᠢᠳᠬᠤ ᠪᠠᠭ᠎ᠠ ᠲᠤᠭᠤᠶᠢᠯᠠᠩ ᠵᠢᠴᠢ ᠰᠠᠶᠢᠨ ᠲᠤᠷᠠᠴᠤᠳ ᠤᠨ ᠡᠩᠨᠡᠭᠡ ᠶᠢ ᠵᠤᠬᠢᠶᠠᠨ ᠪᠠᠶᠢᠭᠤᠯᠤᠨ | ᠨᠠᠮ ᠤᠨ ᠬᠤᠷᠢᠶᠠᠨ ᠤ ᠱᠦᠵᠢ ᠠᠴᠠ ᠰᠠᠯᠪᠤᠷᠢ ᠶᠢᠨ ᠲᠠᠷᠤᠭ᠎ᠠ ᠶᠢᠨ ᠲᠤᠰᠢᠶᠠᠯ ᠢ ᠡᠭᠦᠷᠭᠡᠯᠡᠵᠦ ᠠᠵᠢᠯ ᠢᠶᠠᠨ ᠨᠠᠷᠢᠯᠢᠭ | ᠪᠠᠶᠢᠷᠢᠯᠠᠭᠤᠯᠤᠨ ᠨᠠᠮ ᠤᠨ ᠬᠤᠷᠢᠶᠠᠨ ᠤ ᠲᠡᠳ᠋ ᠱᠦᠵᠢ ᠰᠤᠮᠤᠨ ᠲᠠᠷᠤᠭ᠎ᠠ ᠠᠴᠠ ᠰᠠᠶᠢᠨ ᠲᠤᠷᠠᠴᠤᠳ ᠤᠨ | ᠡᠩᠨᠡᠭᠡᠨ ᠤ ᠲᠤᠭᠤᠶᠢᠯᠠᠩ ᠤᠨ ᠲᠠᠷᠤᠭ᠎ᠠ ᠶᠢᠨ ᠬᠠᠷᠢᠭᠤᠴᠠᠯᠭ᠎ᠠ ᠶᠢ ᠪᠤᠳᠠᠳᠠᠢ ᠬᠠᠷᠢᠭᠤᠴᠠᠵᠤ ᠵᠤᠬᠢᠶᠠᠨ ᠪᠠᠶᠢᠭᠤᠯᠤᠨ | ᠡᠯ᠎ᠡ ᠠᠵᠢᠯ ᠤᠨ ᠲᠠᠰᠤᠭ᠂ ᠰᠢᠭᠤᠳ ᠬᠠᠷᠢᠶ᠎ᠠ ᠪᠠᠶᠢᠭᠤᠯᠭ᠎ᠠ ᠵᠢᠴᠢ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠨᠢ | ᠠᠳᠠᠯᠢ ᠪᠤᠰᠤ ᠬᠡᠯᠪᠡᠷᠢ ᠶᠢᠨ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠵᠤᠬᠢᠶᠠᠨ ᠪᠠᠶᠢᠭᠤᠯᠵᠤ ᠪᠤᠯᠪᠠᠰᠤᠨ ᠤ | ᠦᠢᠯᠡᠳᠤᠯᠭᠡ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠭᠰᠡᠨ ᠪᠠᠶᠢᠨ᠎ᠠ᠃ | ᠬᠤᠶᠠᠷ ᠳᠤ᠂ ᠨᠡᠶᠢᠬᠡᠮ ᠤᠨ ᠬᠦᠭᠵᠢᠯᠳᠡ ᠪᠡ ᠲᠧᠭᠨᠢᠭ ᠮᠡᠷᠭᠡᠵᠢᠯ ᠤᠨ ᠦᠳᠳᠡᠷ ᠲᠦᠷᠭᠡᠨ ᠬᠦᠭᠵᠢᠯᠳᠡ | ᠵᠢᠴᠢ ᠴᠢᠮᠡᠭᠡ ᠵᠠᠩᠬᠢᠴᠢᠯᠠᠯᠳᠠ ᠶᠢᠨ ᠬᠤᠪᠢᠷᠠᠯᠳᠠ ᠶᠢ ᠲᠠᠭᠠᠯᠳᠤᠨ ᠠᠷᠠᠳ ᠤᠯᠠᠨ ᠤ ᠡᠳᠤᠷ ᠢᠷᠡᠭᠦᠶ᠎ᠡ ᠱᠠᠭᠠᠷᠳᠠᠵᠤ | ᠪᠠᠶᠢᠭ᠎ᠠ ᠰᠤᠶᠤᠯ ᠤᠨ ᠠᠮᠢᠳᠤᠷᠠᠯ ᠤᠨ ᠬᠡᠷᠡᠭᠴᠡᠭᠡ ᠨᠡᠩ ᠤᠯᠠᠨ ᠶᠠᠩᠵᠤ ᠪᠤᠯᠤᠭᠰᠠᠨ ᠪᠤᠳᠠᠳᠤ ᠪᠠᠶᠢᠳᠠᠯ ᠳᠤ | ᠬᠠᠨᠳᠤᠭᠤᠯᠤᠨ ᠪᠦᠬᠦ ᠠᠷᠠᠳ ᠤᠨ ᠰᠤᠷᠤᠯᠴᠠᠯᠭ᠎ᠠ ᠶᠢᠨ ᠬᠡᠯᠪᠡᠷᠢ ᠶᠢ ᠰᠢᠨᠡᠴᠢᠯᠠᠨ ᠴᠠᠮᠬᠠᠭ ᠭᠠᠴᠠᠭ᠎ᠠ᠂ ᠬᠦᠬᠡᠮᠠᠩᠬ᠎ᠠ | ᠭᠠᠴᠠᠭᠠᠨ ᠠᠴᠠ ᠡᠬᠢᠯᠡᠵᠦ ᠪᠦᠬᠦ ᠠᠷᠠᠳ ᠤᠨ ᠰᠤᠷᠤᠯᠴᠠᠯᠭ᠎ᠠ ᠶᠢᠨ ᠸᠢᠴᠠᠲ ᠬᠤᠯᠪᠤᠭ᠎ᠠ ᠶᠢ ᠡᠭᠦᠰᠭᠡᠨ ᠪᠠᠶᠢᠭᠤᠯᠤᠨ | ᠬᠢᠴᠢᠶᠡᠯ ᠡᠷᠬᠢᠯᠡᠭᠡᠳ ᠠᠷᠠᠳ ᠤᠯᠠᠨ ᠤ ᠪᠠᠨ ᠬᠠᠯᠠᠭᠤᠨ ᠬᠦᠷᠢᠶᠡᠯᠡᠯ ᠢ ᠤᠯᠵᠤ ᠰᠢᠨ᠎ᠡ ᠴᠠᠭ ᠦᠶ᠎ᠡ ᠶᠢᠨ | ᠪᠤᠯᠪᠠᠰᠤᠨ ᠤ ᠠᠵᠢᠯᠯᠠᠭ᠎ᠠ ᠶᠢᠨ ᠪᠠᠳᠤ ᠪᠠᠬᠢ ᠠᠷᠠᠳ ᠲᠦᠮᠡᠨ ᠤ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ᠃ | ᠭᠤᠷᠪᠠ ᠳᠤ᠂ ᠨᠠᠮ ᠤᠨ ᠭᠡᠰᠢᠭᠦᠨ ᠺᠠᠳ᠋ᠷ ᠠᠵᠢᠯᠳᠠᠳ ᠤᠨ ᠰᠤᠷᠤᠯᠴᠠᠯᠭ᠎ᠠ ᠶᠢ ᠴᠢᠩᠭᠠᠳᠬᠠᠨ ᠪᠡᠶ᠎ᠡ ᠪᠠᠷ ᠢᠶᠠᠨ | ᠬᠡᠪ ᠲᠠᠭᠤᠷᠢᠶᠠᠯ ᠪᠤᠯᠵᠤ ᠪᠤᠯᠪᠠᠰᠤᠨ ᠢ ᠰᠠᠨᠠᠭᠠᠴᠢᠯᠠᠬᠤ ᠲᠠᠭᠤᠷᠢᠶᠠᠯ ᠭᠦᠴᠤᠨ ᠢ ᠴᠢᠩᠭᠠᠳᠬᠠᠵᠤ ᠠᠯᠪᠠᠨ | ᠪᠠᠶᠢᠭᠤᠯᠭ᠎ᠠ ᠶᠢᠨ ᠺᠠᠳ᠋ᠷ ᠠᠵᠢᠯᠳᠠᠳ ᠤᠨ ᠰᠤᠷᠤᠯᠴᠠᠯᠭ᠎ᠠ ᠢ ᠡᠷᠬᠢᠮᠯᠡᠨ ᠭᠠᠷᠠᠭ ᠪᠤᠯᠭᠠᠨ ᠤ ᠨᠢᠭᠡᠨ ᠢ ᠬᠠᠮᠳᠤ ᠶᠢᠨ | ᠰᠤᠷᠤᠯᠴᠠᠯᠭ᠎ᠠ ᠶᠢᠨ ᠡᠭᠡᠯᠵᠢᠳᠤ ᠡᠳᠤᠷ ᠢᠶᠠᠷ ᠲᠤᠭᠳᠠᠭᠠᠵᠦ ᠨᠠᠮ ᠤᠨ ᠴᠢᠭᠯᠡᠯᠳᠡ᠂ ᠲᠦᠷᠤ ᠶᠢᠨ ᠪᠤᠳᠤᠯᠭ᠎ᠠ ᠪᠠ | ᠤᠨᠤᠯ ᠤᠨ ᠮᠡᠳᠡᠯᠭᠡ ᠶᠢ ᠰᠢᠰᠲ᠋ᠧᠮᠴᠢᠯᠡᠨ ᠰᠤᠷᠤᠯᠴᠠᠵᠦ ᠨᠠᠮ ᠤᠨ ᠭᠡᠰᠢᠭᠦᠨ ᠤ ᠠᠵᠢᠯᠯᠠᠭᠠᠨ ᠤ ᠡᠳᠦᠷᠯᠢᠭ ᠤᠨ | ᠬᠦᠳᠡᠯᠭᠡᠭᠡᠨ ᠲᠠᠢ ᠠᠭᠤᠰᠤᠯᠴᠠᠭᠤᠯᠵᠤ᠂ ᠤᠨᠤᠯ ᠦᠢᠯᠡᠳᠤᠯᠭᠡ ᠶᠢ ᠵᠡᠷᠭᠡᠪᠡᠷ ᠠᠳᠬᠤᠭᠰᠠᠨ ᠪᠠᠶᠢᠨ᠎ᠠ᠃ | ᠲᠦᠷᠪᠡ ᠳᠤ᠂ ᠲᠤᠭᠤᠷᠢᠮ ᠭᠠᠴᠠᠭᠠᠨ ᠳᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠤᠯᠭᠡᠵᠢᠭᠦᠯᠬᠦ | ᠲᠤᠷᠰᠢᠯᠳᠡ ᠶᠢᠨ ᠴᠡᠭ ᠢ ᠪᠠᠶᠢᠭᠤᠯᠵᠤ ᠮᠠᠯᠴᠢᠨ ᠲᠦᠮᠡᠨ ᠤ ᠬᠠᠷᠢᠯᠴᠠᠨ ᠬᠠᠪᠰᠤᠷᠤᠯᠴᠠᠬᠤ ᠬᠠᠮᠳᠤᠪᠡᠷ ᠰᠤᠷᠤᠯᠴᠠᠵᠤ | ᠬᠠᠮᠳᠤᠪᠡᠷ ᠤᠷᠤᠭᠰᠢᠯᠠᠬᠤ ᠶᠢ ᠠᠬᠢᠭᠤᠯᠤᠨ ᠤᠷᠢᠳ ᠬᠤᠵᠢᠳ ︽ᠭᠡᠷ ᠪᠦᠯᠢ ᠶᠢᠨ ᠰᠤᠷᠳᠠᠯ ᠰᠤᠷᠭᠠᠯ ᠢᠶᠠᠨ | ᠡᠷᠬᠢᠴᠡᠭᠦᠯᠤᠨ ᠬᠠᠮᠤᠭ ᠰᠠᠶᠢᠬᠠᠨ ᠭᠡᠷ ᠪᠦᠯᠢ ᠶᠢᠨ ᠦᠯᠢᠭᠡᠷ ᠢ ᠶᠠᠷᠢᠬᠤ︾ ᠠᠵᠢᠯᠯᠠᠭ᠎ᠠ᠂ ︽ᠭᠡᠷ ᠤᠨ ᠪᠠᠶᠢᠳᠠᠯ ᠢᠶᠠᠨ | ᠬᠡᠯᠡᠵᠤ ᠬᠤᠪᠢᠷᠠᠯᠳᠠ ᠪᠠᠨ ᠬᠤᠪᠢᠶᠠᠯᠴᠠᠨ ᠭᠦᠰᠡᠯᠡᠩ ᠢᠶᠠᠨ ᠶᠠᠷᠢᠬᠤ︾ ᠡᠮᠡᠭᠳᠡᠶᠢᠴᠤᠳ ᠤᠨ ᠪᠤᠳᠤᠯ ᠢᠶᠠᠨ ᠲᠡᠯᠭᠡᠬᠦ | ᠶᠠᠷᠢᠯᠴᠠᠭ᠎ᠠ᠂ ᠲᠤᠮᠳᠠᠳᠤ ᠤᠯᠤᠰ ᠤᠨ ᠡᠮᠡᠭᠳᠡᠶᠢᠴᠤᠳ ᠤᠨ ᠠᠷᠪᠡᠨ ᠬᠤᠶᠠᠳᠤᠭᠠᠷ ᠤᠳᠠᠭᠠᠨ ᠤ ᠲᠦᠯᠦᠭᠡᠯᠡᠭᠴᠢᠳ | ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠷᠠᠯ ᠵᠡᠷᠭᠡ ᠠᠵᠢᠯᠯᠠᠭ᠎ᠠ ᠶᠢ ᠵᠤᠬᠢᠶᠠᠨ | ᠪᠠᠶᠢᠭᠤᠯᠵᠤ ᠤᠯᠠᠨ ᠲᠦᠮᠡᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠤᠭᠰᠠᠨ ᠪᠠᠶᠢᠨ᠎ᠠ᠃ | ᠲᠠᠪᠤ ᠳᠤ᠂ ᠮᠠᠯᠴᠢᠨ ᠲᠦᠮᠡᠨ ᠪᠡᠶ᠎ᠡ ᠪᠠᠷ ᠢᠶᠠᠨ ᠬᠡᠪ ᠲᠠᠭᠤᠷᠢᠶᠠᠯ ᠪᠤᠯᠵᠤ ᠪᠤᠯᠪᠠᠰᠤᠨ ᠢ ᠦᠢᠯᠡᠳᠦᠯᠭᠡᠵᠢᠭᠦᠯᠬᠦ | ᠠᠵᠢᠯᠯᠠᠭ᠎ᠠ ᠶᠢ ᠵᠤᠬᠢᠶᠠᠨ ᠪᠠᠶᠢᠭᠤᠯᠵᠤ ᠪᠠᠶᠢᠨ᠎ᠠ᠃ ᠱᠠᠷᠯᠢᠭ ᠭᠠᠴᠠᠭᠠᠨ ᠤ ᠮᠠᠯᠴᠢᠨ ᠲᠦᠮᠡᠨ ᠤ ᠦᠪᠡᠷᠳᠡᠭᠡᠨ | ᠵᠤᠬᠢᠶᠠᠨ ᠪᠠᠶᠢᠭᠤᠯᠤᠭᠰᠠᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢᠨ ᠠᠵᠢᠯᠯᠠᠭ᠎ᠠ ᠨᠢ | ᠨᠤᠳᠤᠭ ᠤᠰᠤ᠂ ᠡᠬᠡ ᠪᠠᠶᠢᠭᠠᠯᠢ ᠪᠠᠨ ᠬᠠᠶᠢᠷᠠᠯᠠᠵᠤ ᠤᠤᠭᠠᠯ ᠰᠤᠶᠤᠯ ᠵᠠᠩᠰᠢᠯ ᠢᠶᠠᠨ ᠲᠡᠭᠡᠳᠤᠯᠡᠨ ᠤᠯᠠᠮᠵᠢᠯᠠᠬᠤ ᠪᠠᠷ | ᠵᠤᠷᠢᠯᠭ᠎ᠠ ᠪᠠᠨ ᠪᠤᠯᠭᠠᠨ ᠨᠤᠳᠤᠭ ᠤᠨ ᠪᠤᠯᠪᠠᠰᠤᠨ ᠢ ᠡᠭᠦᠳᠬᠦ ᠳᠤ ᠬᠦᠮᠤᠨ ᠪᠦᠬᠦᠨ ᠬᠤᠪᠢ ᠨᠡᠮᠡᠷᠢ ᠪᠠᠨ | ᠦᠵᠡᠭᠦᠯᠬᠦ ᠶᠢ ᠰᠤᠷᠳᠠᠯᠴᠢᠯᠠᠭᠰᠠᠨ ᠪᠠᠶᠢᠨ᠎ᠠ᠃ | ᠵᠢᠷᠭᠤᠭ᠎ᠠ ᠳᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ | ︽ᠤᠯᠠᠭᠠᠨᠮᠦ᠋ᠴᠢᠷ +︾ ᠬᠡᠯᠪᠡᠷᠢ ᠶᠢᠨ ᠶᠡᠷᠤᠩᠬᠡᠶᠢᠯᠡᠭᠰᠡᠨ ᠰᠤᠶᠤᠯ ᠤᠨ ᠠᠵᠢᠯᠯᠠᠭ᠎ᠠ ᠶᠢ ᠤᠷᠢᠵᠦ ᠲᠠᠯ᠎ᠠ ᠶᠢᠨ ᠤᠰᠤ | ᠭᠠᠴᠠᠭ᠎ᠠ᠂ ᠲᠤᠭᠤᠷᠢᠮ ᠭᠠᠴᠠᠭ᠎ᠠ᠂ ᠴᠤᠤᠳᠠᠢ ᠭᠠᠴᠠᠭ᠎ᠠ᠂ ᠱᠠᠷᠯᠢᠭ ᠨᠡᠶᠢᠬᠡᠮ ᠲᠤᠭᠤᠷᠢᠭ ᠵᠡᠷᠭᠡ ᠭᠠᠵᠠᠷ ᠲᠤ ᠬᠦᠷᠴᠤ | ᠬᠤᠰᠢᠭᠤ ᠤᠯᠠᠭᠠᠨᠮᠦ᠋ᠴᠢᠷ ᠤᠨ ᠰᠤᠳᠤᠨ ᠲᠤᠭᠯᠠᠯᠳᠠ᠂ ᠮᠤᠷᠢᠨ ᠬᠤᠭᠤᠷ ᠤᠨ ᠨᠠᠶᠢᠷᠠᠯ ᠬᠦᠭᠵᠢᠮ ᠤᠨ ᠠᠩᠬᠢ ᠶᠢᠨ | ᠲᠤᠭᠯᠠᠯᠲᠠ᠂ ᠬᠠᠩᠬᠢᠨ ᠤᠯᠠᠭᠠᠨᠮᠦ᠋ᠴᠢᠷ ᠤᠨ ᠲᠤᠭᠯᠠᠯᠳᠠ ᠵᠡᠷᠭᠡ ᠤᠷᠠᠯᠢᠭ ᠤᠨ ᠪᠦᠳᠤᠭᠡᠯ ᠢ ᠮᠠᠯᠴᠢᠨ ᠲᠦᠮᠡᠨ ᠤ ᠪᠠᠨ | ᠲᠡᠷᠭᠡᠳᠡ ᠬᠦᠷᠭᠡᠨ ᠳᠠᠭᠠᠤ ᠳᠤᠨᠢ ᠰᠢᠨᠵᠢᠯᠡᠭᠡ ᠮᠡᠷᠭᠡᠵᠢᠯ᠂ ᠡᠷᠡᠭᠦᠯ ᠬᠠᠮᠠᠭᠠᠯᠠᠯ᠂ ᠬᠡᠷᠡᠭᠯᠡᠭᠡᠨ ᠤ ᠮᠡᠳᠡᠯᠭᠡ ᠵᠡᠷᠭᠡ | ᠰᠤᠶᠤᠯ ᠤᠨ ᠰᠤᠷᠳᠠᠯᠴᠢᠯᠠᠭ᠎ᠠ ᠶᠢ ᠤᠯᠠᠮᠵᠢᠯᠡᠨ ᠠᠷᠠᠳ ᠲᠦᠮᠡᠨ ᠤ ᠠᠵᠢᠯ ᠤᠨ ᠴᠢᠯᠤᠭᠡᠨ ᠤ ᠰᠤᠶᠤᠯ ᠤᠨ | ᠠᠮᠢᠳᠤᠷᠠᠯ ᠢ ᠦᠨᠡᠨᠬᠦ ᠪᠠᠶᠠᠯᠢᠭᠵᠢᠭᠤᠯᠤᠭᠰᠠᠨ ᠪᠠᠶᠢᠨ᠎ᠠ᠃ | ᠲᠤᠯᠤᠭ᠎ᠠ ᠳᠤ᠂ ᠡᠯ᠎ᠡ ᠵᠦᠢᠯ ᠤᠨ ᠬᠠᠤᠯᠢ ᠴᠠᠭᠠᠵᠠ ᠶᠢᠨ ᠤᠬᠠᠭᠤᠯᠭ᠎ᠠ ᠰᠤᠷᠳᠠᠯᠴᠢᠯᠠᠭ᠎ᠠ ᠶᠢᠨ ᠠᠵᠢᠯᠯᠠᠭ᠎ᠠ ᠶᠢ | ᠵᠤᠬᠢᠶᠠᠨ ᠪᠠᠶᠢᠭᠤᠯᠬᠤ ᠪᠠᠷ ᠲᠠᠮᠵᠢᠨ ᠠᠷᠠᠳ ᠤᠯᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠲᠡᠭᠡᠭᠰᠢᠯᠡᠭᠦᠯᠵᠤ | ᠬᠠᠤᠯᠢ ᠪᠠᠷ ᠵᠠᠰᠠᠬᠤ ᠠᠬᠢᠴᠠ ᠶᠢ ᠯᠠᠪᠳᠠᠭᠤᠨ ᠪᠠᠳᠤᠳᠠᠢ ᠠᠬᠢᠭᠤᠯᠣᠨ ︽ᠬᠠᠤᠯᠢ ᠴᠠᠭᠠᠵᠠ ᠶᠢᠨ ᠬᠡᠷᠡᠯᠳᠤ | ᠴᠠᠮᠬᠠᠭ ᠢᠶᠠᠷ ᠮᠠᠯᠵᠢᠬᠤ ᠠᠮᠢᠳᠤᠷᠠᠯ ᠤᠨ ᠲᠤᠭᠤᠨᠤ ᠶᠢ ᠭᠡᠶᠢᠭᠦᠯᠤᠶᠡ︾ ᠬᠡᠬᠦ ᠭᠤᠤᠯ ᠰᠡᠳᠤᠪᠳᠤ ᠬᠠᠤᠯᠢ ᠶᠢ | ᠦᠨᠳᠤᠰᠤᠨ ᠱᠠᠳᠤᠨ ᠳᠤ ᠬᠦᠷᠭᠡᠬᠦ ᠦᠢᠯᠡᠳᠤᠯᠭᠡ ᠶᠢᠨ ᠠᠵᠢᠯᠯᠠᠭ᠎ᠠ ᠶᠢ ᠥᠷᠨᠢᠭᠦᠯᠵᠦ ᠤᠯᠠᠨ ᠲᠦᠮᠡᠨ ᠳᠤ ᠬᠠᠤᠯᠢ | ᠴᠠᠭᠠᠵᠠ ᠶᠢᠨ ᠲᠤᠰᠬᠠᠢ ᠲᠠᠶᠢᠯᠤᠮᠵᠢ ᠶᠢ ᠬᠦᠷᠳᠡᠭᠡᠨ ᠬᠦᠮᠤᠨ ᠪᠦᠬᠦᠨ ᠬᠠᠤᠯᠢ ᠶᠢ ᠦᠢᠯᠠᠭᠠᠵᠦ ᠬᠠᠤᠯᠢ ᠶᠢ ᠬᠡᠷᠡᠭᠯᠡᠨ | ᠬᠠᠤᠯᠢ ᠶᠤᠰᠤᠭᠠᠷ ᠡᠷᠬᠡ ᠠᠰᠢᠭ ᠢᠶᠠᠨ ᠬᠠᠮᠠᠭᠠᠯᠠᠬᠤ ᠰᠠᠶᠢᠨ ᠰᠠᠶᠢᠬᠠᠨ ᠨᠡᠶᠢᠬᠡᠮ ᠤᠨ ᠤᠷᠴᠢᠨ ᠢ ᠪᠤᠢ ᠪᠤᠯᠭᠠᠭᠰᠨ | ᠪᠠᠶᠢᠨ᠎ᠠ᠃ | | |