ᠰᠢᠨᠬᠤᠸᠠ ᠬᠤᠷᠢᠶᠠᠨ ᠤ ᠮᠡᠳᠡᠭᠡᠯᠡᠭᠰᠡᠨ ᠢᠶᠠᠷ ᠤᠯᠤᠰ ᠤᠨ ᠲᠡᠷᠢᠬᠦᠯᠡᠭᠴᠢ ᠰᠢ ᠶᠢᠨ ᠫᠢᠩ 14 ᠤ ᠡᠳᠦᠷ | ᠠᠷᠠᠳ ᠤᠨ ᠶᠡᠭᠡ ᠬᠤᠷᠠᠯ ᠤᠨ ᠲᠠᠩᠬᠢᠮ ᠳᠤ ᠹᠢᠨᠯᠠᠨᠳ᠋ ᠤᠨ ᠶᠡᠷᠦᠩᠭᠡᠶᠢᠯᠡᠭᠴᠢ ᠨᠢᠨᠢᠰᠲ᠋ᠦ᠋ᠸᠧ ᠲᠠᠢ ᠭᠡᠯᠡᠯᠴᠡᠭᠡ ᠬᠢᠪᠡ᠃ | ᠬᠤᠶᠠᠷ ᠤᠯᠤᠰ ᠤᠨ ᠲᠡᠷᠢᠬᠦᠨ᠂ ᠳᠤᠮᠳᠠᠳᠤ ᠹᠢᠨᠯᠠᠨᠳ᠋ ᠤᠨ ᠬᠠᠷᠢᠯᠴᠠᠭᠠᠨ ᠤ ᠬᠦᠭᠵᠢᠯᠳᠠ ᠶᠢᠨ ᠰᠢᠨ᠎ᠠ | ᠬᠠᠭᠤᠳᠠᠰᠤ ᠶᠢ ᠬᠠᠮᠳᠤ ᠪᠠᠷ ᠪᠢᠴᠢᠭᠯᠡᠨ᠎ᠠ ᠭᠡᠵᠦ ᠰᠠᠨᠠᠯ ᠨᠢᠭᠡᠳᠠᠢ ᠵᠦᠪᠰᠢᠶᠡᠷᠡᠪᠡ᠃ | ᠰᠢ ᠶᠢᠨ ᠫᠢᠩ᠂ ᠳᠤᠮᠳᠠᠳᠤ ᠹᠢᠨᠯᠠᠨᠳ᠋ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠤᠳᠬᠡᠵᠤ ᠬᠠᠷᠢᠯᠴᠠᠨ | ᠢᠳᠡᠭᠡᠯᠴᠡᠬᠦ ᠪᠠᠨ ᠪᠠᠷᠢᠮᠳᠠᠯᠠᠵᠤ᠂ ᠨᠡᠭᠡᠭᠡᠯᠳᠡᠳᠠᠢ ᠪᠠᠭᠳᠠᠭᠠᠮᠵᠢᠳᠠᠢ ᠪᠠᠶᠢᠬᠤ ᠤᠪᠤᠷ ᠢᠶᠠᠨ ᠪᠠᠳᠤᠯᠠᠵᠦ᠂ ᠲᠤᠰ | ᠲᠤᠰ ᠤᠨ ᠢᠶᠠᠨ ᠬᠦᠭᠵᠢᠯᠲᠡ ᠶᠢᠨ ᠵᠠᠮ ᠢ ᠬᠦᠨᠳᠦᠳᠭᠡᠵᠦ᠂ ᠲᠤᠰ ᠲᠤᠰ ᠤᠨ ᠢᠶᠠᠨ ᠭᠤᠤᠯᠯᠠᠬᠴᠢ ᠠᠰᠢᠬ ᠲᠤᠰᠠ ᠶᠢ | ᠬᠠᠷᠠᠭᠠᠯᠵᠠᠵᠦ᠂ ᠳᠤᠮᠳᠠᠳᠤ ᠹᠢᠨᠯᠠᠨᠳ᠋ ᠤᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢ ᠰᠠᠶᠢᠳᠤᠷ | ᠪᠠᠬᠢᠵᠢᠬᠦᠯᠵᠦ᠂ ᠳᠤᠮᠳᠠᠳᠤ ᠹᠢᠨᠯᠠᠨᠳ᠋ ᠤᠨ ᠬᠠᠷᠢᠯᠴᠠᠭᠠᠨ ᠤ ᠲᠤᠭᠳᠠᠭᠤᠨ ᠢᠶᠠᠷ ᠬᠦᠭᠵᠢᠬᠦ ᠶᠢ ᠠᠬᠢᠭᠤᠯᠤᠶ᠎ᠠ᠃ | ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠵᠦ᠂ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭᠠᠨ ᠤ ᠰᠢᠨ᠎ᠠ | ᠬᠦᠷᠢᠶ᠎ᠡ ᠶᠢ ᠦᠷᠭᠡᠳᠭᠡᠵᠦ᠂ ᠬᠤᠶᠠᠷ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠬᠦᠰᠡᠯ ᠬᠦᠭᠡᠭᠡᠴᠡᠯᠳᠦᠯ ᠳᠤ ᠨᠡᠩ ᠰᠠᠶᠢᠳᠤᠷ ᠤᠶᠢᠯᠡᠴᠢᠯᠡᠶᠡ᠃ ᠳᠤᠮᠳᠠᠳᠤ ᠶᠢᠨ ᠲᠠᠯ᠎ᠠ ᠹᠢᠨᠯᠠᠨᠳ᠋ ᠤᠨ | ᠲᠠᠯ᠎ᠠ ᠶᠢᠨ ᠬᠢᠨ ᠤ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠡᠮᠵᠢᠵᠦ ᠪᠠᠶᠢᠬᠤ ᠶᠢ ᠮᠠᠬᠳᠠᠨ | ᠰᠠᠶᠢᠰᠢᠶᠡᠵᠦ᠂ ᠳᠤᠷᠠᠳᠠᠶ᠎ᠠ ᠹᠢᠨᠯᠠᠨᠳ᠋ ᠤᠨ ᠲᠠᠯ᠎ᠠ ᠲᠠᠢ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ | ᠪᠠᠶᠢᠭᠤᠯᠬᠤ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠦᠨᠠ᠃ ᠳᠤᠮᠳᠠᠳᠤ ᠡᠸᠦ᠋ᠷᠦᠫᠠ ᠶᠢᠨ ᠵᠢᠱᠢᠶᠡᠨ ᠤ ᠭᠠᠯᠳᠦ ᠳᠡᠷᠭᠡ | ᠵᠡᠷᠭᠡ ᠶᠢᠨ ᠠᠪᠴᠢᠷᠠᠭᠰᠠᠨ ᠳᠦᠭᠦᠮ ᠨᠦᠬᠦᠴᠡᠯ ᠢ ᠬᠦᠢᠴᠡᠳ ᠠᠰᠢᠬᠯᠠᠵᠦ᠂ ︽ᠮᠦᠰᠦᠨ ᠲᠡᠭᠡᠷᠡᠬᠢ ᠲᠤᠷᠭᠠᠨ ᠵᠠᠮ︾ | ᠢ ᠬᠠᠮᠳᠤ ᠪᠠᠷ ᠪᠦᠳᠦᠭᠡᠨ ᠪᠠᠶᠢᠭᠤᠯᠵᠦ᠂ ᠡᠽᠢᠶᠠ ᠡᠸᠦ᠋ᠷᠦᠫᠠ ᠶᠢᠨ ᠡᠭᠡ ᠬᠠᠭᠤᠷᠠᠢ ᠶᠢᠨ ᠬᠠᠷᠢᠯᠴᠠᠨ ᠬᠤᠯᠪᠤᠯᠳᠤᠵᠦ | ᠬᠠᠷᠢᠯᠴᠠᠨ ᠨᠡᠪᠳᠡᠷᠡᠯᠴᠡᠬᠦ ᠶᠢ ᠠᠬᠢᠭᠤᠯᠦᠶ᠎ᠠ᠃ ᠰᠤᠶᠤᠯ ᠢᠷᠭᠡᠨᠰᠢᠯ ᠤᠨ ᠰᠤᠯᠢᠯᠴᠠᠭ᠎ᠠ ᠪᠠᠨ ᠴᠢᠩᠭᠠᠳᠬᠠᠶ᠎ᠠ᠂ ᠪᠢ | ᠶᠡᠷᠦᠩᠭᠡᠶᠢᠯᠡᠭᠴᠢ ᠠᠪᠤᠭᠠᠢ ᠲᠠᠢ ᠬᠠᠮᠳᠦ ︽2019 ᠤᠨ ᠤ ᠳᠤᠮᠳᠠᠳᠤ ᠹᠢᠨᠯᠠᠨᠳ᠋ ᠤᠨ ᠡᠪᠤᠯ ᠤᠨ ᠤᠯᠠᠷᠢᠯ ᠤᠨ | ᠪᠡᠶ᠎ᠠ ᠶᠢᠨ ᠲᠠᠮᠢᠷ ᠤᠨ ᠬᠦᠳᠡᠯᠭᠡᠭᠡᠨ ᠤ ᠤᠨ︾ ᠤ ᠠᠵᠢᠯᠯᠠᠭ᠎ᠠ ᠶᠢ ᠡᠬᠢᠯᠡᠬᠦᠯᠬᠦ ᠪᠤᠯᠤᠨ᠎ᠠ᠂ ᠬᠤᠶᠠᠷ ᠲᠠᠯ᠎ᠠ ᠪᠠᠷ ᠢᠶᠠᠨ | ᠡᠪᠤᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠬᠠᠮᠳᠤᠷᠠᠯᠴᠠᠭᠠᠨ ᠤ ᠬᠡᠪ ᠳᠠᠭᠤᠷᠢᠶᠠᠯ ᠢ ᠭᠠᠷ | ᠬᠤᠯᠪᠤᠨ ᠴᠤᠬᠴᠠᠯᠠᠬᠤ ᠶᠢ ᠬᠦᠰᠡᠵᠦ ᠪᠠᠶᠢᠨ᠎ᠠ᠃ ᠪᠦᠬᠦ ᠪᠦᠮᠪᠦᠷᠴᠡᠭ ᠤᠨ ᠵᠠᠰᠠᠯᠳᠠ ᠶᠢᠨ ᠦᠭᠡᠷᠡᠴᠢᠯᠡᠯᠳᠠ ᠶᠢ | ᠬᠠᠮᠳᠤ ᠪᠠᠷ ᠠᠬᠢᠭᠤᠯᠵᠤ᠂ ᠤᠯᠠᠨ ᠤᠯᠤᠰ ᠤᠨ ᠭᠡᠷᠡᠭ ᠶᠠᠪᠤᠳᠠᠯ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠵᠦ᠂ | ᠠᠭᠤᠷ ᠠᠮᠢᠰᠬᠤᠯ ᠤᠨ ᠬᠤᠪᠢᠷᠠᠯᠳᠠ ᠶᠢᠨ ︽ᠫᠠᠷᠢᠰ ᠤᠨ ᠭᠡᠯᠡᠯᠴᠡᠭᠡᠷ︾ ᠢ ᠨᠠᠶᠢᠳᠠᠪᠤᠷᠢᠵᠢᠭᠤᠯᠵᠦ᠂ ᠳᠡᠯᠡᠭᠡᠢ ᠶᠢᠨ | ᠠᠵᠤ ᠠᠬᠤᠢ ᠶᠢᠨ ᠡᠷᠴᠢᠮᠳᠠᠢ᠂ ᠦᠷᠬᠦᠯᠵᠢᠯᠡᠬᠦ᠂ ᠲᠡᠩᠴᠡᠬᠦᠷᠢᠳᠠᠢ ᠪᠠ ᠪᠠᠭᠳᠠᠭᠠᠮᠵᠢᠳᠠᠢ ᠨᠡᠮᠡᠭᠳᠡᠯ ᠢ ᠠᠬᠢᠭᠤᠯᠤᠶ᠎ᠠ᠃ | ᠳᠤᠮᠳᠠᠳᠤ ᠶᠢᠨ ᠲᠠᠯ᠎ᠠ ᠳᠤᠷᠠᠳᠠᠶ᠎ᠠ ᠹᠢᠨᠯᠠᠨᠳ᠋ ᠤᠨ ᠲᠠᠯ᠎ᠠ ᠲᠠᠢ ᠤᠮᠠᠷᠠᠳᠦ ᠲᠦᠢᠯ ᠤᠨ ᠭᠡᠷᠡᠭ ᠡᠷᠬᠢᠯᠡᠭᠴᠢᠳ ᠤᠨ | ᠬᠤᠷᠠᠯ ᠤᠨ ᠪᠤᠷᠤ ᠲᠦᠯᠦᠪ ᠳᠤᠳᠤᠷᠠᠬᠢ ᠬᠠᠮᠳᠤᠷᠠᠯᠴᠠᠭ᠎ᠠ ᠶᠢ ᠴᠢᠩᠭᠠᠳᠬᠠᠵᠦ᠂ ᠤᠮᠠᠷᠠᠳᠦ ᠲᠦᠢᠯ ᠤᠨ ᠭᠠᠵᠠᠷ | ᠤᠷᠤᠨ ᠤ ᠦᠷᠬᠦᠯᠵᠢᠯᠡᠬᠦ ᠬᠦᠭᠵᠢᠯᠳᠠ ᠶᠢ ᠬᠠᠮᠳᠤ ᠪᠠᠷ ᠠᠬᠢᠭᠤᠯᠤᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠡᠸᠦ᠋ᠷᠤᠫᠠ ᠲᠢᠪ ᠤᠨ ᠨᠢᠬᠡ ᠴᠤᠬᠴᠠᠵᠢᠯᠳᠠ ᠶᠢᠨ ᠪᠦᠳᠤᠬᠡᠨ | ᠪᠠᠶᠢᠭᠤᠯᠤᠯᠳᠠ ᠶᠢ ᠲᠡᠮᠵᠢᠭᠰᠡᠭᠡᠷ ᠢᠷᠡᠭᠰᠡᠨ ᠪᠦᠬᠡᠳ ᠡᠸᠦ᠋ᠷᠤᠫᠠ ᠲᠢᠪ ᠤᠨ ᠬᠢᠨ ᠪᠦᠯᠬᠦᠮᠳᠡᠯ᠂ ᠲᠤᠭᠳᠠᠭᠤᠨ᠂ | ᠨᠡᠬᠡᠬᠡᠯᠳᠠᠳᠠᠢ᠂ ᠬᠦᠭᠵᠢᠯ ᠴᠡᠴᠡᠭᠯᠡᠯ ᠢᠶᠠᠨ ᠪᠠᠳᠤᠯᠠᠵᠤ᠂ ᠲᠡᠯᠡᠬᠡᠢ ᠶᠢᠨ ᠲᠠᠪᠴᠠᠩ ᠳᠤ ᠢᠳᠡᠪᠬᠢᠳᠠᠢ ᠪᠦᠳᠤᠬᠡᠯᠴᠢ | ᠴᠢᠨᠠᠷᠳᠠᠢ ᠤᠢᠢᠯᠡᠳᠤᠯ ᠢᠶᠠᠨ ᠪᠠᠳᠠᠷᠠᠭᠤᠯᠬᠤ ᠶᠢ ᠬᠦᠰᠡᠵᠤ ᠪᠠᠶᠢᠨ᠎ᠠ᠃ ᠹᠢᠨᠯᠠᠨᠳ᠋ ᠤᠨ ᠬᠢᠨ ᠳᠤᠮᠳᠠᠳᠤ ᠡᠸᠦ᠋ᠷᠤᠫᠠ ᠶᠢᠨ | ᠬᠠᠷᠢᠯᠴᠠᠭ᠎ᠠ ᠶᠢᠨ ᠡᠷᠡᠬᠦᠯ ᠲᠤᠬᠳᠠᠭᠤᠨ ᠬᠦᠭᠵᠢᠯᠲᠡ ᠶᠢ ᠠᠬᠢᠭᠤᠯᠬᠤ ᠳᠤ ᠦᠷᠬᠦᠯᠵᠢᠯᠠᠨ ᠢᠳᠡᠪᠬᠢᠳᠠᠢ | ᠤᠢᠢᠯᠡᠳᠤᠯ ᠢᠶᠠᠨ ᠪᠠᠳᠠᠷᠠᠭᠤᠯᠬᠤ ᠶᠢ ᠬᠦᠰᠡᠵᠤ ᠪᠠᠶᠢᠨ᠎ᠠ᠃ ᠪᠢᠳᠠ ᠲᠤᠷᠠᠳᠠᠶ᠎ᠠ ᠤᠮᠠᠷᠠᠳᠤ ᠡᠸᠦ᠋ᠷᠤᠫᠠ ᠶᠢᠨ ᠡᠯ᠎ᠠ | ᠤᠯᠤᠰ ᠪᠤᠯᠤᠨ ᠤᠮᠠᠷᠠᠳᠤ ᠡᠸᠦ᠋ᠷᠤᠫᠠ ᠶᠢᠨ ᠰᠠᠶᠢᠳ ᠨᠠᠷ ᠤᠨ ᠭᠡᠷᠡᠭ ᠡᠷᠬᠢᠯᠡᠭᠴᠢᠳ ᠤᠨ ᠬᠤᠷᠠᠯ ᠯᠤᠭ᠎ᠠ ᠨᠢᠬᠳᠠ | ᠤᠯᠤᠯᠴᠠᠭ᠎ᠠ ᠪᠠᠨ ᠪᠠᠳᠤᠯᠠᠵᠤ᠂ ᠳᠤᠮᠳᠠᠳᠤ — ᠤᠮᠠᠷᠠᠳᠤ ᠡᠸᠦ᠋ᠷᠤᠫᠠ ᠶᠢᠨ ᠬᠠᠮᠳᠤᠷᠠᠯᠴᠠᠭ᠎ᠠ ᠶᠢ ᠰᠠᠶᠢᠳᠤᠷ | ᠲᠦᠯᠦᠪᠵᠢᠭᠦᠯᠦᠨ᠎ᠡ ᠬᠡᠵᠤ ᠴᠢᠬᠤᠯᠠᠴᠢᠯᠠᠪᠠ᠃ | ᠨᠢᠨᠢᠰᠲ᠋ᠦ᠋ᠸᠧ ᠶᠠᠭᠤᠨ ᠤ ᠤᠷᠢᠳ ᠰᠢ ᠶᠢᠨ ᠫᠢᠩ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠳᠤ | ᠰᠢᠨ᠎ᠠ ᠵᠢᠯ ᠤᠨ ᠴᠢᠩ ᠰᠡᠳᠬᠢᠯ ᠤᠨ ᠮᠡᠨᠳᠤᠴᠢᠯᠠᠯ ᠲᠡᠪᠰᠢᠬᠦᠯᠪᠠ᠃ ᠨᠢᠨᠢᠰᠲ᠋ᠦ᠋ᠸᠧ᠂ ᠹᠢᠨᠯᠠᠨᠳ᠋ ᠳᠤᠮᠳᠠᠳᠤ ᠶᠢᠨ | ᠬᠠᠷᠢᠯᠴᠠᠭ᠎ᠠ ᠲᠦᠷᠬᠡᠨ ᠬᠦᠭᠵᠢᠪᠡ᠃ ᠹᠢᠨᠯᠠᠨᠳ᠋ ᠤᠨ ᠬᠢᠨ ᠳᠤᠮᠳᠠᠳᠤ ᠤᠯᠤᠰ ᠤᠨ ᠬᠦᠭᠵᠢᠯᠳᠠ ᠶᠢᠨ ᠠᠮᠵᠢᠯᠳᠠ | ᠪᠦᠲᠦᠮᠵᠢ ᠶᠢ ᠲᠡᠭᠡᠳᠤ ᠬᠡᠮᠵᠢᠶ᠎ᠠ ᠪᠠᠷ ᠦᠨᠡᠯᠠᠵᠤ᠂ ᠳᠤᠮᠳᠠᠳᠤ ᠤᠯᠤᠰ ᠤᠨ ᠲᠡᠯᠡᠬᠡᠢ ᠶᠢᠨ ᠭᠡᠷᠡᠭ ᠶᠠᠪᠤᠳᠠᠯ ᠳᠠᠬᠢ | ᠤᠢᠢᠯᠡᠳᠤᠯ ᠢ ᠴᠢᠬᠤᠯᠠᠴᠢᠯᠠᠵᠤ᠂ ᠳᠤᠮᠳᠠᠳᠤ ᠤᠯᠤᠰ ᠯᠤᠭ᠎ᠠ ᠶᠢᠨ ᠨᠦᠬᠦᠷᠯᠠᠯ ᠢᠶᠠᠨ ᠨᠠᠨᠳᠢᠩᠨᠠᠳᠠᠭ᠃ ᠲᠡᠷᠢᠬᠦᠯᠡᠭᠴᠢ | ᠰᠢ ᠶᠢᠨ ᠫᠢᠩ ᠤᠨ ᠲᠤᠷᠠᠳᠤᠬᠰᠠᠨ ︽ᠨᠢᠬᠡ ᠪᠦᠰᠠ ᠨᠢᠬᠡ ᠵᠠᠮ︾ ᠢ ᠬᠠᠮᠳᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠲᠦᠢᠯ ᠤᠨ ᠴᠢᠬᠤᠯᠠ ᠶᠤᠮ᠂ ᠹᠢᠨᠯᠠᠨᠳ᠋ ᠲᠤᠷᠠᠳᠠᠶ᠎ᠠ ᠢᠳᠡᠪᠬᠢᠲᠠᠢ ᠤᠢᠢᠯᠠᠳᠤᠯ ᠢᠶᠠᠨ ᠪᠠᠳᠠᠷᠠᠭᠤᠯᠵᠤ᠂ | ᠡᠨᠡ ᠬᠦ ᠰᠠᠨᠠᠭᠠᠴᠢᠯᠠᠭ᠎ᠠ ᠶᠢ ᠡᠸᠦ᠋ᠷᠤᠫᠠ ᠲᠢᠪ ᠤᠨ ᠤᠯᠤᠰ ᠤᠳ ᠤᠨ ᠬᠤᠯᠪᠤᠭ᠎ᠠ ᠲᠠᠢ ᠨᠡᠩ ᠰᠠᠶᠢᠨ ᠵᠤᠯᠭᠠᠭᠤᠯᠵᠤ᠂ | ᠡᠸᠦ᠋ᠷᠤᠫᠠ ᠠᠽᠢᠶ᠎ᠠ ᠶᠢᠨ ᠡᠬᠡ ᠬᠠᠭᠤᠷᠠᠢ ᠶᠢᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠳᠡᠷᠡᠯᠴᠡᠬᠦ ᠶᠢ | ᠠᠬᠢᠭᠤᠯᠤᠨ᠎ᠠ᠃ ᠮᠢᠨᠤ ᠲᠤᠰ ᠤᠳᠠᠭᠠᠨ ᠤ ᠳᠤᠮᠳᠠᠳᠤ ᠤᠯᠤᠰ ᠲᠠᠬᠢ ᠠᠶᠢᠯᠴᠢᠯᠠᠯᠳᠠ ᠶᠢᠨ ᠬᠤᠭᠤᠴᠠᠭᠠᠨ ᠳᠤ᠂ | ᠬᠤᠶᠠᠷ ᠲᠠᠯ᠎ᠠ ᠪᠠᠷ ᠢᠶᠠᠨ ︽ᠹᠢᠨᠯᠠᠨᠳ᠋ ᠳᠤᠮᠳᠠᠳᠤ ᠶᠢᠨ ᠢᠷᠡᠬᠡᠳᠤᠢ ᠳᠤ ᠬᠠᠨᠳᠤᠬᠰᠠᠨ ᠰᠢᠨ᠎ᠠ ᠮᠠᠶ᠋ᠢᠬ ᠤᠨ | ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠠᠬᠢᠭᠤᠯᠬᠤ ᠲᠤᠬᠠᠢ ᠬᠠᠮᠳᠤᠷᠠᠬᠰᠠᠨ ᠠᠵᠢᠯ ᠤᠨ ᠲᠦᠯᠤᠪᠯᠡᠭᠡ ︵ | 2019 — 2023︶︾ ᠶᠢ ᠨᠡᠶᠢᠳᠡᠯᠡᠬᠦ ᠪᠤᠯᠤᠨ᠎ᠠ᠂ ᠡᠨᠡ ᠨᠢ ᠹᠢᠨᠯᠠᠨᠳ᠋ ᠳᠤᠮᠳᠠᠳᠤ ᠶᠢᠨ ᠨᠦᠬᠦᠷᠰᠡᠭ | ᠬᠠᠷᠢᠯᠴᠠᠭ᠎ᠠ ᠶᠢ ᠴᠢᠨᠠᠬᠰᠢᠳᠠ ᠠᠬᠢᠭᠤᠯᠬᠤ ᠶᠢ ᠢᠳᠡᠭᠡᠵᠦ ᠪᠠᠶᠢᠨ᠎ᠠ᠃ ᠹᠢᠨᠯᠠᠨᠳ᠋ ᠤᠨ ᠬᠢᠨ ᠲᠤᠷᠠᠳᠠᠶ᠎ᠠ ᠳᠤᠮᠳᠠᠳᠤ ᠶᠢᠨ | ᠲᠠᠯ᠎ᠠ ᠲᠠᠢ ᠬᠠᠮᠳᠤ ᠪᠠᠷ ᠠᠵᠢᠯᠯᠠᠭᠠᠨ ᠤ ᠲᠦᠯᠤᠪᠯᠡᠭᠡ ᠶᠢ ᠰᠠᠶᠢᠳᠤᠷ ᠨᠠᠶᠢᠳᠠᠪᠤᠷᠢᠵᠢᠭᠤᠯᠵᠤ᠂ ᠡᠯ᠎ᠠ ᠬᠦᠷᠢᠶᠠᠨ ᠤ | ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠤ᠂ ᠰᠤᠶᠤᠯ ᠢᠷᠬᠡᠨᠰᠢᠯ ᠤᠨ ᠰᠤᠯᠢᠯᠴᠠᠭ᠎ᠠ ᠪᠠᠨ | ᠨᠡᠮᠡᠭᠳᠡᠬᠦᠯᠵᠤ᠂ ᠪᠠᠶ᠎ᠠ ᠶᠢᠨ ᠲᠠᠮᠢᠷ᠂ ᠢᠯᠠᠩᠭᠤᠶ᠎ᠠ ᠡᠪᠤᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠬᠦᠳᠡᠯᠬᠡᠬᠡᠨ ᠤ | ᠬᠠᠮᠳᠤᠷᠠᠯᠴᠠᠭ᠎ᠠ ᠶᠢ ᠴᠢᠩᠭᠠᠳᠬᠠᠨ᠎ᠠ᠃ ᠹᠢᠨᠯᠠᠨᠳ᠋ ᠤᠨ ᠬᠢᠨ ᠲᠤᠤᠷ᠎ᠠ ᠬᠠᠭᠠᠰ ᠵᠢᠯ ᠳᠤ ᠡᠸᠦ᠋ᠷᠤᠫᠠ ᠲᠢᠪ ᠤᠨ | ᠤᠯᠤᠰ ᠤᠳ ᠤᠨ ᠬᠤᠯᠪᠤᠭ᠎ᠠ ᠶᠢᠨ ᠵᠢᠵᠢᠬᠦᠷ ᠲᠡᠷᠢᠬᠦᠯᠡᠭᠴᠢ ᠤᠯᠤᠰ ᠤᠨ ᠲᠤᠰᠢᠶᠠᠯ ᠢ ᠬᠦᠯᠢᠶᠠᠨ ᠠᠪᠬᠤ ᠠᠵᠠ | ᠲᠤᠬᠢᠶᠠᠯ ᠢᠶᠠᠷ᠂ ᠡᠸᠦ᠋ᠷᠤᠫᠠ ᠲᠢᠪ ᠤᠨ ᠤᠯᠤᠰ ᠤᠳ ᠤᠨ ᠬᠤᠯᠪᠤᠭ᠎ᠠ ᠪᠤᠯᠤᠨ ᠳᠤᠮᠳᠠᠳᠤ ᠤᠯᠤᠰ ᠤᠨ ᠨᠡᠩ ᠨᠢᠬᠳᠠ | ᠬᠠᠷᠢᠯᠴᠠᠭ᠎ᠠ ᠶᠢ ᠬᠦᠭᠵᠢᠬᠦᠯᠬᠦ ᠶᠢ ᠠᠬᠢᠭᠤᠯᠤᠨ᠎ᠠ ᠬᠡᠵᠤ ᠢᠯᠡᠳᠬᠡᠪᠡ᠃ | ᠬᠡᠯᠡᠯᠴᠡᠭᠡ ᠶᠢᠨ ᠲᠠᠷᠠᠭ᠎ᠠ᠂ ᠬᠤᠶᠠᠷ ᠤᠯᠤᠰ ᠤᠨ ᠲᠡᠷᠢᠭᠦᠨ ᠪᠠᠰᠠ ᠬᠤᠶᠠᠷ ᠲᠠᠯ᠎ᠠ ᠶᠢᠨ ᠬᠤᠯᠪᠤᠭᠲᠠᠯ ᠪᠦᠬᠦᠢ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃ | ᠭᠠᠷ ᠤᠨ ᠦᠰᠦᠭ ᠵᠢᠷᠤᠬᠤ ᠶᠤᠰᠤᠯᠠᠯ ᠤᠨ ᠲᠠᠷᠠᠭ᠎ᠠ᠂ ᠰᠢ ᠶᠢᠨ ᠫᠢᠩ ᠪᠤᠯᠤᠨ ᠨᠢᠨᠢᠰᠲ᠋ᠦ᠋ᠸᠧ ᠬᠠᠮᠲᠤ ᠪᠠᠷ ︽ | 2019 ᠤᠨ ᠤ ᠲᠤᠮᠲᠠᠲᠤ ᠹᠢᠨᠯᠠᠠᠳ᠋ ᠤᠨ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠤᠨ︾ | ᠤ ᠡᠬᠢᠯᠡᠬᠦ ᠶᠤᠰᠤᠯᠠᠯ ᠳᠤ ᠤᠷᠤᠯᠴᠠᠵᠠᠢ᠃ | |