ᠬᠤᠰᠢᠭᠤ ᠡᠪᠯᠡᠯ ᠤᠨ ᠬᠤᠷᠢᠶ᠎ᠠ ᠠᠮᠢᠳᠣᠷᠠᠯ ᠬᠥᠴᠢᠷᠳᠡᠯᠲᠠᠢ ᠵᠠᠯᠠᠭᠤ ᠪᠠᠭᠠᠴᠣᠳ ᠢ ᠲᠡᠮᠵᠢᠨ ᠲᠣᠰᠠᠯᠠᠬᠤ ᠠᠵᠢᠯ ᠢ ᠢᠳᠡᠪᠬᠢᠲᠠᠢ ᠥᠷᠨᠢᠭᠦᠯᠵᠣ ᠪᠠᠶᠢᠨ᠎ᠠ
ᠨᠡᠶᠢᠲᠡᠯᠡᠭᠰᠡᠨ ᠴᠠᠭ᠄
2019-01-17
     2018 ᠣᠨ ᠳᠤ ᠬᠤᠰᠢᠭᠤ ᠡᠪᠯᠡᠯ ᠤᠨ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠲᠡᠭᠡᠷ᠎ᠡ ᠱᠠᠳᠣᠨ ᠤ ᠡᠪᠯᠡᠯ ᠤᠨ ᠬᠤᠷᠢᠶᠠᠨ ᠤ ᠵᠥᠪ ᠣᠨᠣᠪᠴᠢᠲᠠᠢ ᠣᠳᠣᠷᠢᠳᠣᠯᠭ᠎ᠠ ᠲᠣᠣᠷ᠎ᠡ ᠨᠠᠮ ᠤᠨ ᠠᠷᠪᠡ ᠶᠢᠰᠣᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠢᠨ᠎ᠠ ᠴᠠᠭ ᠥᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠥᠭᠦᠢ ᠨᠡᠶᠢᠬᠡᠮ ᠵᠢᠷᠣᠮ ᠤᠨ ᠥᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠦᠯᠬᠤ ᠲᠠᠶᠢᠯᠠᠯᠳᠤᠭᠠᠨ ᠤ ᠢᠯᠡᠯᠳᠡ ᠶᠢ ᠤᠯᠬᠤ ᠠᠵᠢᠯ ᠤᠨ ᠲᠣᠰᠠᠯᠠᠨ ᠲᠡᠮᠵᠢᠬᠦ ᠠᠵᠢᠯᠯᠠᠭ᠎ᠠ ᠶᠢ ᠢᠳᠡᠪᠬᠢᠲᠠᠢ ᠥᠷᠨᠢᠭᠦᠯᠤᠨ ︽ᠬᠥᠰᠡᠯ ᠵᠡᠭᠦᠳᠣ ᠪᠠᠨ ᠲᠡᠷᠭᠡᠯᠰᠢᠬᠦᠯᠭᠦ︾ ᠰᠡᠲᠤᠪᠲᠤ ᠵᠠᠯᠠᠭᠤ ᠪᠠᠭᠠᠴᠣᠳ ᠤᠨ ᠡᠷᠡᠭᠦᠯ ᠪᠤᠶᠢᠵᠢᠨ ᠴᠢᠳᠠᠪᠣᠷᠢᠲᠠᠨ ᠪᠣᠯᠬᠤ ᠠᠵᠢᠯᠯᠠᠭ᠎ᠠ ᠶᠢ ᠪᠣᠳᠠᠲᠠᠢ ᠨᠠᠶᠢᠲᠠᠪᠣᠷᠢᠵᠢᠭᠤᠯᠵᠣ ᠨᠡᠶᠢᠬᠡᠮ ᠤᠨ ᠡᠯ᠎ᠡ ᠡᠳᠡᠭᠡᠳ ᠤᠨ ᠡᠬᠢ ᠰᠣᠷᠪᠣᠯᠵᠢ ᠶᠢ ᠬᠤᠷᠠᠮᠳᠤᠭᠤᠯᠤᠨ ᠵᠣᠬᠢᠰᠲᠠᠢ ᠲᠣᠬᠢᠷᠠᠭᠤᠯᠵᠦ ᠰᠣᠷᠣᠯᠭ᠎ᠠ ᠲᠡᠳᠬᠦᠬᠦ ᠲᠣᠰᠠᠯᠠᠮᠵᠢ ᠶᠢᠨ ᠣᠯᠠᠨ ᠲᠦᠷᠦᠯ ᠤᠨ ᠠᠵᠢᠯᠯᠠᠭ᠎ᠠ ᠶᠢ ᠪᠥᠬᠦ ᠬᠤᠰᠢᠭᠤᠨ ᠤ ᠬᠡᠪᠴᠢᠶᠠᠨ ᠳᠤ ᠥᠷᠨᠢᠭᠦᠯᠵᠠᠢ᠃      ᠬᠤᠰᠢᠭᠤ ᠡᠪᠯᠡᠯ ᠤᠨ ᠬᠤᠷᠢᠶ᠎ᠠ ᠨᠢ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠣᠨ ᠡᠯ᠎ᠡ ᠰᠣᠮᠣ ᠪᠠᠯᠭᠠᠰᠣ᠂ ᠲᠣᠮᠳᠠᠳᠣ ᠪᠠᠭ᠎ᠠ ᠰᠣᠷᠭᠠᠭᠤᠯᠢ ᠳᠤ ᠬᠥᠷᠴᠣ ᠭᠡᠷ ᠪᠥᠯᠢ ᠶᠢᠨ ᠬᠢᠨᠢ ᠪᠠᠶᠢᠳᠠᠯ ᠢ ᠰᠣᠷᠪᠣᠯᠵᠢᠯᠠᠨ ᠣᠶᠢᠯᠠᠭᠠᠬᠤ ᠪᠠᠷ ᠲᠠᠮᠵᠢᠨ ᠰᠣᠷᠣᠯᠭ᠎ᠠ ᠲᠡᠳᠬᠦᠬᠦ ᠲᠣᠰᠠᠯᠠᠮᠵᠢ ᠶᠢᠨ ᠮᠥᠩᠭᠦ ᠬᠥᠷᠳᠡᠬᠦ ᠬᠢᠷᠢ ᠬᠡᠮ ᠢ ᠨᠢ ᠬᠢᠨᠠᠨ ᠪᠠᠶᠢᠴᠠᠭᠠᠵᠦ 6 ᠰᠣᠮᠣ ᠪᠠᠯᠭᠠᠰᠤ ᠵᠢᠴᠢ 14 ᠲᠣᠮᠳᠠᠳᠣ ᠪᠠᠭ᠎ᠠ ᠰᠣᠷᠭᠠᠭᠤᠯᠢ ᠶᠢᠨ 140 ᠭᠠᠷᠤᠢ ᠨᠡᠷ᠎ᠡ ᠰᠣᠷᠣᠯᠭ᠎ᠠ ᠳᠠᠭᠠᠨ ᠲᠠᠪᠰᠢᠯᠲᠠ ᠲᠠᠢ ᠠᠮᠢᠳᠤᠷᠠᠯ ᠬᠦᠴᠢᠷᠳᠡᠯᠲᠡᠢ ᠵᠠᠯᠠᠭᠤ ᠪᠠᠭᠠᠴᠣᠳ ᠢ ᠲᠣᠰᠠᠯᠠᠨ ᠲᠡᠮᠵᠢᠵᠣ ᠨᠠᠶᠢᠲᠠ 57000 ᠲᠥᠭᠦᠷᠢᠭ ᠤᠨ ᠲᠣᠰᠠᠯᠠᠮᠵᠢ ᠶᠢᠨ ᠮᠥᠩᠭᠦ ᠵᠢᠴᠢ ︽ᠬᠥᠰᠡᠯ ᠲᠡᠷᠭᠡᠯᠰᠢᠭᠦᠯᠬᠦ ᠪᠡᠯᠡᠭ︾ ᠢ ᠲᠡᠳᠡᠨ ᠳᠤ ᠭᠠᠷᠳᠠᠭᠤᠯᠣᠭᠰᠡᠨ ᠪᠠᠶᠢᠨ᠎ᠠ᠃      ᠬᠤᠰᠢᠭᠤ ᠡᠪᠯᠡᠯ ᠤᠨ ᠬᠤᠷᠢᠶ᠎ᠠ ᠨᠢ ᠲᠣᠰᠠᠯᠠᠮᠵᠢ ᠬᠥᠷᠳᠡᠭᠰᠡᠨ ᠵᠠᠯᠠᠭᠤ ᠪᠠᠭᠠᠴᠣᠳ ᠲᠤ ᠠᠵᠤ ᠠᠬᠤᠢ ᠶᠢᠨ ᠲᠣᠰᠠᠯᠠᠮᠵᠢ ᠶᠢ ᠦᠵᠡᠭᠦᠯᠬᠦ ᠠᠴᠠ ᠭᠠᠳᠠᠨ᠎ᠠ ᠨᠡᠩ ᠴᠢᠬᠤᠯᠠ ᠨᠢ ᠲᠡᠳᠡᠭᠡᠷ ᠲᠤ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢ ᠢ ᠭᠥᠷᠲᠡᠭᠡᠵᠣ ᠡᠷᠡᠭᠦᠯ ᠰᠠᠶᠢᠬᠠᠨ ᠢᠶᠠᠷ ᠥᠰᠣᠨ ᠪᠤᠶᠢᠵᠢᠨ ᠰᠣᠷᠬᠤ ᠨᠠᠰᠣᠨ ᠤ ᠬᠥᠰᠡᠯ ᠵᠡᠭᠦᠳᠣ ᠪᠠᠨ ᠲᠡᠷᠭᠡᠯᠰᠢᠬᠦᠯᠬᠦ ᠳᠤ ᠪᠣᠳᠠᠰ ᠤᠨ ᠪᠠ ᠣᠶᠣᠨ ᠰᠠᠨᠠᠭᠠᠨ ᠤ ᠲᠡᠮᠵᠢᠯᠭᠡ ᠶᠢ ᠬᠠᠩᠭᠠᠭᠰᠡᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号