ᠤᠶᠢᠷ᠎ᠠ ᠶᠢᠨ ᠡᠳᠤᠷ᠂ ᠮᠠᠨ ᠤ ᠬᠤᠰᠢᠭᠤ ᠠᠷᠢᠭᠤᠨ ᠴᠢᠭᠡᠴᠢ ᠺᠠᠳ᠋ᠷ ᠢ ᠬᠢᠨᠠᠨ ᠰᠢᠯᠭᠠᠷᠠᠭᠤᠯᠬᠤ ᠠᠵᠢᠯᠯᠠᠭ᠎ᠠ | ᠦᠷᠨᠢᠭᠦᠯᠵᠤ ᠲᠡᠰ ᠲᠡᠰ ᠤᠨ ᠬᠢᠨᠠᠨ ᠰᠢᠯᠭᠠᠷᠠᠭᠤᠯᠤᠯᠳᠠ ᠪᠠᠷ ᠲᠠᠮᠵᠢᠨ ᠠᠩᠬᠠᠳᠤᠭᠠᠷ ᠪᠦᠯᠦᠭ ᠠᠷᠢᠭᠤᠨ ᠴᠢᠭᠡᠴᠢ | ᠺᠠᠳ᠋ᠷᠴᠤᠳ ᠰᠢᠯᠭᠠᠷᠠᠨ ᠭᠠᠷᠤᠭᠰᠠᠨ ᠪᠠᠶᠢᠨ᠎ᠠ᠃ | ᠤᠶᠢᠯᠠᠭᠠᠭᠰᠠᠨ ᠢᠶᠠᠷ ᠲᠤᠰ ᠤᠳᠠᠭᠠᠨ ᠤ ᠬᠢᠨᠠᠨ ᠰᠢᠯᠭᠠᠬᠤ ᠠᠵᠢᠯᠯᠠᠭ᠎ᠠ ᠳᠤ ᠬᠤᠰᠢᠭᠤ ᠨᠠᠮ ᠤᠨ | ᠬᠤᠷᠢᠶ᠎ᠠ ᠶᠢᠨ ᠱᠦᠵᠢ ᠪᠠᠷ ᠲᠤᠭᠤᠶᠢᠯᠠᠩ ᠤᠨ ᠲᠠᠷᠤᠭ᠎ᠠ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠪᠠᠷ | ᠠᠯᠪᠠᠨ ᠭᠡᠷ ᠤᠨ ᠡᠷᠬᠢᠯᠡᠭᠴᠢ ᠪᠠᠨ ᠪᠤᠯᠭᠠᠭᠰᠠᠨ ᠤᠳᠤᠷᠢᠳᠬᠤ ᠲᠤᠭᠤᠶᠢᠯᠠᠩ ᠢ ᠪᠠᠶᠢᠭᠤᠯᠤᠨ᠂ ᠲᠠᠶᠢᠴᠢᠯᠠᠯᠳᠠ ᠶᠢᠨ | ᠬᠤᠷᠠᠯ ᠬᠤᠷᠠᠯᠳᠤᠭᠤᠯᠵᠤ᠂ ᠲᠤᠰᠬᠠᠢ ᠠᠵᠢᠯ ᠤᠨ ᠲᠤᠭᠤᠶᠢᠯᠠᠩ ᠪᠠᠶᠢᠭᠤᠯᠤᠨ ᠠᠵᠢᠯ ᠢᠶᠠᠨ ᠬᠤᠪᠢᠶᠠᠷᠢᠯᠠᠵᠤ᠂ | ᠰᠢᠯᠭᠠᠷᠠᠭᠤᠯᠤᠯᠳᠠ ᠳᠤ ᠬᠤᠪᠢ ᠬᠦᠮᠦᠨ ᠠᠴᠠ ᠭᠤᠶᠤᠴᠢᠯᠠᠨ ᠮᠡᠳᠡᠭᠦᠯᠬᠦ ᠪᠠᠶᠢᠭᠤᠯᠭ᠎ᠠ ᠨᠢᠭᠡᠴᠢ ᠠᠴᠠ ᠠᠩᠬᠠᠳᠤᠭᠠᠷ | ᠬᠢᠨᠠᠯᠳᠠ ᠬᠢᠬᠦ᠂ ᠠᠷᠢᠭᠤᠨ ᠴᠢᠭᠡᠴᠢ ᠺᠠᠳ᠋ᠷ ᠢ ᠬᠢᠨᠠᠨ ᠰᠢᠯᠭᠠᠬᠤ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ | ᠲᠠᠬᠢᠨ ᠬᠢᠨᠠᠬᠤ᠂ ᠤᠳᠤᠷᠢᠳᠬᠤ ᠲᠤᠭᠤᠶᠢᠯᠠᠩ ᠡᠴᠤᠰ ᠤᠨ ᠬᠢᠨᠠᠯᠳᠠ ᠬᠢᠭᠰᠡᠨ ᠤ ᠲᠠᠷᠠᠭ᠎ᠠ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ᠂ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ | ᠲᠤᠳᠤᠭᠠᠳᠤ ᠶᠢ ᠬᠠᠮᠠᠭᠠᠯᠠᠬᠤ᠂ ᠬᠢᠨᠠᠨ ᠪᠤᠳᠤᠯᠳᠠ ᠵᠡᠷᠭᠡ ᠪᠠᠶᠢᠭᠤᠯᠭ᠎ᠠ ᠨᠢᠭᠡᠴᠢ ᠶᠢᠨ ᠰᠠᠨᠠᠯ ᠢ ᠬᠤᠷᠢᠶᠠᠨ | ᠵᠠᠭᠤᠴᠢᠯᠠᠭᠤᠷ ᠢᠶᠠᠷ ᠤᠯᠠᠨ ᠲᠠᠶᠠᠭᠠᠷ ᠲᠤ ᠨᠡᠶᠢᠳᠡᠯᠡᠬᠦ ᠵᠡᠷᠭᠡ ᠤᠯᠠᠨ ᠲᠠᠯ᠎ᠠ ᠶᠢᠨ ᠬᠢᠨᠠᠨ ᠰᠢᠯᠭᠠᠯᠳᠠ ᠶᠢ ᠲᠠᠮᠵᠢᠮᠠᠨᠵᠢᠨ | ᠰᠠᠶ᠋ᠢ ᠠᠷᠢᠭᠤᠨ ᠴᠢᠭᠡᠴᠢ ᠺᠠᠳ᠋ᠷ ᠤᠨ ᠡᠩᠨᠡᠭᠡᠨ ᠳᠤ ᠤᠷᠤᠳᠠᠭ ᠪᠠᠶᠢᠨ᠎ᠠ᠃ ᠲᠤᠰ ᠤᠳᠠᠭᠠᠨ ᠤ ᠬᠢᠨᠠᠨ | ᠰᠢᠯᠭᠠᠷᠠᠭᠤᠯᠤᠯᠳᠠ ᠳᠤ ᠪᠦᠬᠦ ᠬᠤᠰᠢᠭᠤᠨ ᠤ 87 ᠪᠠᠶᠢᠭᠤᠯᠭ᠎ᠠ ᠨᠢᠭᠡᠴᠢ ᠶᠢᠨ 5935 ᠬᠦᠮᠦᠨ ᠤᠷᠤᠯᠴᠠᠵᠤ᠂ | ᠲᠠᠪᠬᠤᠷ ᠲᠠᠪᠬᠤᠷ ᠬᠢᠨᠠᠨ ᠰᠢᠯᠭᠠᠷᠠᠭᠤᠯᠤᠯᠳᠠ ᠪᠠᠷ ᠲᠠᠮᠵᠢᠨ 311 ᠺᠠᠳ᠋ᠷ ︽ᠠᠷᠢᠭᠤᠨ ᠴᠢᠭᠡᠴᠢ ᠺᠠᠳ᠋ᠷ︾ ᠤᠨ | ᠡᠩᠨᠡᠭᠡᠨ ᠳᠤ ᠲᠤᠳᠤᠷᠠᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ ᠺᠠᠳ᠋ᠷ ᠠᠵᠢᠯᠳᠠᠳ ᠢ ︽ᠠᠷᠢᠭᠤᠨ ᠴᠢᠭᠡᠴᠢ ᠺᠠᠳ᠋ᠷ︾ ᠤᠨ | ᠪᠠᠷᠢᠮᠵᠢᠶ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠨ ᠠᠷᠢᠭᠤᠨ ᠴᠢᠭᠡᠴᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠵᠤ᠂ | ᠴᠠᠭ ᠢᠮᠠᠭᠳᠠ ᠬᠠᠤᠯᠢ ᠴᠠᠭᠠᠵᠨ ᠰᠠᠬᠢᠯᠭ᠎ᠠ ᠵᠢᠷᠤᠮ ᠲᠦᠷᠢᠮ ᠲᠤᠭᠳᠠᠭᠠᠯ ᠶᠤᠰᠤ ᠰᠤᠷᠳᠠᠬᠤᠨ ᠤ ᠪᠠᠷᠢᠮᠵᠢᠶ᠎ᠠ ᠪᠠᠷ | ᠪᠠᠶ᠎ᠡ ᠪᠠᠨ ᠲᠤᠯᠢᠳᠠᠨ ᠬᠦᠮᠦᠨ ᠪᠦᠬᠦᠨ ᠠᠷᠢᠭᠤᠨ ᠴᠢᠭᠡᠴᠢ ᠺᠠᠳ᠋ᠷ ᠪᠤᠯᠬᠤ ᠪᠠᠷ ᠮᠠᠷᠠᠶᠢᠵᠤ ᠬᠦᠮᠦᠨ ᠪᠦᠬᠦᠨ ᠠᠮᠵᠢᠯᠳᠠ | ᠪᠦᠳᠦᠮᠵᠢ ᠭᠠᠷᠭᠠᠬᠤ ᠪᠠᠷ ᠲᠡᠮᠡᠴᠡᠬᠦ ᠰᠠᠶᠢᠨ ᠰᠠᠶᠢᠬᠠᠨ ᠨᠦᠯᠦᠭᠡ ᠲᠣᠰᠬᠠᠯ ᠢ ᠠᠪᠴᠢᠷᠠᠵᠤ ᠦᠭᠬᠦ ᠨᠢ ᠯᠠᠪᠳᠠᠢ ᠶᠤᠮ᠃ | |