| | | | | 1 ᠰᠠᠷ᠎ᠠ ᠶᠢᠨ 14 ᠤ ᠡᠳᠦᠷ᠂ ᠪᠥᠭᠦ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠠᠯᠳᠠ ᠶᠢᠨ ᠠᠵᠢᠯ ᠢ | ᠠᠬᠢᠭᠤᠯᠬᠤ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠡᠷᠢ ᠪᠠᠷ ᠬᠤᠷᠠᠯ ᠳᠤ ᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ | ᠶᠢ ᠭᠥᠨᠵᠡᠭᠡᠶᠢᠷᠠᠭᠦᠯᠭᠦ ᠪᠤᠯ ᠰᠢ ᠶᠢᠨ ᠫᠢᠩ ᠨᠥᠭᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ᠂ ᠨᠠᠮ | ᠪᠤᠯᠤᠨ ᠤᠯᠤᠰ ᠤᠨ ᠠᠵᠢᠯ ᠥᠢᠯᠡᠰ ᠤᠨ ᠭᠥᠭᠵᠢᠯᠳᠠ ᠶᠢᠨ ᠪᠥᠭᠦ ᠲᠠᠯ᠎ᠠ ᠶᠢᠨ ᠥᠨᠳᠤᠷᠴᠠ ᠠᠴᠠ ᠲᠤᠷᠠᠳᠤᠭᠰᠠᠨ | ᠴᠢᠬᠤᠯᠠ ᠶᠡᠭᠡ ᠤᠯᠤᠰ ᠲᠥᠷᠥ ᠶᠢᠨ ᠰᠶᠢᠳᠪᠤᠷᠢᠳᠤ ᠪᠤᠳᠤᠯᠭ᠎ᠠ ᠪᠤᠯᠤᠨ᠎ᠠ᠃ ᠡᠯ᠎ᠠ ᠬᠤᠰᠢᠭᠤ ᠲᠤᠭᠤᠷᠢᠭ ᠡᠯ᠎ᠠ | ᠰᠠᠯᠠᠭ᠎ᠠ ᠮᠥᠴᠢᠷ ᠬᠤᠳᠠ ᠶᠢᠨ ᠨᠠᠮ ᠤᠨ ᠬᠤᠷᠢᠶᠠᠨ ᠤ ᠲᠥᠷᠪᠡᠳᠤᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ | ᠬᠤᠷᠠᠯ ᠤᠨ ᠵᠤᠷᠢᠭ ᠰᠠᠨᠠᠭ᠎ᠠ ᠶᠢ ᠨᠠᠷᠢᠨ ᠭᠢᠨᠠᠮᠠᠭᠠᠢ ᠰᠤᠷᠤᠯᠴᠠᠨ ᠲᠤᠭᠤᠰᠢᠯᠠᠭᠤᠯᠵᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠠᠭᠢᠭᠤᠯᠬᠤ ᠬᠠᠷᠢᠭᠤᠴᠠᠯᠭᠠᠲᠤ ᠰᠠᠳᠭᠢᠯᠭᠡ ᠪᠠ ᠡᠭᠦᠷᠭᠡ ᠲᠤᠰᠢᠶᠠᠯᠳᠤ ᠰᠠᠳᠭᠢᠯᠭᠡ ᠪᠠᠨ ᠥᠨᠠᠠᠭᠦ | ᠨᠡᠮᠡᠭᠳᠡᠭᠦᠯᠤᠨ ᠪᠥᠭᠦ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠥᠪ ᠴᠢᠭᠯᠡᠯ ᠢᠶᠠᠷ ᠲᠦᠯᠬᠢᠨ | ᠠᠬᠢᠭᠤᠯᠬᠤ ᠶᠢ ᠪᠠᠳᠤᠯᠠᠬᠤ ᠬᠡᠷᠡᠭᠲᠡᠢ᠃ ᠤᠷᠤᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠥᠨᠵᠡᠭᠡᠶᠢᠷᠠᠭᠦᠯᠭᠦ ᠲᠥᠷᠥ ᠶᠢᠨ ᠪᠤᠳᠤᠯᠭ᠎ᠠ ᠱᠠᠭᠠᠷᠳᠠᠯᠭ᠎ᠠ ᠶᠢ ᠤᠨᠤᠪᠴᠢᠳᠠᠢ ᠡᠵᠡᠮᠳᠠᠨ ᠡᠷᠭᠢᠯᠳᠠ ᠨᠢ ᠤᠷᠤᠭᠰᠢᠳᠠᠢ | ᠮᠦᠷᠳᠡᠭᠡᠨ ᠵᠠᠷᠯᠢᠭ ᠴᠠᠭᠠᠵᠠ ᠶᠢ ᠬᠡᠷᠡᠭᠵᠢᠬᠦᠯᠦᠭᠰᠡᠨ ᠠᠵᠢᠯ ᠤᠨ ᠲᠤᠭᠳᠠᠯᠴᠠᠭ᠎ᠠ ᠶᠢ ᠪᠥᠷᠢᠯᠳᠤᠭᠦᠯᠭᠦ ᠭᠡᠷᠡᠭᠳᠠᠢ᠃ | ᠨᠠᠮ ᠤᠨ ᠪᠥᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠡᠯ᠎ᠠ ᠴᠠᠷᠠᠭᠠᠨ ᠤ ᠪᠠᠶᠢᠭᠤᠯᠤᠮᠵᠢ ᠶᠢᠨ ᠥᠭᠡᠷᠡᠴᠢᠯᠠᠯᠳᠠ | ᠶᠢ ᠨᠢᠭᠡᠳᠤᠯᠳᠠᠢ ᠲᠥᠯᠥᠪᠵᠢᠭᠦᠯᠤᠨ ᠠᠭᠢᠭᠤᠯᠵᠤ ᠤᠯᠠᠨ ᠲᠥᠮᠡᠨ ᠳᠤ ᠥᠢᠯᠡᠴᠢᠯᠠᠭᠦ ᠥᠨᠳᠤᠰᠤᠨ ᠱᠠᠳᠤᠨ ᠤ | ᠤᠨᠴᠠᠯᠢᠭ ᠲᠤ ᠲᠤᠭᠢᠷᠠᠭᠰᠠᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠥᠷᠢᠯᠳᠤᠭᠦᠯᠭᠦ ᠭᠡᠷᠡᠭᠳᠠᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠤᠳᠤᠷᠢᠳᠤᠯᠭ᠎ᠠ ᠯᠢ ᠰᠢᠤ | ᠹᠧᠩ᠂ ᠸᠠᠩ ᠵᠢᠷᠭᠠᠯ᠂ ᠡᠾᠧ ᠤᠯᠠᠭᠠᠨ᠂ ᠪᠠᠶᠠᠠᠴᠠᠩᠭᠡᠯ᠂ ᠪᠠᠶᠠᠠᠴᠢᠮᠡᠭ᠂ ᠯᠢ ᠵᠢᠷᠤᠮᠳᠤ᠂ ᠸᠠᠩ ᠭᠠᠩ᠂ | ᠤᠶᠤᠨᠪᠢᠯᠢᠭ᠌ ᠪᠤᠯᠤᠨ ᠡᠯ᠎ᠠ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ᠂ ᠬᠤᠰᠢᠭᠤ | ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ | ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ | ᠸᠢᠳᠢᠣ᠋ ᠬᠤᠷᠠᠯ ᠤᠨ ᠲᠠᠷᠠᠭ᠎ᠠ ᠡᠷᠳᠡᠨᠢᠪᠢᠯᠢᠭ ᠠᠵᠢᠯ ᠤᠨ ᠲᠤᠭᠢᠷᠠᠭᠤᠯᠤᠯᠳᠠ ᠶᠢᠨ ᠬᠤᠷᠠᠯ ᠢ ᠡᠷᠭᠢᠯᠠᠨ | ᠬᠤᠷᠠᠯᠳᠤᠭᠤᠯᠵᠤ ᠪᠠᠶᠢᠭᠤᠯᠤᠮᠵᠢ ᠶᠢᠨ ᠥᠭᠡᠷᠡᠴᠢᠯᠠᠯᠳᠠ᠂ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ᠂ | ᠪᠤᠯᠭᠤᠭᠠᠨ ᠲᠤᠬᠤᠨᠢᠭᠤᠯᠬᠤ ᠠᠵᠢᠯ᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠭᠥᠳᠡᠭᠡ ᠲᠤᠰᠬᠤᠨ ᠢ | ᠭᠥᠭᠵᠢᠭᠦᠯᠤᠨ ᠮᠠᠨᠳᠤᠭᠤᠯᠬᠤ᠂ ᠰᠤᠷᠳᠠᠯ ᠤᠨ ᠪᠠᠶᠢᠭᠤᠯᠤᠯᠳᠠ ᠵᠡᠷᠭᠡ ᠲᠠᠯ᠎ᠠ ᠶᠢᠨ ᠠᠵᠢᠯ ᠳᠤ ᠲᠤᠭᠢᠷᠠᠭᠤᠯᠤᠯᠳᠠ | ᠭᠢᠪᠠ᠃ | | | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠬᠤᠷᠠᠯ ᠤᠨ ᠵᠤᠷᠢᠭ ᠰᠠᠨᠠᠭ᠎ᠠ ᠶᠢ ᠭᠢᠨᠠᠮᠠᠭᠠᠢ ᠲᠤᠭᠤᠰᠢᠯᠠᠭᠤᠯᠵᠦ | ᠥᠵᠠᠯ ᠰᠠᠨᠠᠭᠠᠨ ᠤ ᠠᠵᠢᠯ ᠢ ᠰᠠᠶᠢᠨ ᠭᠢᠵᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠥᠪ ᠴᠢᠭᠯᠡᠯ ᠢ ᠡᠵᠡᠮᠳᠠᠨ | ᠨᠠᠮ ᠤᠨ ᠲᠥᠪ ᠬᠤᠷᠢᠶᠠᠨ ᠤ ᠡᠯ᠎ᠠ ᠲᠥᠷᠤᠯ ᠤᠨ ᠰᠶᠢᠳᠪᠤᠷᠢᠳᠤ ᠪᠤᠳᠤᠯᠭ᠎ᠠ ᠶᠢ ᠬᠦᠷᠢᠶᠡᠯᠡᠵᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠭᠢᠭᠤᠯᠬᠤ ᠭᠡᠷᠡᠭᠳᠠᠢ᠃ ᠪᠠᠶᠢᠭᠤᠯᠤᠮᠵᠢ | ᠶᠢᠨ ᠥᠭᠡᠷᠡᠴᠢᠯᠡᠯᠲᠡ ᠲᠤᠮᠳᠠ ᠠᠶᠤᠯᠭᠦᠢ ᠥᠢᠯᠡᠳᠪᠤᠷᠢᠯᠠᠯ᠂ ᠤᠷᠴᠢᠨ ᠲᠤᠭᠤᠷᠢᠨ ᠤ ᠬᠠᠮᠠᠭᠠᠯᠠᠯᠲᠠ᠂ ᠲᠤᠭᠳᠠᠭᠤᠨ | ᠢ ᠬᠠᠮᠠᠭᠠᠯᠠᠬᠤ ᠵᠡᠷᠭᠡ ᠬᠤᠯᠪᠤᠭᠳᠠᠯ ᠪᠥᠭᠦᠢ ᠠᠵᠢᠯ ᠢ ᠰᠠᠶᠢᠨ ᠭᠢᠬᠦ ᠭᠡᠷᠡᠭᠳᠠᠢ᠃ ᠺᠠᠳ᠋ᠷ ᠠᠵᠢᠯᠳᠠᠳ ᠪᠠᠶᠢᠭᠤᠯᠤᠮᠵᠢ | ᠶᠢᠨ ᠥᠭᠡᠷᠡᠴᠢᠯᠠᠯᠳᠠ ᠶᠢᠨ ᠲᠤᠬᠠᠢ ᠲᠠᠨᠢᠯᠳᠠ ᠪᠠᠨ ᠲᠡᠭᠡᠭᠰᠢᠯᠠᠭᠦᠯᠵᠤ ᠬᠤᠰᠢᠭᠤ ᠵᠠᠮ ᠬᠠᠷᠢᠯᠴᠠᠭᠠᠨ ᠤ ᠲᠤᠪᠴᠢᠶ᠎ᠠ᠂ | ᠤᠰᠤᠨ ᠠᠰᠢᠭᠯᠠᠯᠳᠠ ᠶᠢᠨ ᠲᠤᠪᠴᠢᠶ᠎ᠠ᠂ ᠮᠠᠯ ᠲᠠᠷᠢᠶᠠᠯᠠᠩ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠢᠳᠡᠪᠭᠢᠳᠠᠢ | ᠬᠠᠮᠵᠢᠯᠴᠠᠨ ᠲᠥᠷᠤᠯ ᠵᠥᠢᠯ ᠤᠨ ᠪᠥᠳᠥᠭᠡᠨ ᠪᠠᠶᠢᠭᠤᠯᠤᠯᠳᠠ ᠶᠢ ᠪᠤᠳᠠᠳᠠᠢ ᠠᠳᠬᠤᠬᠤ ᠭᠡᠷᠡᠭᠳᠠᠢ᠃ ᠡᠯ᠎ᠠ | ᠬᠤᠯᠪᠤᠭᠳᠠᠯ ᠪᠥᠭᠦᠢ ᠰᠠᠯᠠᠭ᠎ᠠ ᠮᠥᠴᠢᠷ ᠬᠤᠯᠪᠤᠭᠳᠠᠯ ᠪᠥᠭᠦᠢ ᠰᠶᠢᠳᠪᠤᠷᠢᠳᠤ ᠪᠠᠶᠢᠷᠢᠯᠠᠭᠤᠯᠤᠯᠳᠠ ᠶᠤᠰᠤᠭᠠᠷ | ᠤᠳᠤᠷᠢᠳᠤᠯᠭ᠎ᠠ ᠶᠢᠨ ᠲᠤᠭᠳᠠᠯᠴᠠᠭ᠎ᠠ ᠶᠢ ᠲᠠᠭᠦᠯᠳᠡᠷᠵᠢᠭᠦᠯᠤᠨ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ | ᠮᠠᠨ ᠤ ᠬᠤᠰᠢᠭᠤᠨ ᠤ ᠪᠠᠨ ᠪᠤᠳᠠᠳᠠᠢ ᠪᠠᠶᠢᠳᠠᠯ᠂ ᠠᠷᠠᠳ ᠢᠷᠭᠡᠳ ᠤᠨ ᠭᠡᠷᠡᠭᠴᠡᠭᠡ ᠱᠠᠭᠠᠷᠳᠠᠯᠭ᠎ᠠ ᠶᠢ ᠥᠨᠳᠤᠰᠤᠯᠠᠨ | ᠲᠠᠪᠤᠨ ᠶᠡᠭᠡ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠵᠤ ᠭᠥᠳᠡᠭᠡ ᠲᠤᠰᠬᠤᠨ ᠢ ᠭᠥᠭᠵᠢᠭᠦᠯᠤᠨ | ᠮᠠᠨᠳᠤᠭᠤᠯᠬᠤ ᠰᠢᠨ᠎ᠠ ᠲᠥᠷᠢ ᠪᠠᠶᠢᠳᠠᠯ ᠢ ᠡᠭᠦᠳᠭᠦ ᠭᠡᠷᠡᠭᠳᠠᠢ᠃ ᠥᠷᠭᠡᠨ ᠤᠯᠠᠨ ᠺᠠᠳ᠋ᠷ ᠠᠵᠢᠯᠳᠠᠳ ᠤᠯᠤᠰ ᠲᠥᠷᠥ | ᠶᠢᠨ ᠵᠤᠭᠰᠤᠴᠠ ᠪᠠᠨ ᠲᠡᠭᠡᠭᠰᠢᠯᠡᠭᠦᠯᠤᠨ ᠥᠨᠳᠤᠰᠤᠨ ᠱᠠᠳᠤᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠳᠠ ᠶᠢᠨ | ᠠᠵᠢᠯ ᠢ ᠰᠠᠶᠢᠨ ᠭᠢᠵᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠳᠠᠢ ᠪᠠᠶᠠᠯᠠᠭᠦᠯᠤᠨ ᠨᠠᠢᠮᠠᠨ | ᠲᠥᠷᠥᠯ ᠤᠨ ᠲᠤᠭᠳᠠᠭᠠᠯ ᠢ ᠨᠠᠷᠢᠨ ᠬᠢᠨᠠᠮᠠᠭᠠᠢ ᠰᠤᠷᠤᠯᠴᠠᠵᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ | ᠶᠢ ᠴᠢᠩᠭᠠᠳᠬᠠᠨ ᠠᠵᠢᠯ ᠤᠨ ᠰᠤᠷᠳᠠᠯ ᠢᠶᠠᠨ ᠬᠤᠪᠢᠷᠠᠭᠤᠯᠵᠤ ᠠᠷᠢᠭᠤᠨ ᠴᠢᠭᠡᠴᠢ ᠪᠠᠷ ᠥᠪᠠᠷ ᠢ ᠪᠠᠨ ᠱᠠᠭᠠᠷᠳᠠᠬᠤ | ᠭᠡᠷᠡᠭᠳᠠᠢ᠃ ᠪᠤᠯᠭᠤᠭᠠᠨ ᠲᠤᠬᠤᠨᠢᠭᠤᠯᠬᠤ ᠠᠵᠢᠯ ᠢ ᠰᠠᠶᠢᠨ ᠭᠢᠵᠤ ᠨᠠᠮ ᠤᠨ ᠲᠥᠷᠥ ᠶᠢᠨ ᠪᠤᠳᠤᠯᠭ᠎ᠠ ᠶᠢ | ᠤᠬᠠᠭᠤᠯᠤᠨ ᠤᠯᠠᠨ ᠲᠥᠮᠡᠨ ᠤ ᠭᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠦ ᠪᠡᠯᠡ ᠮᠥᠩᠭᠦ ᠶᠢ ᠨᠢᠭᠡᠳᠤᠭᠦᠯᠤᠨ | ᠨᠠᠶᠢᠭᠡᠮ ᠤᠨ ᠡᠶ᠎ᠡ ᠵᠤᠭᠢᠴᠠᠯ ᠲᠤᠭᠳᠠᠭᠤᠨ ᠢ ᠬᠠᠮᠠᠭᠠᠯᠠᠵᠦ ᠠᠷᠠᠳ ᠢᠷᠭᠡᠳ ᠲᠤ ᠨᠠᠮ ᠵᠠᠰᠠᠭ ᠤᠨ ᠬᠠᠯᠭᠠᠤᠨ | ᠲᠤᠯᠠᠭᠠᠨ ᠢ ᠭᠥᠷᠳᠡᠭᠡᠭᠦ ᠭᠡᠷᠡᠭᠳᠠᠢ ᠭᠡᠵᠡᠢ᠃ | | |