1 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠷᠤᠯᠠᠬᠴᠢ | ᠬᠤᠰᠢᠭᠤ ᠲᠠᠷᠤᠭ᠎ᠠ ᠵᠤᠤ ᠹᠸᠢ ᠯᠤ᠋ ᠬᠤᠰᠢᠭᠤ ᠠᠷᠠᠳ ᠤᠨ ᠵᠠᠰᠠᠭ ᠤᠨ ᠤᠷᠳᠤᠨ ᠤ 2019 ᠤᠨ ᠤ 1 ᠳ᠋ᠤᠭᠡᠷ | ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤ ᠤᠳᠤᠷᠢᠳᠤᠯᠭ᠎ᠠ | ᠴᠢᠶᠤᠤ ᠠᠢ ᠫᠢᠩ᠂ ᠭᠤᠤ ᠬᠤ᠋᠂ ᠵᠸᠥ ᠱᠤᠸᠠᠢ᠂ ᠪᠠᠶᠠᠨᠴᠠᠩᠬᠡᠯ᠂ ᠪᠠᠶᠠᠨᠴᠢᠮᠡᠭ ᠵᠢᠴᠢ ᠬᠤᠰᠢᠭᠤ ᠵᠠᠰᠠᠭ ᠤᠨ | ᠤᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠦᠬᠡᠷᠡᠴᠢᠯᠡᠯᠳᠡ ᠨᠡᠭᠡᠭᠡᠯᠳᠡ ᠶᠢᠨ ᠲᠤᠪᠴᠢᠶ᠎ᠠ᠂ | ᠲᠤᠭ᠎ᠠ ᠪᠦᠷᠢᠳᠭᠡᠯ ᠤᠨ ᠲᠤᠪᠴᠢᠶ᠎ᠠ ᠵᠡᠷᠭᠡ ᠬᠤᠯᠪᠤᠬᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ | ᠬᠤᠷᠠᠯ ᠳᠤ ᠤᠷᠤᠯᠴᠠᠪᠠ᠃ | | | | | | ᠬᠤᠷᠠᠯ ᠲᠡᠭᠡᠷ᠎ᠡ 2019 ᠤᠨ ᠤ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ᠂ ᠬᠤᠳᠠ ᠶᠢᠨ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠤᠶᠢᠯ ᠢ ᠵᠠᠰᠠᠭ ᠤᠨ ᠤᠷᠳᠤᠨ ᠤ ᠵᠢᠭᠡᠯᠡᠯᠭᠡ ᠳᠤ | ᠤᠷᠤᠭᠤᠯᠬᠤ ᠤᠴᠢᠷ ᠶᠠᠪᠤᠳᠠᠯ ᠢ ᠵᠦᠪᠳᠡᠯᠴᠡᠪᠡ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠬᠤᠰᠢᠭᠤ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠪᠠ | ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠡ ᠵᠡᠷᠭᠡ ᠬᠤᠯᠪᠤᠬᠳᠠᠯ ᠪᠦᠭᠦᠢ ᠰᠠᠯᠠᠭ᠎ᠠ ᠮᠦᠴᠢᠷ ᠨᠢ ᠤᠯᠤᠰ | ᠲᠦᠷᠦ ᠶᠢᠨ ᠵᠤᠬᠰᠤᠴᠠ ᠪᠠᠨ ᠦᠨᠡᠨᠭᠦ ᠲᠡᠭᠡᠭᠰᠢᠯᠡᠭᠦᠯᠤᠨ᠂ ᠦᠵᠡᠯ ᠰᠠᠨᠠᠭᠠᠨ ᠤ ᠲᠠᠨᠢᠯᠳᠡ ᠪᠠᠨ ᠭᠦᠨᠵᠡᠭᠡᠶᠢᠷᠡᠭᠦᠯᠵᠤ᠂ | ᠲᠦᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠲᠤᠷᠠᠳᠤᠬᠰᠠᠨ ︽ᠤᠷᠤᠨ ᠨᠤᠲᠤᠭ ᠤᠨ ᠵᠠᠰᠠᠭ | ᠤᠨ ᠤᠷᠳᠤᠨ ᠤ ᠲᠤᠰᠬᠠᠢ ᠲᠦᠷᠦᠯ ᠤᠨ ᠵᠢᠬᠡᠯᠡᠯᠭᠡ ᠶᠢᠨ ᠭᠡᠪᠴᠢᠶᠠᠵᠢᠯ ᠢ ᠨᠡᠯᠢᠶᠡᠳ ᠶᠡᠭᠡ ᠬᠡᠮᠵᠢᠶ᠎ᠡ ᠪᠠᠷ | ᠥᠷᠭᠡᠳᠭᠡᠬᠦ︾ ᠠᠰᠢᠭ ᠲᠠᠢ ᠲᠤᠬᠢᠶᠠᠯ ᠢ ᠦᠨᠡᠨᠭᠦ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢᠨ | ᠲᠤᠬᠳᠠᠭᠠᠯ ᠳᠤ ᠨᠠᠶᠢᠴᠡᠭᠰᠡᠨ ᠡᠯ᠎ᠠ ᠲᠦᠷᠦᠯ ᠵᠤᠶᠢᠯ ᠢ ᠬᠢᠨᠠᠮᠠᠭᠠᠢ ᠴᠡᠭᠴᠡᠯᠡᠵᠤ᠂ ᠲᠦᠷᠦᠯ ᠵᠤᠶᠢᠯ ᠤᠨ ᠡᠮᠤᠨᠡᠬᠢ | ᠬᠤᠭᠤᠴᠠᠭᠠᠨ ᠤ ᠭᠠᠷ ᠭᠦᠢᠴᠡᠳᠭᠡᠯ ᠢ ᠱᠠᠯᠠᠪᠳᠠᠨ ᠭᠦᠢᠴᠡᠳᠭᠡᠵᠤ᠂ ᠤᠷᠤᠨ ᠨᠤᠲᠤᠭ ᠤᠨ ᠵᠠᠰᠠᠭ ᠤᠨ ᠤᠷᠳᠤᠨ ᠤ | ᠲᠤᠰᠬᠠᠢ ᠲᠦᠷᠦᠯ ᠤᠨ ᠵᠢᠭᠡᠯᠡᠯᠭᠡ ᠳᠤ ᠤᠷᠤᠭᠤᠯᠬᠤ ᠶᠢ ᠢᠳᠡᠪᠬᠢᠳᠡᠢ ᠪᠠᠷ ᠲᠡᠮᠡᠴᠡᠨ ᠤᠯᠵᠤ᠂ ᠰᠤᠷᠭᠠᠨ ᠭᠦᠮᠦᠵᠢᠯ᠂ | ᠡᠷᠡᠭᠦᠯ ᠬᠠᠮᠠᠭᠠᠯᠠᠯ ᠪᠠ ᠬᠤᠳᠠ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢᠨ ᠲᠦᠷᠦᠯ | ᠵᠤᠶᠢᠯ ᠢ ᠯᠠᠪᠳᠠᠭᠤᠨ ᠢᠶᠠᠷ ᠲᠡᠭᠡᠭᠰᠢᠯᠡᠭᠦᠯᠵᠦ᠂ ᠤᠷᠤᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠯᠲᠡ ᠶᠢ ᠲᠦᠯᠬᠢᠨ ᠠᠬᠢᠭᠤᠯᠵᠤ᠂ ᠠᠷᠠᠳ ᠤᠯᠠᠨ ᠤ ᠵᠤᠯ ᠵᠢᠷᠭᠠᠯᠳᠤ ᠠᠮᠢᠳᠤᠷᠠᠯ ᠤᠨ ᠬᠠᠨᠤᠮᠵᠢ ᠶᠢᠨ | ᠭᠡᠮᠵᠢᠶ᠎ᠠ ᠶᠢ ᠲᠡᠭᠡᠭᠰᠢᠯᠡᠭᠦᠯᠭᠦ ᠳᠤ ᠪᠠᠳᠤ ᠪᠠᠬᠢ ᠰᠠᠭᠤᠷᠢ ᠶᠢ ᠲᠠᠯᠪᠢᠬᠤ ᠭᠡᠷᠡᠭᠳᠡᠢ ᠭᠡᠪᠡ᠃ |