ᠲᠠᠪᠣᠳᠣᠭᠠᠷ ᠬᠤᠭᠤᠴᠠᠭᠠᠨ ᠤ ︽ᠰᠠᠭᠠᠩ ᠰᠡᠴᠡᠨ ᠣᠳᠬ᠎ᠠ ᠣᠷᠠᠯᠢᠭ ᠤᠨ ᠵᠤᠬᠢᠶᠠᠨ ᠪᠦᠲᠦᠭᠡᠯᠭᠡ ᠶᠢᠨ ᠱᠠᠩᠨᠠᠯ︾ ᠤᠨ ᠠᠵᠢᠯᠯᠠᠭ᠎ᠠ ᠶᠢᠨ ᠱᠠᠩᠨᠠᠨ ᠬᠦᠬᠢᠬᠦᠯᠬᠦ ᠶᠣᠰᠣᠯᠠᠯ ᠶᠠᠪᠣᠭᠳᠠᠪᠠ
ᠨᠡᠶᠢᠲᠡᠯᠡᠭᠰᠡᠨ ᠴᠠᠭ᠄
2019-01-17
      ᠤᠶᠢᠷ᠎ᠠ ᠳᠤ᠂ ᠮᠠᠨ ᠤ ᠬᠤᠰᠢᠭᠤᠨ ᠤ ᠲᠠᠪᠣᠳᠣᠭᠠᠷ ᠬᠤᠭᠤᠴᠠᠭᠠᠨ ᠤ ︽ᠰᠠᠭᠠᠩ ᠰᠡᠴᠡᠨ ᠣᠳᠬ᠎ᠠ ᠣᠷᠠᠯᠢᠭ ᠤᠨ ᠵᠤᠬᠢᠶᠠᠨ ᠪᠦᠲᠦᠭᠡᠯᠭᠡ ᠶᠢᠨ ᠱᠠᠩᠨᠠᠯ︾ ᠤᠨ ᠠᠵᠢᠯᠯᠠᠭ᠎ᠠ ᠶᠢᠨ ᠱᠠᠩᠨᠠᠨ ᠬᠦᠬᠢᠬᠦᠯᠬᠦ ᠶᠣᠰᠣᠯᠠᠯ ᠬᠤᠰᠢᠭᠤ ᠰᠣᠶᠣᠯ ᠲᠠᠮᠢᠷ ᠤᠨ ᠣᠷᠳᠣᠨ ᠳᠤ ᠠᠮᠵᠢᠯᠳᠡ ᠲᠠᠢ ᠶᠠᠪᠣᠭᠳᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠾᠧ ᠤᠯᠠᠭᠠᠨ᠂ ᠯᠢ ᠬᠤᠩ ᠯᠢᠶᠠᠩ᠂ ᠣᠶᠣᠨᠪᠢᠯᠢᠭ᠌ ᠵᠢᠴᠢ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠶᠣᠰᠤᠯᠠᠯ  ᠳᠤ ᠣᠷᠣᠯᠴᠠᠭᠰᠠᠨ ᠪᠠᠶᠢᠨ᠎ᠠ᠃
     ᠳᠣᠰ ᠣᠳᠠᠭᠠᠨ ᠤ ︽ᠰᠠᠭᠠᠩ ᠰᠡᠴᠡᠨ ᠣᠳᠬ᠎ᠠ ᠣᠷᠠᠯᠢᠭ ᠤᠨ ᠵᠣᠬᠢᠶᠠᠨ ᠪᠦᠲᠦᠬᠡᠯᠭᠡ ᠶᠢᠨ ᠱᠠᠩᠨᠠᠯ︾ ᠤᠨ ᠬᠢᠨᠠᠨ ᠰᠢᠯᠭᠠᠷᠠᠭᠤᠯᠤᠯᠲᠠ ᠳᠤ 57 ᠣᠷᠠᠨ ᠪᠦᠲᠦᠭᠡᠯ ᠨᠡᠷ᠎ᠡ ᠮᠡᠳᠡᠭᠦᠯᠣᠨ ᠣᠷᠣᠯᠴᠠᠵᠣ᠂ ᠡᠯ᠎ᠡ ᠭᠤᠭᠴᠣᠭᠠᠨ ᠤ ᠬᠢᠨᠠᠨ ᠰᠢᠯᠭᠠᠷᠠᠭᠤᠯᠤᠯᠲᠠ ᠪᠠᠷ ᠲᠠᠮᠵᠢᠨ ᠨᠡᠷ᠎ᠡ ᠲᠣᠷᠠᠳᠣᠭᠰᠠᠨ ᠱᠠᠩᠨᠠᠯ 20 ᠨᠠᠷ᠎ᠠ᠂ ᠵᠤᠬᠢᠶᠠᠨ ᠪᠦᠲᠦᠭᠡᠯᠭᠡ ᠶᠢᠨ ᠱᠠᠩᠨᠠᠯ 4 ᠨᠠᠷ᠎ᠠ᠂ ᠣᠳᠬ᠎ᠠ ᠣᠷᠠᠯᠢᠭ ᠤᠨ ᠣᠨᠴᠠ ᠵᠢᠳᠬᠦᠯᠲᠡᠨ ᠤ ᠱᠠᠩᠨᠠᠯ 2 ᠨᠠᠷ᠎ᠠ ᠶᠢ ᠳᠣᠳᠣᠷᠠᠭᠤᠯᠣᠨ ᠲᠣᠰ ᠲᠣᠰ ᠱᠠᠩᠨᠠᠨ ᠬᠦᠬᠢᠭᠦᠯᠣᠭ᠍ᠰᠡᠨ ᠪᠠᠶᠢᠨ᠎ᠠ᠃  
     2009 ᠣᠨ ᠳᠤ᠂ ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠶᠡᠭᠡ ᠳᠡᠣᠬᠡᠴᠢ ᠪᠢᠴᠢᠭ ᠴᠡᠷᠢᠭ ᠤᠨ ᠡᠷᠳᠡᠮᠳᠡᠨ ᠰᠠᠭᠠᠡᠭ ᠰᠡᠴᠡᠨ ᠢ ᠳᠣᠷᠠᠰᠬᠠᠬᠤ ᠶᠢᠨ ᠳᠦᠯᠣᠭᠡ ︽ᠰᠠᠭᠠᠩ ᠰᠡᠴᠡᠨ ᠣᠳᠬ᠎ᠠ ᠣᠷᠠᠯᠢᠭ ᠤᠨ ᠵᠤᠬᠢᠶᠠᠨ ᠪᠦᠲᠦᠬᠡᠯᠬᠡ ᠶᠢᠨ ᠱᠠᠩᠨᠠᠯ︾ ᠢ ᠡᠬᠦᠰᠬᠡᠨ ᠪᠠᠶᠢᠭᠤᠯᠵᠣ᠂ ᠬᠤᠶᠠᠷ ᠵᠢᠯ ᠳᠤ ᠨᠢᠭᠡ ᠬᠤᠭᠤᠴᠠᠭ᠎ᠠ ᠡᠷᠬᠢᠯᠡᠨ ᠬᠢᠵᠣ ᠤᠳᠤ ᠲᠠᠪᠤᠳᠤᠭᠠᠷ ᠬᠤᠭᠤᠴᠠᠭ᠎ᠠ ᠪᠠᠨ ᠣᠭᠳᠣᠵᠣ᠂ ᠦᠤᠰᠢᠨ ᠨᠣᠳᠤᠭ ᠤᠨ ᠤᠳᠬ᠎ᠠ ᠤᠷᠠᠯᠢᠭ ᠤᠨ ᠵᠤᠬᠢᠶᠠᠨ ᠪᠦᠲᠦᠭᠡᠯᠲᠡ ᠶᠢᠨ ᠬᠦᠭᠵᠢᠯᠲᠡ ᠪᠣᠵᠠᠭᠠᠶᠢᠷᠠᠯᠳᠠ ᠳᠤ ᠯᠣᠳᠣ ᠶᠡᠭᠡ ᠲᠦᠯᠬᠢᠴᠡ ᠬᠦᠴᠦᠨ ᠨᠠᠮᠠᠷᠢᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号